ᠮᠠᠰᠢᠨ ᠲᠡᠷᠭᠡᠨ ᠤ ᠳᠠᠩᠰᠠᠯᠠᠯ ᠪᠦᠷᠢᠳᠭᠡᠯ ᠢᠶᠠᠨ ᠬᠤᠪᠢᠷᠠᠭᠤᠯᠬᠤ ᠲᠣᠬᠠᠶᠢᠯᠠᠭᠰᠠᠨ ᠠᠵᠢᠯ ᠢ ᠭᠦᠢᠴᠡᠳᠬᠡᠬᠦ | ᠵᠥᠭᠯᠡᠭᠦᠷ | ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄ ᠮᠠᠰᠢᠨ ᠲᠡᠷᠭᠡᠨ ᠤ ᠦᠮᠴᠢᠯᠡᠭᠴᠢ ᠶᠢᠨ ᠣᠪᠣᠭ ᠨᠡᠷ᠎ᠡ ︵ | ᠨᠢᠭᠡᠴᠡ ᠶᠢᠨ ᠨᠡᠷᠡᠶᠢᠳᠦᠯ︶ ᠶᠢ ᠬᠤᠪᠢᠷᠠᠭᠤᠯᠬᠤ᠂ ᠠᠯᠪᠠᠨ ᠲᠠᠮᠠᠭ᠎ᠠ ᠶᠢᠨ ᠶᠠᠩᠵᠤ ᠬᠡᠯᠪᠡᠷᠢ ᠶᠢ ᠬᠤᠪᠢᠷᠠᠭᠤᠯᠬᠤ᠂ | ᠬᠠᠷᠢᠯᠴᠠᠬᠤ ᠬᠡᠯᠪᠡᠷᠢ ᠪᠠᠨ ᠬᠤᠪᠢᠷᠠᠭᠤᠯᠬᠤ᠂ ᠮᠠᠰᠢᠨ ᠲᠡᠷᠭᠡ ᠶᠢᠨ ᠦᠮᠴᠢᠯᠡᠭᠴᠢ ᠶᠢᠨ ᠪᠡᠶ᠎ᠡ ᠶᠢᠨ ᠭᠡᠷᠡᠴᠢ ᠶᠢᠨ | ᠨᠣᠮᠧᠷ ᠢ ᠬᠤᠪᠢᠷᠠᠭᠤᠯᠬᠤ᠃ | ᠬᠤᠶᠠᠷ᠂ ᠲᠣᠰᠢᠶᠠᠬᠤ ᠮᠠᠲ᠋ᠧᠷᠢᠶᠠᠯ᠄ | 1. ᠬᠤᠪᠢᠷᠠᠭᠤᠯᠣᠭᠰᠠᠨ ᠤ ᠳᠠᠷᠠᠭᠠᠬᠢ ᠮᠠᠰᠢᠨ ᠲᠡᠷᠭᠡᠨ ᠤ ᠦᠮᠴᠢᠯᠡᠭᠴᠢ ᠶᠢᠨ ᠪᠡᠶ᠎ᠡ ᠶᠢᠨ ᠭᠡᠷᠡᠴᠢ ᠂ ᠭᠠᠷᠳᠠᠨ | ᠭᠦᠢᠴᠡᠳᠬᠡᠭᠴᠢ ᠶᠢᠨ ᠪᠡᠶ᠎ᠡ ᠶᠢᠨ ᠭᠡᠷᠡᠴᠢ ᠶᠢᠨ ᠬᠠᠭᠤᠯᠪᠤᠷᠢ ︵A4 ᠴᠠᠭᠠᠰᠤ︶᠃ ︵ᠬᠤᠪᠢ ᠬᠥᠮᠥᠨ᠄ ᠪᠡᠶ᠎ᠡ ᠶᠢᠨ | ᠦᠨᠡᠮᠯᠡᠯ ᠪᠤᠶᠤ ᠡᠷᠦᠬᠡ ᠠᠮᠠ ᠶᠢᠨ ᠳᠠᠩᠰᠠ︔ ᠨᠢᠭᠡᠴᠡ᠄ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ︔ | ᠲᠤᠰ ᠬᠤᠲᠠ ᠶᠢᠨ ᠪᠣᠰᠤ ᠬᠥᠮᠥᠰ ᠪᠣᠯ ︽ᠲᠦᠷ ᠰᠠᠭᠤᠬᠤ ᠭᠡᠷᠡᠴᠢ︾ ᠶᠢ ᠲᠤᠰᠢᠶᠠᠨ᠎ᠠ᠃︶ | 2. ᠬᠤᠯᠪᠣᠭᠳᠠᠯ ᠪᠦᠬᠦᠢ ᠨᠢᠭᠡᠴᠡ ᠶᠢᠨ ᠬᠢᠵᠦ ᠥᠭᠭᠦᠭᠰᠡᠨ ᠬᠠᠤᠯᠢ ᠪᠠᠷ ᠲᠣᠭᠲᠠᠭᠠᠭᠰᠠᠨ ᠬᠥᠴᠦᠨ ᠪᠦᠬᠦᠢ ᠭᠡᠷᠡᠴᠢ᠃ | | 3. ᠮᠠᠰᠢᠨ ᠲᠡᠷᠭᠡᠨ ᠤ ᠪᠦᠷᠢᠳᠬᠡᠯ ᠤᠨ ᠦᠨᠡᠮᠯᠡᠯ᠃ | 4. ︽ᠮᠠᠰᠢᠨ ᠲᠡᠷᠭᠡᠨ ᠤ ᠳᠠᠩᠰᠠᠯᠠᠯ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠂ ︽ᠮᠠᠰᠢᠨ | ᠲᠡᠷᠭᠡᠨ ᠤ ᠪᠦᠷᠢᠳᠬᠡᠯ ᠤᠨ ᠲᠣᠬᠠᠶᠢᠯᠠᠭᠰᠠᠨ ᠠᠵᠢᠯ ᠤᠨ ᠴᠤᠪᠤᠷᠠᠯ ᠬᠠᠭᠤᠳᠠᠰᠤ︾᠃ ︵ᠠᠯᠪᠠᠨ ᠤ ᠮᠠᠰᠢᠨ ᠲᠡᠷᠭᠡ᠄ | ᠨᠢᠭᠡᠴᠡ ᠠᠯᠪᠠᠨ ᠲᠠᠮᠠᠭ᠎ᠠ ᠪᠠᠨ ᠳᠠᠷᠣᠨ᠎ᠠ︔ ᠬᠤᠪᠢ ᠶᠢᠨ ᠮᠠᠰᠢᠨ ᠲᠡᠷᠭᠡ᠄ ᠭᠠᠷ ᠤᠨ ᠢᠶᠠᠨ ᠦᠰᠦᠭ ᠵᠢᠷᠣᠨ᠎ᠠ︶ | ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠬᠦ | 1. ᠬᠤᠪᠢ ᠶᠢᠨ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ ᠨᠠᠶᠢᠳᠠᠯᠭ᠎ᠠ ᠶᠢᠨ | ᠪᠢᠴᠢᠭ᠂ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ | ᠬᠠᠭᠤᠯᠪᠤᠷᠢ ᠶᠢ ᠲᠤᠰᠢᠶᠠᠨ᠎ᠠ᠃ | 2. ᠠᠯᠪᠠᠨ ᠤ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠨᠢᠭᠡᠴᠡ ᠶᠢᠨ ᠢᠶᠠᠨ ᠲᠠᠨᠢᠯᠴᠠᠭᠤᠯᠭ᠎ᠠ ᠶᠢᠨ ᠪᠢᠴᠢᠭ᠂ | ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠬᠠᠭᠤᠯᠪᠤᠷᠢ᠂ ︽ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃ | 3. ᠬᠠᠨᠢ ᠨᠥᠬᠦᠷ ᠤᠨ ᠬᠠᠷᠢᠴᠠᠭ᠎ᠠ ᠲᠠᠢ ᠪᠣᠯ ︽ᠣᠷᠤᠭ ᠤᠨ ᠦᠨᠡᠮᠯᠡᠯ︾᠂ ᠬᠤᠶᠠᠷ ᠡᠲᠡᠭᠡᠳ ︽ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃ | 4. ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ ᠲᠦᠷᠦᠯ ᠤᠨ | ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ︾ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃ | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ |