ᠲᠣᠮᠳᠠᠳᠣ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠤᠯᠢ ᠴᠠᠭᠠᠵᠠ ᠶᠢᠨ ᠰᠢᠰᠲ᠋ᠧᠮ ᠤᠨ ᠤᠨᠴᠠᠯᠢᠭ ᠢ ᠬᠡᠷᠬᠢᠨ ᠤᠢᠢᠯᠠᠭᠠᠬᠤ ᠪᠤᠢ︖
ᠨᠡᠶᠢᠲᠡᠯᠡᠭᠰᠡᠨ ᠴᠠᠭ᠄
2018/6/26
 ᠲᠣᠮᠳᠠᠳᠣ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠤᠯᠢ ᠴᠠᠭᠠᠵᠠ ᠶᠢᠨ ᠰᠢᠰᠲ᠋ᠧᠮ ᠤᠨ ᠤᠨᠴᠠᠯᠢᠭ ᠢ ᠬᠡᠷᠬᠢᠨ ᠤᠢᠢᠯᠠᠭᠠᠬᠤ ᠪᠤᠢ︖     ᠡᠯ᠎ᠠ ᠤᠯᠤᠰ ᠤᠨ ᠲᠡᠤᠬᠡ ᠰᠤᠶᠤᠯ ᠤᠨ ᠤᠯᠠᠮᠵᠢᠯᠠᠯ᠂ ᠤᠯᠤᠰ ᠤᠨ ᠪᠤᠳᠠᠲᠤ ᠪᠠᠶᠢᠳᠠᠯ ᠪᠠ ᠬᠦᠭᠵᠢᠯᠲᠡ ᠶᠢᠨ ᠵᠠᠮ ᠨᠢ ᠠᠳᠠᠯᠢ ᠪᠤᠰᠤ ᠪᠠᠶᠢᠳᠠᠭ᠃ ᠨᠡᠶᠢᠭᠡᠮ ᠤᠨ ᠪᠠᠶᠢᠭᠤᠯᠤᠯ᠂ ᠵᠠᠰᠠᠭ ᠵᠠᠬᠢᠷᠭᠠᠨ ᠤ ᠪᠠᠶᠢᠭᠤᠯᠤᠯ ᠪᠠ ᠠᠵᠤ ᠠᠬᠤᠢ ᠶᠢᠨ ᠪᠠᠶᠢᠭᠤᠯᠤᠯ ᠨᠢ ᠴᠤ ᠠᠳᠠᠯᠢ ᠪᠤᠰᠤ ᠪᠠᠶᠢᠳᠠᠭ᠃ ᠡᠳᠡᠭᠡᠷ ᠨᠢ ᠡᠯ᠎ᠠ ᠤᠯᠤᠰ ᠤᠨ ᠬᠠᠤᠯᠢ ᠴᠠᠭᠠᠵᠠ ᠶᠢᠨ ᠰᠢᠰᠲ᠋ᠧᠮ ᠨᠢ ᠯᠠᠪᠲᠠᠢ ᠠᠳᠠᠯᠢ ᠪᠤᠰᠤ ᠤᠨᠴᠠᠯᠢᠭ ᠲᠠᠢ ᠪᠤᠯᠬᠤ ᠶᠢ ᠲᠤᠭᠲᠠᠭᠠᠵᠠᠢ᠃ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠤᠯᠢ ᠴᠠᠭᠠᠵᠠ ᠶᠢᠨ ᠰᠢᠰᠲ᠋ᠧᠮ ᠪᠤᠯ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠠᠪᠤᠭᠠᠳ᠂ ᠤᠨᠴᠠᠭᠠᠢᠢᠯᠠᠨ ᠦᠭᠡᠷᠡᠴᠢᠯᠡᠯᠲᠡ ᠨᠡᠭᠡᠭᠡᠯᠳᠡ ᠬᠢᠭᠰᠡᠨ 40 ᠵᠢᠯ ᠤᠨ ᠲᠤᠷᠰᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠦᠢᠯᠡᠳᠦᠯᠭᠡ ᠲᠤᠷᠰᠢᠯᠭ᠎ᠠ ᠶᠢᠨ ᠳᠦᠷᠢᠮᠵᠢᠯ᠂ ᠬᠠᠤᠯᠢᠵᠢᠯ ᠤᠨ ᠲᠦᠪᠯᠡᠷᠡᠩᠭᠦᠢ ᠢᠯᠡᠷᠡᠯ ᠪᠣᠯᠣᠨ᠎ᠠ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠮᠠᠰᠢ ᠢᠯᠡ ᠲᠤᠳᠤ ᠤᠨᠴᠠᠯᠢᠭ ᠲᠠᠢ᠄ ︵1︶ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠤᠯᠢ ᠴᠠᠭᠠᠵᠠ ᠶᠢᠨ ᠰᠢᠰᠲ᠋ᠧᠮ ᠨᠢ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠮᠦᠨ ᠴᠢᠨᠠᠷ ᠤᠨ ᠱᠠᠭᠠᠷᠳᠠᠯᠭ᠎ᠠ ᠶᠢ ᠢᠯᠡᠷᠡᠭᠦᠯᠪᠡ᠃ ︵2︶ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠤᠯᠢ ᠴᠠᠭᠠᠵᠠ ᠶᠢᠨ ᠰᠢᠰᠲ᠋ᠧᠮ ᠨᠢ ᠦᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠦᠮ ᠤᠨ ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠠᠭ ᠦᠶ᠎ᠠ ᠶᠢᠨ ᠱᠠᠭᠠᠷᠳᠠᠯᠭ᠎ᠠ ᠶᠢ ᠢᠯᠡᠷᠡᠭᠦᠯᠪᠡ᠃ ︵3︶ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠤᠯᠢ ᠴᠠᠭᠠᠵᠠ ᠶᠢᠨ ᠰᠢᠰᠲ᠋ᠧᠮ ᠨᠢ ᠪᠦᠲᠦᠴᠡ ᠶᠢᠨ ᠲᠤᠲᠤᠭᠠᠳᠤ ᠨᠢᠭᠡᠳᠦᠯ ᠬᠢᠭᠡᠳ ᠤᠯᠠᠨ ᠳᠡᠰ ᠳᠠᠪᠬᠤᠷᠭ᠎ᠠ ᠶᠢᠨ ᠤᠯᠤᠰ ᠤᠨ ᠪᠠᠶᠢᠳᠠᠯ ᠤᠨ ᠱᠠᠭᠠᠷᠳᠠᠯᠭ᠎ᠠ ᠶᠢ ᠢᠯᠡᠷᠡᠭᠦᠯᠪᠡ᠃ ︵4︶ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠤᠯᠢ ᠴᠠᠭᠠᠵᠠ ᠶᠢᠨ ᠰᠢᠰᠲ᠋ᠧᠮ ᠨᠢ ᠳᠤᠮᠳᠠᠳᠤ ᠤᠯᠤᠰ ᠤᠨ ᠬᠠᠤᠯᠢᠵᠢᠯ ᠤᠨ ᠰᠤᠶᠤᠯ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ᠂ ᠬᠦᠮᠦᠨ ᠲᠦᠷᠦᠯᠬᠢᠲᠡᠨ ᠤ ᠬᠠᠤᠯᠢᠵᠢᠯ ᠤᠨ ᠪᠤᠯᠪᠠᠰᠤᠨ ᠦᠷ᠎ᠠ ᠪᠦᠲᠦᠭᠡᠯ ᠢ ᠳᠣᠯᠢᠯᠠᠨ ᠠᠰᠢᠬᠯᠠᠬᠤ ᠰᠤᠶᠤᠯ ᠤᠨ ᠱᠠᠭᠠᠷᠳᠠᠯᠭ᠎ᠠ ᠶᠢ ᠢᠯᠡᠷᠡᠭᠦᠯᠪᠡ᠃ ︵5︶ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠤᠯᠢ ᠴᠠᠭᠠᠵᠠ ᠶᠢᠨ ᠰᠢᠰᠲ᠋ᠧᠮ ᠨᠢ ᠬᠦᠳᠡᠯᠦᠩᠭᠦᠢ᠂ ᠨᠡᠬᠡᠬᠡᠯᠲᠡᠲᠤ᠂ ᠴᠠᠭ ᠦᠶ᠎ᠠ ᠶᠢ ᠲᠠᠭᠠᠨ ᠪᠦᠬᠦ ᠳᠠᠯ᠎ᠠ ᠪᠠᠷ ᠤᠷᠤᠭᠰᠢᠯᠠᠬᠤ ᠬᠦᠭᠵᠢᠯᠲᠠ ᠶᠢᠨ ᠱᠠᠭᠠᠷᠳᠠᠯᠭ᠋ ᠎ᠠ ᠶᠢ ᠢᠯᠡᠷᠡᠭᠦᠯᠪᠡ᠃ ᠢᠷᠡᠯᠲᠡ᠄ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号