ᠵᠠᠰᠠᠪᠤᠷᠢ ᠤᠷᠤᠭᠤᠯᠤᠭᠰᠠᠨ ︽ᠳᠤᠰᠬᠠᠢ ᠬᠤᠷᠰᠢᠶ᠎ᠠ ᠶᠢᠨ ᠬᠠᠤᠯᠢ︾ ᠳᠠᠷᠢᠶᠠᠴᠢᠳ ᠲᠤ ᠶᠠᠮᠠᠷ ᠠᠰᠢᠭ ᠲᠣᠰᠠ ᠬᠦᠷᠳᠡᠭᠡᠬᠦ ᠪᠣᠢ︖
ᠨᠡᠶᠢᠲᠡᠯᠡᠭᠰᠡᠨ ᠴᠠᠭ᠄
2018/6/26
ᠵᠠᠰᠠᠪᠤᠷᠢ ᠤᠷᠤᠭᠤᠯᠤᠭᠰᠠᠨ ︽ᠳᠤᠰᠬᠠᠢ ᠬᠤᠷᠰᠢᠶ᠎ᠠ ᠶᠢᠨ ᠬᠠᠤᠯᠢ︾ ᠳᠠᠷᠢᠶᠠᠴᠢᠳ ᠲᠤ ᠶᠠᠮᠠᠷ ᠠᠰᠢᠭ ᠲᠣᠰᠠ ᠬᠦᠷᠳᠡᠭᠡᠬᠦ ᠪᠣᠢ︖     2017 ᠤᠨ ᠤ 12 ᠰᠠᠷ᠎ᠠ ᠶᠢᠨ 27 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠤᠳᠠᠭᠠᠨ ᠤ ᠬᠤᠷᠠᠯ ᠲᠡᠬᠦᠰᠴᠦ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠬᠠᠤᠯᠢ ᠶᠢ ᠪᠠᠳᠤᠯᠠᠪᠠ᠃ ᠵᠠᠰᠠᠪᠤᠷᠢ ᠤᠷᠤᠭᠤᠯᠤᠭᠰᠠᠨ ᠤ ᠳᠠᠷᠠᠭᠠᠬᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠬᠠᠤᠯᠢ︾ ᠶᠢ 2018 ᠤᠨ ᠤ 7 ᠰᠠᠷ᠎ᠠ ᠶᠢᠨ 1 ᠤ ᠡᠳᠦᠷ ᠠᠴᠠ ᠡᠬᠢᠯᠡᠨ ᠭᠡᠷᠡᠭᠵᠢᠬᠦᠯᠦᠨ᠎ᠡ᠃     ᠡᠨᠡ ᠤᠳᠠᠭ᠎ᠠ ᠵᠠᠰᠠᠪᠤᠷᠢ ᠤᠷᠤᠭᠤᠯᠤᠭᠰᠠᠨ ᠨᠢ ᠭᠤᠤᠯᠳᠠᠭᠤ ᠳᠤᠤᠷᠠᠬᠢ ᠭᠡᠳᠦᠨ ᠳᠠᠯ᠎ᠠ ᠶᠢᠨ ᠠᠭᠤᠯᠭ᠎ᠠ ᠪᠤᠢ ᠄ᠡᠩ ᠳᠠᠷᠢᠬᠦᠨ ᠳᠤ᠂ ᠵᠠᠰᠠᠪᠤᠷᠢ ᠤᠷᠤᠭᠤᠯᠤᠭᠰᠠᠨ ᠤ ᠳᠠᠷᠠᠭᠠᠬᠢ ᠳᠤᠭᠳᠠᠭᠠᠯ ᠢᠶᠠᠷ ︽ᠳᠠᠷᠢᠶᠠᠴᠢᠨ ᠤ ᠳᠤᠰᠬᠠᠢ ᠬᠤᠷᠰᠢᠶ᠎ᠠ ᠨᠢ ᠪᠤᠰᠤᠳ ᠵᠠᠬ᠎ᠠ ᠲᠡᠯᠭᠡᠬᠦᠷ ᠤᠨ ᠭᠤᠤᠯ ᠴᠤᠭᠴᠠ ᠲᠠᠢ ᠡᠷᠭᠡ ᠲᠡᠭᠰᠢ ᠬᠠᠤᠯᠢ ᠴᠠᠭᠠᠵᠠ ᠶᠢᠨ ᠪᠠᠶᠢᠷᠢ ᠰᠠᠭᠤᠷᠢ ᠲᠠᠢ ᠪᠠᠶᠢᠬᠤ ᠶᠢ ᠤᠯᠤᠰ ᠠᠴᠠ ᠪᠠᠳᠤᠯᠠᠨ᠎ᠠ︾᠃ᠢᠩᠬᠢᠭᠰᠡᠨ ᠠᠴᠠ ᠳᠠᠷᠢᠶᠠᠴᠢᠨ ᠤ ᠳᠤᠰᠬᠠᠢ ᠬᠤᠷᠰᠢᠶ᠎ᠠ ᠵᠢᠴᠢ ᠲᠡᠬᠦᠨ ᠤ ᠭᠡᠰᠢᠬᠦᠳ ᠤᠨ ᠡᠷᠭᠡ ᠠᠰᠢᠬ ᠢ ᠬᠠᠮᠠᠭᠠᠯᠠᠵᠤ᠂ ᠬᠠᠤᠯᠢ ᠶᠢᠨ ᠦᠨᠳᠦᠰᠦᠯᠡᠯ ᠲᠠᠢ ᠪᠤᠯᠭᠠᠪᠠ᠃ ᠵᠢᠱᠢᠶᠡᠯᠡᠪᠡᠯ᠂ ᠵᠠᠰᠠᠪᠤᠷᠢ ᠤᠷᠤᠭᠤᠯᠤᠭᠰᠠᠨ ᠠᠭᠤᠯᠭ᠎ᠠ ᠳᠤ ᠭᠡᠯᠡᠭᠰᠡᠨᠴᠢᠯᠡᠨ ︽ᠳᠠᠷᠢᠶᠠᠴᠢᠨ ᠤ ᠳᠤᠰᠬᠠᠢ ᠬᠤᠷᠰᠢᠶ᠎ᠠ ᠨᠢ ᠬᠠᠤᠯᠢ ᠶᠤᠰᠤᠭᠠᠷ ᠺᠤᠮᠫᠠᠨᠢ ᠵᠡᠷᠭᠡ ᠠᠵᠤ ᠠᠬᠤᠢᠢᠯᠠᠯ ᠳᠤ ᠪᠡᠯᠡ ᠤᠷᠤᠭᠤᠯᠵᠤ ᠪᠤᠯᠤᠨ᠎ᠠ︾᠃ ᠡᠨᠡ ᠨᠢ ᠮᠦᠨᠴᠦ ᠵᠠᠬ᠎ᠠ ᠲᠡᠯᠭᠡᠬᠦᠷ ᠤᠨ ᠳᠤᠮᠳᠠᠬᠢ ᠡᠩ ᠤᠨ ᠠᠵᠤ ᠠᠬᠤᠢᠢᠯᠠᠯ ᠤᠨ ᠴᠢᠬᠤᠯᠠ ᠤᠨᠴᠠᠯᠢᠬ ᠢ ᠬᠠᠷᠠᠭᠤᠯᠵᠤ᠂ ᠳᠠᠷᠢᠶᠠᠴᠢᠨ ᠤ ᠳᠤᠰᠬᠠᠢ ᠬᠤᠷᠰᠢᠶ᠎ᠠ ᠨᠢ ᠪᠤᠰᠤᠳ ᠵᠠᠬ᠎ᠠ ᠲᠡᠯᠭᠡᠬᠦᠷ ᠤᠨ ᠭᠤᠤᠯ ᠴᠤᠭᠴᠠ ᠲᠠᠢ ᠡᠷᠭᠡ ᠲᠡᠭᠰᠢ ᠡᠷᠭᠡ ᠶᠢ ᠡᠳ᠋ᠯᠡᠬᠦ ᠪᠣᠯᠣᠨ᠎ᠠ᠃     ᠬᠤᠶᠠᠷ ᠲᠤ᠂ ᠪᠡᠯᠡ ᠤᠷᠤᠭᠤᠯᠬᠤ ᠭᠡᠯᠪᠡᠷᠢ ᠶᠢᠨ ᠳᠤᠬᠠᠢ ᠵᠠᠰᠠᠪᠤᠷᠢ ᠤᠷᠤᠭᠤᠯᠬᠤ ᠳᠤᠮᠳᠠ ᠠᠭᠤᠵᠢᠮ ᠲᠦᠷᠦ ᠶᠢᠨ ᠪᠣᠳᠣᠯᠭ᠎ᠠ ᠳᠠᠯᠪᠢᠵᠤ᠂ ︽ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠭᠡᠰᠢᠬᠦᠳ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ᠂ ᠤᠢ ᠰᠢᠭᠤᠢ ᠶᠢᠨ ᠡᠵᠡᠩᠨᠡᠯᠳᠡ ᠶᠢᠨ ᠡᠷᠭᠡ ᠵᠡᠷᠭᠡ ᠪᠠᠷ ᠢᠶᠠᠨ ᠦᠨ᠎ᠡ ᠲᠦᠰᠦᠭᠡᠯᠡᠨ ᠪᠡᠯᠡ ᠤᠷᠤᠭᠤᠯᠵᠤ ᠪᠤᠯᠬᠤ ᠮᠦᠷᠲᠡᠭᠡᠨ ᠬᠠᠤᠯᠢ ᠶᠤᠰᠤᠭᠠᠷ ᠰᠢᠯᠵᠢᠬᠦᠯᠦᠭᠰᠡᠨ ᠵᠤᠭᠤᠰ ᠤᠨ ᠪᠤᠰᠤ ᠡᠳ᠋ ᠬᠦᠷᠦᠩᠭᠡ ᠪᠠᠷ ᠢᠶᠠᠨ ᠪᠡᠯᠡ ᠤᠷᠤᠭᠤᠯᠵᠤ ᠪᠤᠯᠤᠨ᠎ᠠ︾ ᠭᠡᠪᠡ᠃ᠡᠨᠡ ᠨᠢ ᠳᠠᠷᠤᠢ ᠲᠦᠷᠢᠮ ᠳᠤᠭᠳᠠᠭᠠᠯ ᠳᠤ ᠨᠡᠶᠢᠴᠡᠵᠦ ᠂ ᠪᠦᠬᠦ ᠭᠡᠰᠢᠬᠦᠳ ᠵᠦᠪᠰᠢᠶᠡᠷᠡᠨ᠂ ᠬᠠᠤᠯᠢ ᠴᠠᠭᠠᠵᠠ ᠪᠠ ᠵᠠᠰᠠᠭ ᠵᠠᠬᠢᠷᠭᠠᠨ ᠤ ᠳᠤᠭᠳᠠᠭᠠᠯ ᠳᠤ ᠨᠡᠶᠢᠴᠡᠳᠡᠭ ᠯᠡ ᠪᠤᠯ ᠴᠦᠮ ᠬᠡᠷᠡᠭᠵᠢᠭᠦᠯᠵᠦ ᠪᠤᠯᠤᠨ᠎ᠠ ᠭᠡᠰᠡᠨ ᠦᠭᠡ᠃ ᠡᠬᠦᠨ ᠳᠤ ︽ᠭᠡᠰᠢᠬᠦᠳ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ ᠵᠡᠷᠭᠡ ᠡᠳ᠋ ᠬᠦᠷᠦᠩᠭᠡ ᠪᠠᠨ ᠦᠨᠡᠯᠡᠨ ᠪᠡᠯᠡ ᠤᠷᠤᠭᠤᠯᠵᠤ ᠪᠤᠯᠤᠨ᠎ᠡ︾ ᠭᠡᠵᠦ ᠳᠤᠳᠤᠷᠬᠠᠢᠢᠯᠠᠭᠰᠠᠨ ᠨᠢ ᠪᠡᠯᠡ ᠤᠷᠤᠭᠤᠯᠤᠯᠳᠠ ᠶᠢᠨ ᠤᠯᠠᠨ ᠶᠠᠩᠵᠤᠳᠤ ᠴᠢᠨᠠᠷ ᠢ ᠬᠠᠷᠠᠭᠤᠯᠵᠤ᠂ ᠳᠠᠷᠢᠶᠠᠴᠢᠨ ᠤ ᠳᠤᠰᠬᠠᠢ ᠬᠤᠷᠰᠢᠶ᠎ᠠ ᠵᠢᠴᠢ ᠭᠡᠰᠢᠬᠦᠳ ᠤᠨ ᠡᠷᠭᠡ ᠠᠰᠢᠬ ᠢ ᠬᠠᠮᠠᠭᠠᠯᠠᠬᠤ ᠠᠷᠭ᠎ᠠ ᠪᠠᠷᠢᠯ ᠢ ᠤᠯᠠᠮ ᠴᠢᠨᠠᠬᠰᠢᠳᠠ ᠴᠢᠩᠭᠠᠷᠠᠭᠤᠯᠤᠨ᠂ ᠳᠠᠷᠢᠶᠠᠴᠢᠨ ᠤ ᠳᠤᠰᠬᠠᠢ ᠬᠤᠷᠰᠢᠶ᠎ᠠ ᠶᠢ ᠲᠡᠳᠬᠦᠬᠦ ᠠᠷᠭ᠎ᠠ ᠪᠠᠷᠢᠯ ᠢᠶᠠᠨ ᠨᠡᠮᠡᠭᠳᠡᠬᠦᠯᠵᠦ᠂ ᠳᠠᠷᠢᠶᠠᠴᠢᠨ ᠡᠷᠦᠭᠡ ᠶᠢᠨ ᠪᠡᠯᠡ ᠤᠷᠤᠭᠤᠯᠬᠤ ᠢᠳᠡᠪᠬᠢᠵᠢᠯ ᠢ ᠲᠡᠭᠡᠭᠰᠢᠯᠡᠬᠦᠯᠬᠦ ᠳᠤ ᠠᠰᠢᠬᠳᠠᠢ᠃     ᠭᠤᠷᠪᠠ ᠳᠤ᠂ ᠰᠢᠨ᠎ᠠ ᠬᠠᠤᠯᠢ ᠨᠢ ᠭᠡᠰᠢᠬᠦᠳ ᠤᠨ ᠰᠢᠨ᠎ᠡ ᠪᠠᠷ ᠬᠤᠷᠰᠢᠶᠠᠨ ᠳᠤ ᠤᠷᠤᠬᠤ ᠪᠠ ᠨᠠᠷ᠎ᠠ ᠶᠢ ᠨᠢ ᠬᠠᠰᠤᠬᠤ᠂ ᠠᠰᠢᠬ ᠬᠤᠨᠵᠢᠪᠤᠷᠢ ᠪᠠᠨ ᠬᠤᠪᠢᠶᠠᠷᠢᠯᠠᠬᠤ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠬᠠᠮᠢᠶ᠎ᠠ ᠪᠦᠬᠦᠢ ᠵᠦᠢᠯ ᠳᠤ ᠵᠠᠰᠠᠪᠤᠷᠢ ᠤᠷᠤᠭᠤᠯᠤᠨ ᠲᠡᠬᠦᠯᠳᠡᠷᠵᠢᠬᠦᠯᠦᠭᠰᠡᠨ ᠪᠦᠭᠡᠳ ᠭᠡᠰᠢᠬᠦᠨ ᠤ ᠨᠠᠷ᠎ᠠ ᠶᠢ ᠬᠠᠰᠤᠬᠤ ᠪᠠᠶᠢᠳᠠᠯ ᠤᠨ ᠲᠡᠰ ᠳᠠᠷᠠᠭ᠎ᠠ ᠶᠢ ᠲᠡᠬᠦᠯᠳᠡᠷᠵᠢᠬᠦᠯᠦᠨ ᠳᠤᠭᠳᠠᠭᠠᠪᠠ᠄︽ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠭᠡᠰᠢᠬᠦᠨ ᠳᠠᠷᠢᠶᠠᠴᠢᠨ ᠤ ᠳᠤᠰᠬᠠᠢ ᠬᠤᠷᠰᠢᠶᠠᠨ ᠤ ᠲᠦᠷᠢᠮ ᠳᠤᠭᠳᠠᠭᠠᠯ ᠢ ᠵᠢᠷᠤᠮᠯᠠᠬᠤ ᠦᠭᠡᠢ᠂ ᠭᠡᠰᠢᠬᠦᠳ ᠤᠨ ᠬᠤᠷᠠᠯ ᠪᠤᠶᠤ ᠭᠡᠰᠢᠬᠦᠳ ᠤᠨ ᠲᠦᠯᠦᠭᠡᠯᠡᠭᠴᠢᠳ ᠤᠨ ᠬᠤᠷᠠᠯ ᠤᠨ ᠰᠢᠢᠳᠪᠦᠷᠢ ᠶᠢ ᠵᠢᠷᠤᠮᠯᠠᠬᠤ ᠦᠭᠡᠢ ᠂ ᠡᠰᠡᠬᠦᠯ᠎ᠡ ᠭᠡᠰᠢᠬᠦᠳ ᠵᠢᠴᠢ ᠳᠠᠷᠢᠶᠠᠴᠢᠨ ᠤ ᠳᠤᠰᠬᠠᠢ ᠬᠤᠷᠰᠢᠶᠠᠨ ᠤ ᠠᠰᠢᠬ ᠳᠤᠰᠠ ᠶᠢ ᠬᠦᠨᠳᠦ ᠨᠤᠴᠢᠳᠠᠢ ᠬᠤᠬᠢᠷᠠᠭᠤᠯᠤᠭᠰᠠᠨ ᠪᠤᠯ ᠨᠠᠷ᠎ᠠ ᠶᠢ ᠨᠢ ᠬᠠᠰᠤᠵᠤ ᠪᠤᠯᠤᠨ᠎ᠠ︾᠃     ᠲᠦᠷᠪᠡ ᠳᠤ᠂ ︽ᠳᠠᠷᠢᠶᠠᠴᠢᠨ ᠤ ᠳᠤᠰᠬᠠᠢ ᠬᠤᠷᠰᠢᠶᠠᠨ ᠤ ᠬᠤᠯᠪᠤᠭᠠᠳᠤ ᠬᠤᠷᠰᠢᠶ᠎ᠠ︾ ᠶᠢ ᠨᠡᠮᠡᠪᠡ᠃ᠳᠠᠷᠢᠶᠠᠴᠢᠨ ᠤ ᠳᠤᠰᠬᠠᠢ ᠬᠤᠷᠰᠢᠶ᠎ᠠ ᠨᠢ ᠰᠠᠶᠢᠨ ᠳᠤᠷ᠎ᠠ ᠶᠢᠨ᠂ ᠡᠷᠭᠡ ᠲᠡᠭᠰᠢ᠂ ᠬᠠᠷᠢᠯᠴᠠᠨ ᠠᠰᠢᠬᠳᠠᠢ ᠵᠠᠷᠴᠢᠮ ᠢᠶᠠᠷ ᠬᠤᠯᠪᠤᠭᠠᠳᠤ ᠬᠤᠷᠰᠢᠶ᠎ᠠ ᠪᠠᠶᠢᠭᠤᠯᠬᠤ ᠪᠤᠯ ᠲᠡᠯᠡᠭᠡᠢ ᠶᠢᠨ ᠡᠯ᠎ᠡ ᠤᠯᠤᠰ ᠤᠨ ᠬᠤᠷᠰᠢᠶ᠎ᠠ ᠶᠢᠨ ᠬᠦᠭᠵᠢᠯᠳᠡ ᠶᠢᠨ ᠨᠡᠶᠢᠳᠡᠮ ᠤᠨ ᠬᠢᠳᠡᠯ ᠶᠤᠮ᠃ ᠤᠳᠤᠬᠠᠨ ᠳᠤ ᠮᠠᠨ ᠤ ᠤᠯᠤᠰ ᠲᠤ 7200 ᠭᠠᠷᠤᠢ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠬᠤᠯᠪᠤᠭᠠᠳᠤ ᠬᠤᠷᠰᠢᠶ᠎ᠠ ᠪᠠᠶᠢᠵᠤ᠂ 9.4 ᠲᠦᠮᠡ ᠭᠠᠷᠤᠢ ᠳᠠᠷᠢᠶᠠᠴᠢᠨ ᠤ ᠳᠤᠰᠬᠠᠢ ᠬᠤᠷᠰᠢᠶ᠎ᠠ ᠶᠢ ᠪᠠᠭᠳᠠᠭᠠᠨ᠂ 560 ᠲᠦᠮᠡᠨ ᠳᠠᠷᠢᠶᠠᠴᠢᠨ ᠡᠷᠦᠭᠡ ᠶᠢ ᠳᠠᠶᠢᠴᠢᠯᠠᠨ ᠳᠠᠭᠠᠭᠤᠯᠪᠠ᠃ᠵᠠᠰᠠᠪᠤᠷᠢ ᠤᠷᠤᠭᠤᠯᠬᠤ ᠳᠤᠮᠳᠠ ︽ᠬᠤᠯᠪᠤᠭᠠᠳᠤ ᠬᠤᠷᠰᠢᠶᠠᠨ ᠤ ᠭᠡᠷᠡᠭ ᠡᠷᠬᠢᠯᠡᠭᠴᠢ ᠶᠢᠨ ᠳᠠᠷᠤᠭ᠎ᠠ᠂ ᠭᠡᠷᠡᠭ ᠡᠷᠬᠢᠯᠡᠭᠴᠢ ᠶᠢ ᠭᠡᠰᠢᠬᠦᠳ ᠤᠨ ᠰᠤᠩᠭᠤᠨ ᠳᠤᠮᠢᠯᠠᠬᠰᠠᠨ ᠬᠦᠮᠦᠨ ᠢᠶᠠᠷ ᠡᠬᠦᠷᠭᠡᠯᠡᠬᠦᠯᠪᠡᠯ ᠵᠤᠬᠢᠨ᠎ᠠ︾ ᠭᠡᠬᠦ ᠠᠭᠤᠯᠭ᠎ᠠ ᠶᠢ ᠨᠡᠮᠡᠵᠦ᠂ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠬᠤᠯᠪᠤᠭᠠᠳᠤ ᠬᠤᠷᠰᠢᠶᠠᠨ ᠤ ᠭᠡᠰᠢᠬᠦᠳ ᠤᠨ ᠬᠤᠷᠠᠯ ᠢᠶᠠᠷ ᠰᠤᠩᠭᠤᠨ ᠪᠠᠳᠤᠯᠠᠭᠤᠯᠵᠤ᠂ ᠨᠢᠭᠡ ᠬᠤᠷᠰᠢᠶ᠎ᠠ ᠶᠢ ᠨᠢᠭᠡ ᠫᠢᠶᠤᠤ ᠪᠠᠷ ᠪᠤᠳᠤᠬᠤ ᠭᠡᠷᠡᠭᠳᠡᠢ ᠭᠡᠵᠦ ᠳᠤᠳᠤᠷᠬᠠᠢᠢᠯᠠᠪᠠ᠃ᠡᠨᠡ ᠨᠢ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠵᠤᠬᠢᠶᠠᠨ ᠪᠠᠶᠢᠭᠤᠯᠤᠯᠳᠠ ᠪᠠ ᠦᠢᠯᠡ ᠠᠵᠢᠯᠯᠠᠭ᠎ᠠ ᠶᠢ ᠲᠦᠷᠢᠮᠵᠢᠬᠦᠯᠬᠦ ᠳᠤ ᠠᠰᠢᠬᠳᠠᠢ ᠪᠠᠷ ᠪᠠᠷᠠᠬᠤ ᠦᠭᠡᠢ᠂ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠬᠠᠤᠯᠢ ᠲᠦᠷᠢᠮ ᠢ ᠲᠡᠬᠦᠯᠳᠡᠷᠵᠢᠬᠦᠯᠵᠣ᠂ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠬᠦᠭᠵᠢᠯᠳᠡ ᠶᠢ ᠤᠯᠠᠮ ᠴᠢᠨᠠᠬᠰᠢᠳᠠ ᠵᠤᠷᠢᠬᠵᠢᠭᠤᠯᠣᠨ ᠲᠡᠮᠵᠢᠵᠦ᠂ ᠵᠢᠯᠤᠭᠤᠳᠤᠨ ᠳᠠᠭᠠᠭᠤᠯᠬᠤ ᠳᠤ ᠨᠦᠬᠦᠴᠡᠯ ᠪᠤᠯᠤᠯᠴᠠᠭ᠎ᠠ ᠬᠠᠩᠭᠠᠪᠠ᠃     ᠳᠠᠪᠤ ᠳᠤ᠂ ᠠᠳᠠᠯᠢ ᠲᠦᠷᠦᠯ ᠤᠨ ᠬᠢᠵᠠᠭᠠᠷᠯᠠᠯ ᠢ ᠬᠦᠴᠦᠨ ᠦᠭᠡᠢ ᠪᠤᠯᠭᠠᠨ᠂ ᠬᠠᠤᠯᠢ ᠴᠠᠭᠠᠵᠠ ᠶᠢᠨ ᠳᠤᠬᠢᠷᠠᠭᠤᠯᠤᠯᠳᠠ ᠶᠢᠨ ᠭᠡᠪᠴᠢᠶ᠎ᠡ ᠶᠢ ᠦᠷᠭᠡᠳᠭᠡᠪᠡ᠃ ᠡᠯ᠎ᠡ ᠲᠦᠷᠦᠯ ᠤᠨ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠵᠡᠷᠭᠡᠪᠡᠷ ᠬᠦᠭᠵᠢᠬᠦ ᠳᠤ ᠵᠤᠬᠢᠴᠠᠭᠤᠯᠬᠤ ᠶᠢᠨ ᠲᠦᠯᠦᠭᠡ᠂ ᠳᠤᠰᠬᠠᠢᠢᠵᠢᠬᠰᠠᠨ ᠰᠠᠭᠤᠷᠢᠨ ᠲᠡᠭᠡᠷ᠎ᠡ ᠶᠡᠷᠦᠩᠭᠡᠶᠢᠯᠡᠭᠰᠡᠨ ᠴᠢᠭᠯᠡᠯ ᠲᠡᠰᠢ ᠬᠦᠭᠵᠢᠬᠦᠯᠬᠦ ᠬᠠᠨᠳᠤᠰᠢ ᠵᠢᠴᠢ ᠳᠠᠷᠢᠶᠠᠴᠢᠳ ᠤᠨ ᠡᠯ᠎ᠡ ᠲᠦᠷᠦᠯ ᠤᠨ ᠬᠤᠷᠰᠢᠶ᠎ᠠ ᠳᠤ ᠦᠢᠯᠡᠴᠢᠯᠡᠭᠡ ᠬᠠᠩᠭᠠᠬᠤ ᠱᠠᠭᠠᠷᠳᠠᠯᠭ᠎ᠠ ᠡᠳᠦᠷ ᠢᠷᠡᠬᠦᠶ᠎ᠡ ᠤᠯᠠᠨ ᠡᠰᠢᠵᠢᠬᠦ᠂ ᠠᠳᠠᠯᠢ ᠲᠦᠷᠦᠯ ᠤᠨ ᠳᠠᠷᠢᠶᠠᠯᠠᠩ ᠤᠨ ᠪᠦᠳᠦᠭᠡᠭᠳᠡᠬᠦᠨ ᠪᠤᠶᠤ ᠠᠳᠠᠯᠢ ᠲᠦᠷᠦᠯ ᠤᠨ ᠦᠢᠯᠡᠳᠪᠦᠷᠢᠯᠡᠯ ᠡᠵᠡᠩᠨᠡᠯᠳᠡ ᠶᠢᠨ ᠦᠢᠯᠡᠴᠢᠯᠡᠭᠡᠨ ᠤ ᠭᠡᠪᠴᠢᠶ᠎ᠡ ᠳᠤ ᠬᠢᠵᠠᠭᠠᠷᠯᠠᠭᠳᠠᠬᠤ ᠦᠭᠡᠢ ᠪᠠᠶᠢᠬᠤ ᠶᠢᠨ ᠲᠦᠯᠦᠭᠡ᠂ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠰᠢᠨ᠎ᠠ ᠬᠠᠤᠯᠢ ᠳᠤ ︽ᠠᠳᠠᠯᠢ ᠲᠦᠷᠦᠯ ᠤᠨ︾ ᠳᠠᠷᠢᠶᠠᠯᠠᠩ ᠤᠨ ᠪᠦᠳᠦᠭᠡᠭᠳᠡᠬᠦᠨ ᠪᠤᠶᠤ ︽ᠠᠳᠠᠯᠢ ᠲᠦᠷᠦᠯ ᠤᠨ︾ ᠳᠠᠷᠢᠶᠠᠯᠠᠩ ᠤᠨ ᠦᠢᠯᠡᠳᠪᠦᠷᠢᠯᠡᠯ ᠡᠵᠡᠩᠨᠡᠯᠳᠡ ᠶᠢᠨ ᠦᠢᠯᠡᠴᠢᠯᠡᠭᠡᠨ ᠤ ᠳᠤᠮᠳᠠᠬᠢ ︽ᠠᠳᠠᠯᠢ ᠲᠦᠷᠦᠯ ᠤᠨ︾ ᠬᠢᠵᠠᠭᠠᠷᠯᠠᠯ ᠢ ᠬᠦᠴᠦᠨ ᠦᠭᠡᠢ ᠪᠤᠯᠭᠠᠵᠤ᠂ ᠬᠠᠤᠯᠢ ᠴᠠᠭᠠᠵᠠ ᠶᠢᠨ ᠳᠤᠬᠢᠷᠠᠭᠤᠯᠤᠯᠳᠠ ᠶᠢᠨ ᠭᠡᠪᠴᠢᠶ᠎ᠡ ᠶᠢ ᠦᠷᠭᠡᠳᠭᠡᠭᠰᠡᠨ ᠤ ᠬᠠᠮᠳᠤ ᠵᠢᠬᠰᠠᠭᠠᠯᠳᠠ ᠶᠢᠨ ᠭᠡᠯᠪᠡᠷᠢ ᠪᠠᠷ ᠳᠠᠷᠢᠶᠠᠴᠢᠨ ᠤ ᠳᠤᠰᠬᠠᠢ ᠬᠤᠷᠰᠢᠶᠠᠨ ᠤ ᠡᠵᠡᠩᠨᠡᠯᠳᠡ ᠪᠠ ᠦᠢᠯᠡᠴᠢᠯᠡᠭᠡᠨ ᠤ ᠳᠤᠬᠠᠢᠢᠯᠠᠬᠰᠠᠨ ᠠᠵᠢᠯ ᠤᠨ ᠬᠦᠷᠢᠶ᠎ᠡ ᠭᠡᠪᠴᠢᠶ᠎ᠡ ᠶᠢ ᠳᠤᠳᠤᠷᠬᠠᠢᠢᠯᠠᠪᠠ᠃     ᠵᠢᠷᠭᠤᠭ᠎ᠠ ᠳᠤ᠂ ᠳᠠᠷᠢᠶᠠᠴᠢᠨ ᠤ ᠳᠤᠰᠬᠠᠢ ᠬᠤᠷᠰᠢᠶᠠᠨ ᠤ ᠵᠤᠬᠢᠶᠠᠨ ᠪᠠᠶᠢᠭᠤᠯᠤᠯᠳᠠ ᠪᠠ ᠦᠢᠯᠡ ᠠᠵᠢᠯᠯᠠᠭ᠎ᠠ ᠶᠢ ᠤᠯᠠᠮ ᠴᠢᠨᠠᠬᠰᠢᠳᠠ ᠲᠦᠷᠢᠮᠵᠢᠬᠦᠯᠪᠡ᠃ ᠡᠨᠡ ᠤᠳᠠᠭᠠᠨ ᠤ ᠵᠠᠰᠠᠪᠤᠷᠢ ᠤᠷᠤᠭᠤᠯᠤᠭᠰᠠᠨ ᠬᠠᠤᠯᠢ ᠳᠤ ᠳᠠᠷᠢᠶᠠᠴᠢᠨ ᠤ ᠳᠤᠰᠬᠠᠢ ᠬᠤᠷᠰᠢᠶ᠎ᠠ ᠶᠢᠨ ᠵᠤᠬᠢᠶᠠᠨ ᠪᠠᠶᠢᠭᠤᠯᠤᠯᠳᠠ ᠪᠠ ᠦᠢᠯᠡ ᠠᠵᠢᠯᠯᠠᠭ᠎ᠠ ᠶᠢ ᠲᠦᠷᠢᠮᠵᠢᠬᠦᠯᠬᠦ ᠳᠠᠯ᠎ᠠ ᠪᠠᠷ ᠨᠦᠬᠦᠪᠦᠷᠢᠯᠡᠨ ᠲᠡᠬᠦᠯᠳᠡᠷᠵᠢᠬᠦᠯᠪᠡ᠃ ᠵᠢᠱᠢᠶᠡᠯᠡᠪᠡᠯ ︽ᠳᠠᠷᠢᠶᠠᠴᠢᠨ ᠤ ᠳᠤᠰᠬᠠᠢ ᠬᠤᠷᠰᠢᠶ᠎ᠠ ᠨᠢ ᠬᠤᠶᠠᠷ ᠵᠢᠯ ᠵᠠᠯᠭᠠᠪᠠᠷ ᠡᠵᠡᠩᠨᠡᠯᠳᠡ ᠶᠢᠨ ᠠᠵᠢᠯᠯᠠᠭ᠎ᠠ ᠬᠢᠭᠰᠡᠨ ᠦᠭᠡᠢ ᠪᠤᠯ ᠡᠵᠡᠩᠨᠡᠯᠳᠡ ᠶᠢᠨ ᠦᠨᠡᠮᠯᠡᠯ ᠢ ᠨᠢ ᠬᠠᠰᠤᠨ᠎ᠠ᠂ ᠳᠤᠰᠬᠠᠢ ᠬᠤᠷᠰᠢᠶ᠎ᠠ ᠨᠢ ᠤᠯᠤᠰ ᠤᠨ ᠬᠠᠮᠢᠶ᠎ᠠ ᠪᠦᠬᠦᠢ ᠳᠤᠭᠳᠠᠭᠠᠯ ᠢᠶᠠᠷ ᠤᠨ ᠤ ᠮᠡᠳᠡᠬᠦᠯᠦᠯᠳᠡ ᠬᠢᠵᠦ ᠲᠡᠭᠡᠭᠰᠢ ᠮᠡᠳᠡᠬᠦᠯᠬᠦ ᠶᠢᠨ ᠬᠠᠮᠳᠤ ᠨᠡᠶᠢᠭᠡᠮ ᠨᠡᠶᠢᠳᠡ ᠳᠤ ᠢᠯᠡ ᠪᠠᠷ ᠵᠠᠷᠯᠠᠨ᠎ᠠ︾ ᠭᠡᠵᠦ ᠳᠤᠳᠤᠷᠬᠠᠢᠢᠯᠠᠪᠠ᠃ ᠡᠬᠦᠨ ᠠᠴᠠ ᠭᠠᠳᠠᠨ᠎ᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠴᠤ ᠨᠦᠬᠦᠪᠦᠷᠢᠯᠡᠨ ᠲᠡᠬᠦᠯᠳᠡᠷᠵᠢᠬᠦᠯᠪᠡ᠃     2018 ᠤᠨ ᠳᠤ ᠤᠯᠤᠰ ᠠᠴᠠ ᠬᠤᠷᠰᠢᠶ᠎ᠠ ᠶᠢᠨ ᠲᠦᠷᠦ ᠶᠢᠨ ᠪᠤᠳᠤᠯᠭ᠎ᠠ ᠳᠤ ᠳᠠᠰᠤᠷᠠᠯᠳᠠ ᠦᠭᠡᠢ ᠬᠦᠴᠦ ᠨᠡᠮᠡᠭᠰᠡᠨ ᠠᠴᠠ ᠬᠤᠷᠰᠢᠶ᠎ᠠ ᠳᠤ ᠵᠤᠭᠤᠰ ᠮᠦᠩᠬᠦ ᠤᠯᠬᠤ ᠭᠡᠳᠦᠨ ᠳᠤᠬᠢᠶᠠᠯ ᠬᠠᠩᠭᠠᠭᠰᠠᠨ ᠨᠢ ᠵᠠᠶᠢᠯᠠᠰᠢ ᠦᠭᠡᠢ᠃       ᠳᠤᠬᠢᠶᠠᠯ ᠨᠢᠬᠡ᠄ ᠳᠠᠶᠢᠴᠢᠯᠠᠨ ᠳᠠᠭᠠᠭᠤᠯᠬᠤ ᠦᠢᠯᠡᠳᠦᠯ ᠢ ᠳᠤᠪᠤᠶᠢᠯᠭᠠᠭᠰᠠᠨ ᠠᠴᠠ ᠨᠡᠩ ᠤᠯᠠᠨ ᠲᠡᠮᠵᠢᠯᠭᠡ ᠤᠯᠤᠨ᠎ᠠ ᠳᠠᠷᠢᠶᠠᠯᠠᠩ ᠤᠨ ᠬᠤᠷᠰᠢᠶ᠎ᠠ ᠨᠢ ᠦᠪᠡᠷ ᠤᠨ ᠳᠠᠪᠠᠭᠤᠯᠢᠬ ᠲᠠᠢ᠄      ᠨᠢᠬᠡ᠂ ᠬᠤᠷᠰᠢᠶ᠎ᠠ ᠪᠠᠶᠢᠭᠤᠯᠬᠤ ᠨᠦᠬᠦᠴᠡᠯ ᠨᠢ ᠨᠡᠯᠢᠶᠡᠳ ᠳᠤᠤᠷ᠎ᠠ᠂ 5 ᠳᠠᠷᠢᠶᠠᠴᠢᠨ ᠨᠡᠶᠢᠯᠡᠪᠡᠯ ᠳᠠᠷᠤᠢ ᠬᠤᠷᠰᠢᠶ᠎ᠠ ᠪᠠᠶᠢᠭᠤᠯᠵᠤ ᠪᠤᠯᠬᠤ ᠳᠤᠯᠠ ᠲᠡᠬᠦᠨ ᠳᠤ ᠤᠨᠴᠠᠭᠠᠢ ᠪᠠᠶᠢᠳᠠᠭ ᠠᠰᠢᠭ ᠬᠤᠨᠵᠢᠪᠤᠷᠢ ᠪᠠᠨ ᠬᠤᠪᠢᠶᠠᠷᠢᠯᠠᠬᠤ ᠳᠤᠭᠳᠠᠴᠠ ᠨᠢ ᠳᠠᠷᠢᠶᠠᠴᠢᠳ ᠢ ᠳᠠᠶᠢᠴᠢᠯᠠᠨ ᠳᠠᠭᠠᠭᠤᠯᠵᠤ ᠬᠠᠮᠳᠤᠪᠠᠷ ᠪᠠᠶᠠᠵᠢᠭᠤᠯᠬᠤ ᠳᠠᠯ᠎ᠠ ᠪᠠᠷ ᠨᠡᠩ ᠶᠡᠭᠡ ᠳᠠᠪᠠᠭᠤᠯᠢᠬ ᠲᠠᠢ᠃     ᠬᠤᠶᠠᠷ᠂ ᠰᠢᠨ᠎ᠡ ᠭᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠪᠤᠯᠤᠭᠰᠠᠨ ᠤ ᠬᠤᠪᠢ ᠳᠤ᠂ ᠬᠤᠷᠰᠢᠶ᠎ᠠ ᠨᠢ ᠦᠢᠯᠡᠳᠪᠦᠷᠢᠯᠡᠯ᠂ ᠡᠳ᠋ᠰᠢᠭᠦᠯᠤᠯᠳᠠ᠂ ᠵᠠᠬ᠎ᠠ ᠲᠡᠯᠭᠡᠬᠦᠷ᠂ ᠪᠤᠷᠤᠯᠠᠭᠤᠯᠭ᠎ᠠ ᠶᠢᠨ ᠠᠵᠤ ᠦᠢᠯᠡᠰ ᠤᠨ ᠭᠡᠯᠬᠢᠶ᠎ᠡ ᠪᠠᠨ ᠨᠡᠶᠢᠳᠭᠡᠨ ᠡᠵᠡᠩᠨᠡᠵᠦ᠂ ᠵᠠᠬ᠎ᠠ ᠲᠡᠯᠭᠡᠬᠦᠷ ᠢᠶᠠᠷ ᠭᠤᠤᠯ ᠪᠤᠯᠭᠠᠵᠤ ᠪᠤᠯᠤᠨ᠎ᠠ᠃     ᠭᠤᠷᠪᠠ᠂ 2018 ᠤᠨ ᠳᠤ ᠬᠤᠷᠰᠢᠶ᠎ᠠ ᠳᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠤᠯᠠᠮ ᠠᠷᠪᠢᠳᠤᠨ᠎ᠠ᠂ ᠵᠢᠱᠢᠶᠡᠯᠡᠪᠡᠯ ᠤᠰᠤ ᠴᠠᠬᠢᠯᠭᠠᠨ ᠳᠤ ᠬᠠᠷᠠᠭᠠᠯᠵᠠᠯ ᠦᠵᠡᠬᠦᠯᠬᠦ᠂ ᠬᠠᠮᠢᠶ᠎ᠠ ᠪᠦᠬᠦᠢ ᠨᠦᠬᠦᠪᠦᠷᠢ ᠵᠢᠴᠢ ᠵᠢᠱᠢᠶ᠎ᠡ ᠦᠵᠡᠬᠦᠯᠵᠦ ᠳᠠᠶᠢᠴᠢᠯᠠᠨ ᠳᠠᠭᠠᠭᠤᠯᠬᠤ ᠦᠢᠯᠡᠳᠦᠯ ᠲᠠᠢ ᠬᠤᠷᠰᠢᠶ᠎ᠠ ᠶᠢ ᠪᠡᠯᠡ ᠮᠦᠩᠬᠦ ᠪᠠᠷ ᠲᠡᠮᠵᠢᠬᠦ ᠵᠡᠷᠭᠡ᠃      ● ᠰᠡᠷᠡᠮᠵᠢᠯᠡᠬᠦᠯᠦᠯ᠄     2018 ᠤᠨ ᠳᠤ ᠬᠤᠷᠰᠢᠶᠠᠨ ᠤ ᠬᠠᠮᠤᠬ ᠤᠨ ᠶᠡᠭᠡ ᠰᠢᠯᠭᠠᠯᠳᠠ ᠪᠤᠯ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ ᠭᠡᠷᠬᠢᠨ ᠪᠠᠳᠠᠷᠠᠭᠤᠯᠬᠤ ᠳᠤ ᠪᠤᠢ᠃ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠳᠤᠬᠠᠢ ᠬᠤᠷᠰᠢᠶ᠎ᠠ ᠳᠤ ᠬᠤᠶᠠᠷ ᠴᠢᠩᠭ᠎ᠠ ᠱᠠᠭᠠᠷᠳᠠᠯᠭ᠎ᠠ ᠲᠠᠢ᠄     ᠨᠢᠭᠡ ᠨᠢ ᠬᠤᠷᠰᠢᠶᠠᠨ ᠤ ᠳᠤᠰ ᠪᠡᠶ᠎ᠡ ᠨᠢ ᠡᠵᠡᠩᠨᠡᠯᠳᠡ ᠪᠠᠨ ᠡᠬᠢᠯᠡᠬᠦᠯᠬᠦ ᠪᠠᠷ ᠪᠠᠷᠠᠬᠤ ᠦᠭᠡᠢ᠂ ᠪᠠᠰᠠ ᠠᠰᠢᠬ ᠬᠤᠨᠵᠢᠪᠤᠷᠢ ᠲᠠᠢ ᠪᠠᠶᠢᠬᠤ︔     ᠬᠤᠶᠠᠷ ᠨᠢ ᠵᠠᠯᠭᠠᠭᠠᠳ ᠬᠠᠪᠢ ᠲᠦᠰᠦᠷ ᠤᠨ ᠳᠠᠷᠢᠶᠠᠴᠢᠨ ᠡᠷᠦᠭᠡ ᠶᠢ ᠳᠠᠶᠢᠴᠢᠯᠠᠨ ᠳᠠᠭᠠᠭᠤᠯᠵᠤ ᠬᠠᠮᠳᠤᠪᠠᠷ ᠠᠰᠢᠬ ᠬᠤᠨᠵᠢᠪᠤᠷᠢ ᠬᠦᠷᠲᠡᠬᠦ ᠭᠡᠷᠡᠭᠳᠡᠢ᠃     ᠢᠩᠬᠢᠮᠠᠨᠵᠢᠨ ᠰᠠᠶ᠋ᠢ ᠤᠯᠤᠰ ᠤᠨ ᠠᠯᠢ ᠤᠯᠠᠨ ᠲᠦᠷᠦ ᠶᠢᠨ ᠪᠤᠳᠤᠯᠭ᠎ᠠ᠂ ᠵᠢᠭᠡᠯᠡᠯᠭᠡ᠂ ᠨᠦᠬᠦᠪᠦᠷᠢ ᠵᠡᠷᠭᠡ ᠶᠢᠨ ᠨᠦᠬᠦᠴᠡᠯ ᠶᠡᠭᠡᠪᠡᠷ ᠳᠤᠷᠤᠭᠰᠢᠯᠠᠨ᠎ᠠ᠃     ᠳᠤᠬᠢᠶᠠᠯ ᠬᠤᠶᠠᠷ᠄ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠠ ᠳᠤᠬᠢᠶᠠᠯ     ᠶᠠᠳᠠᠭᠤ ᠶᠢ ᠲᠡᠳᠬᠦᠬᠦ ᠳᠤ ᠬᠠᠰᠢᠯᠠ ᠠᠵᠤ ᠦᠢᠯᠡᠰ ᠢ ᠬᠦᠭᠵᠢᠬᠦᠯᠬᠦ ᠳᠤ ᠲᠦᠰᠢᠭᠯᠡᠨ᠎ᠡ᠃ ᠠᠵᠤ ᠦᠢᠯᠡᠰ ᠢᠶᠠᠷ ᠳᠠᠶᠢᠴᠢᠯᠠᠨ ᠳᠠᠭᠠᠭᠤᠯᠬᠤ ᠪᠠᠷ ᠳᠠᠮᠵᠢᠭᠤᠯᠤᠨ᠂ ᠨᠡᠩ ᠤᠯᠠᠨ ᠳᠠᠷᠢᠶᠠᠴᠢᠨ ᠳᠤ ᠠᠵᠢᠯ ᠤᠯᠭᠤᠨ ᠤᠷᠤᠯᠭ᠎ᠠ ᠶᠢ ᠨᠢ ᠨᠡᠮᠡᠭᠳᠡᠬᠦᠯᠬᠦ ᠭᠡᠷᠡᠭᠳᠡᠢ᠃ ᠬᠠᠷᠢᠨ ᠠᠵᠤ ᠦᠢᠯᠡᠰ ᠢ ᠬᠦᠭᠵᠢᠬᠦᠯᠬᠦ ᠶᠢᠨ ᠵᠠᠩᠬᠢᠯᠠᠭ᠎ᠠ ᠶᠢᠨ ᠨᠢᠭᠡ ᠭᠤᠤᠯ ᠴᠤᠭᠴᠠ ᠪᠤᠯ ᠳᠠᠷᠤᠢ ᠬᠤᠷᠰᠢᠶ᠎ᠠ ᠪᠤᠯᠤᠨ᠎ᠠ᠃     ᠨᠢᠬᠡ᠂ ᠬᠤᠷᠰᠢᠶ᠎ᠠ ᠨᠢ ᠨᠢᠭᠡᠨ ᠳᠠᠷᠢᠶᠠᠯᠠᠩ ᠤᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠭᠡᠯᠪᠡᠷᠢ ᠪᠤᠯᠤᠭᠰᠠᠨ ᠤ ᠬᠤᠪᠢ ᠳᠤ᠂ ᠳᠠᠷᠢᠶᠠᠴᠢᠳ ᠲᠠᠢ ᠨᠡᠩ ᠨᠢᠬᠳᠠ ᠬᠠᠷᠢᠯᠴᠠᠳᠠᠭ ᠪᠤᠯᠬᠤᠷ ᠢᠳᠡᠭᠡᠯ ᠨᠠᠶᠢᠳᠠᠪᠤᠷᠢ ᠪᠤᠶᠤ ᠳᠠᠶᠢᠴᠢᠯᠠᠨ ᠳᠠᠭᠠᠭᠤᠯᠬᠤ ᠳᠠᠯ᠎ᠠ ᠪᠠᠷ ᠨᠡᠩ ᠰᠠᠶᠢᠨ ᠪᠠᠶᠢᠬᠤ ᠨᠢ ᠵᠠᠶᠢᠯᠠᠰᠢ ᠦᠭᠡᠢ᠃     ᠬᠤᠶᠠᠷ᠂ ᠢᠷᠡᠭᠡᠳᠦᠢ ᠶᠢᠨ ᠳᠠᠷᠢᠶᠠᠯᠠᠩ ᠤᠨ ᠬᠦᠭᠵᠢᠯᠳᠡ ᠨᠢ ᠤᠷᠤᠨ ᠪᠦᠰᠡ ᠶᠢᠨ ᠤᠨᠴᠠᠯᠢᠬ ᠲᠠᠢ ᠠᠵᠤ ᠦᠢᠯᠡᠰ ᠤᠨ ᠪᠦᠯᠦᠭᠯᠡᠯ ᠢ ᠪᠦᠷᠢᠯᠳᠦᠬᠦᠯᠬᠦ ᠪᠤᠯᠤᠨ᠎ᠠ᠂ ᠡᠨᠡᠬᠦ ᠶᠠᠪᠤᠴᠠ ᠳᠤ ᠬᠤᠷᠰᠢᠶ᠎ᠠ ᠨᠢ ᠬᠠᠮᠤᠬ ᠤᠨ ᠶᠡᠭᠡ ᠬᠦᠢᠴᠡᠳᠭᠡᠭᠴᠢ ᠪᠠ ᠠᠰᠢᠬ ᠬᠦᠷᠲᠡᠭᠴᠢ ᠪᠤᠯᠬᠤ ᠨᠢ ᠴᠤ ᠶᠠᠷᠢᠶᠠᠨ ᠦᠭᠡᠢ᠃     ● ᠰᠡᠷᠡᠮᠵᠢᠯᠡᠬᠦᠯᠦᠯ᠄     2018 ᠤᠨ ᠳᠤ᠂ ᠳᠠᠷᠢᠶᠠᠯᠠᠩ ᠤᠨ ᠠᠵᠤ ᠦᠢᠯᠡᠰ ᠨᠢ ᠨᠡᠩ ᠶᠡᠭᠡ ᠲᠡᠳᠬᠦᠬᠦ ᠲᠦᠷᠦ ᠶᠢᠨ ᠪᠤᠳᠤᠯᠭ᠎ᠠ ᠲᠠᠢ ᠪᠠᠶᠢᠵᠤ᠂ ᠡᠵᠡᠩᠨᠡᠯᠳᠡ ᠶᠢᠨ ᠭᠤᠤᠯ ᠴᠤᠭᠴᠠ ᠪᠤᠯᠤᠭᠰᠠᠨ ᠤ ᠬᠤᠪᠢ ᠳᠤ ᠬᠠᠮᠤᠬ ᠤᠨ ᠶᠡᠭᠡ ᠠᠰᠢᠬ ᠬᠦᠷᠲᠡᠭᠴᠢ ᠪᠤᠯᠬᠤ ᠨᠢ ᠳᠠᠮᠵᠢᠬ ᠦᠭᠡᠢ᠃ ᠲᠡᠭᠡᠪᠡᠯ ᠡᠳᠡᠭᠡᠷ ᠲᠦᠷᠦ ᠶᠢᠨ ᠪᠤᠳᠤᠯᠭ᠎ᠠ ᠶᠢᠨ ᠠᠰᠢᠭ ᠳᠤᠰᠠ ᠶᠢ ᠭᠡᠷᠬᠢᠨ ᠬᠦᠷᠲᠡᠬᠦ ᠪᠤᠢ︖ 2018 ᠤᠨ ᠳᠤ ᠬᠤᠷᠰᠢᠶ᠎ᠠ ᠪᠠᠨ ᠭᠡᠷᠬᠢᠨ ᠰᠠᠶᠢᠳᠤᠷ ᠡᠵᠡᠩᠨᠡᠬᠦ ᠪᠤᠢ︖ ᠭᠡᠳᠡᠭ ᠨᠢ ᠭᠤᠤᠯ ᠠᠰᠠᠭᠤᠳᠠᠯ ᠪᠤᠯᠬᠤ ᠶᠤᠮ᠃     ᠳᠤᠬᠢᠶᠠᠯ ᠭᠤᠷᠪᠠ᠄ ᠲᠦᠷᠢᠮᠵᠢᠬᠦᠯᠦᠨ ᠬᠦᠭᠵᠢᠬᠦᠯᠪᠡᠯ ᠨᠦᠬᠦᠪᠦᠷᠢ ᠨᠡᠩ ᠤᠯᠠᠨ‌ᠬᠤᠷᠰᠢᠶᠠᠨ ᠤ ᠬᠦᠭᠵᠢᠯᠳᠡ ᠶᠢᠨ ᠬᠤᠷᠳᠤᠴᠠ ᠭᠡᠳᠦ᠋ᠢᠪᠡᠷ ᠬᠦᠮᠦᠨ ᠢ ᠰᠤᠴᠢᠭᠠᠮ᠎ᠠ ᠲᠦᠷᠭᠡᠨ ᠴᠤ ᠨᠢᠭᠡ ᠭᠡᠰᠡᠭ ᠨᠢ ᠲᠦᠷᠢᠮᠵᠢᠯ ᠦᠭᠡᠢ ᠬᠤᠷᠰᠢᠶ᠎ᠠ ᠪᠠᠶᠢᠭᠰᠠᠭᠠᠷ᠃ ᠡᠶᠢᠮᠦ ᠠᠴᠠ 2018 ᠤᠨ ᠳᠤ ᠤᠯᠤᠰ ᠠᠴᠠ ᠬᠤᠷᠰᠢᠶ᠎ᠠ ᠶᠢ ᠲᠦᠷᠢᠮᠵᠢᠬᠦᠯᠬᠦ ᠡᠷᠴᠢᠮ ᠢᠶᠠᠨ ᠶᠡᠭᠡᠪᠡᠷ ᠴᠢᠩᠭᠠᠷᠠᠭᠤᠯᠬᠤ ᠪᠤᠯᠤᠨ᠎ᠠ᠃ ᠳᠠᠷᠤᠢ ᠢᠷᠡᠭᠡᠳᠦᠢ ᠶᠢᠨ ᠬᠤᠷᠰᠢᠶᠠᠨ ᠤ ᠡᠵᠡᠩᠨᠡᠯᠳᠡ ᠤᠯᠠᠮ ᠠᠴᠠ ᠤᠯᠠᠮ ᠲᠦᠷᠢᠮᠵᠢᠵᠦ᠂ ᠵᠠᠰᠠᠭ ᠤᠨ ᠤᠷᠳᠤᠨ ᠤ ᠨᠡᠩ ᠤᠯᠠᠨ ᠲᠡᠮᠵᠢᠯᠭᠡ ᠶᠢ ᠤᠯᠬᠤ ᠪᠤᠯᠤᠨ᠎ᠠ ᠭᠡᠰᠡᠨ ᠦᠭᠡ᠃     ● ᠰᠡᠷᠡᠮᠵᠢᠯᠡᠬᠦᠯᠦᠯ᠄     ᠨᠢᠬᠡ᠂ ᠢᠷᠡᠭᠡᠳᠦᠢ ᠳᠤ ᠤᠯᠤᠰ ᠠᠴᠠ ᠬᠤᠷᠰᠢᠶ᠎ᠠ ᠶᠢ ᠲᠦᠷᠢᠮᠵᠢᠬᠦᠯᠬᠦ ᠡᠷᠴᠢᠮ ᠢᠶᠠᠨ ᠤᠯᠠᠮ ᠴᠢᠩᠭᠠᠷᠠᠭᠤᠯᠤᠨ᠂ ᠬᠠᠤᠯᠢ ᠪᠤᠰᠤ᠂ ᠲᠦᠷᠢᠮᠵᠢᠯ ᠦᠭᠡᠢ ᠬᠠᠭᠤᠷᠮᠠᠬ ᠬᠤᠷᠰᠢᠶ᠎ᠠ ᠶᠢ ᠴᠡᠭᠴᠡᠯᠡᠨ ᠴᠡᠪᠡᠷᠯᠡᠬᠦ ᠪᠤᠯᠤᠨ᠎ᠠ᠂ ᠡᠬᠦᠨ ᠤ ᠬᠠᠮᠳᠤ ᠲᠦᠷᠢᠮᠵᠢᠭᠰᠡᠨ ᠬᠦᠭᠵᠢᠯᠳᠡ ᠲᠠᠢ ᠵᠢᠱᠢᠶ᠎ᠡ ᠦᠵᠡᠬᠦᠯᠬᠦ ᠬᠤᠷᠰᠢᠶ᠎ᠠ ᠳᠤ ᠨᠡᠩ ᠤᠯᠠᠨ ᠠᠰᠢᠬ ᠤᠯᠭᠤᠨ᠎ᠠ᠃      ᠬᠤᠶᠠᠷ᠂ ᠬᠤᠷᠰᠢᠶ᠎ᠠ ᠳᠤ ᠤᠯᠭᠤᠬᠤ ᠨᠡᠯᠢᠶᠡᠳ ᠠᠷᠪᠢᠨ ᠨᠦᠬᠦᠪᠦᠷᠢ ᠶᠢᠨ ᠨᠦᠬᠦᠴᠡᠯ ᠳᠤᠷᠤᠭᠰᠢᠯᠠᠪᠠ᠂ ᠳᠠᠷᠤᠢ ᠬᠤᠷᠰᠢᠶᠠᠨ ᠤ ᠨᠦᠬᠦᠪᠦᠷᠢ ᠤᠯᠬᠤ ᠨᠦᠬᠦᠴᠡᠯ ᠪᠤᠯᠤᠯᠴᠠᠭ᠎ᠠ ᠨᠢ ᠨᠡᠩ ᠦᠨᠳᠦᠷ ᠪᠤᠯᠪᠠ᠃     ᠭᠤᠷᠪᠠ᠂ ᠨᠦᠬᠦᠪᠦᠷᠢ ᠤᠯᠭᠤᠬᠤ ᠦᠭᠡᠷᠡᠴᠢᠯᠡᠯᠳᠡ ᠠᠴᠠ ᠦᠵᠡᠪᠡᠯ᠂ ᠤᠤᠯ ᠤᠨ ᠪᠠᠶᠢᠬᠰᠠᠨ ᠨᠦᠬᠦᠪᠦᠷᠢ ᠶᠢᠨ ᠨᠢᠭᠡ ᠭᠡᠰᠡᠭ ᠲᠤ ᠳᠤᠬᠢᠷᠠᠭᠤᠯᠤᠯᠳᠠ ᠬᠢᠭᠡᠳ ᠭᠡᠪᠴᠢᠶᠡᠵᠢᠬᠦᠯᠦᠭᠰᠡᠨ ᠳᠠᠷᠢᠶᠠᠯᠠᠩ ᠤᠨ ᠡᠵᠡᠩᠨᠡᠯᠳᠡ ᠶᠢᠨ ᠨᠦᠬᠦᠪᠦᠷᠢ ᠪᠤᠯᠭᠠᠪᠠ᠂ ᠡᠨᠡ ᠨᠢ ᠳᠠᠷᠤᠢ ᠤᠯᠤᠰ ᠠᠴᠠ ᠪᠦᠯᠬᠦᠮ ᠨᠠᠶᠢᠲᠡ ᠪᠠᠷ ᠬᠦᠭᠵᠢᠬᠦ ᠪᠠ ᠳᠠᠶᠢᠴᠢᠯᠠᠨ ᠳᠠᠭᠠᠭᠤᠯᠵᠤ ᠬᠦᠭᠵᠢᠬᠦ ᠶᠢ ᠶᠡᠭᠡᠪᠡᠷ ᠵᠤᠷᠢᠬᠵᠢᠭᠤᠯᠵᠤ᠂ ᠢᠷᠡᠭᠡᠳᠦᠢ ᠳᠤ ᠪᠠᠰᠠ ᠨᠠᠩ ᠠᠷᠪᠢᠨ ᠨᠦᠬᠦᠪᠦᠷᠢ ᠶᠢ ᠭᠡᠪᠴᠢᠶᠡᠵᠢᠬᠦᠯᠦᠭᠰᠡᠨ ᠳᠠᠷᠢᠶᠠᠯᠠᠩ ᠳᠤ ᠤᠯᠭᠤᠨ᠎ᠠ ᠭᠡᠰᠡᠨ ᠦᠭᠡ ᠶᠤᠮ᠃ ᠡᠶᠢᠮᠦ ᠠᠴᠠ ᠬᠤᠷᠰᠢᠶ᠎ᠠ ᠨᠢ ᠭᠡᠪᠴᠢᠶᠡᠵᠢᠬᠦᠯᠦᠭᠰᠡᠨ ᠳᠠᠷᠢᠶᠠᠯᠠᠩ ᠢ ᠡᠵᠡᠩᠨᠡᠪᠡᠯ ᠠᠰᠢᠬ ᠬᠤᠨᠵᠢᠪᠤᠷᠢ ᠨᠠᠩ ᠤᠯᠠᠨ ᠪᠤᠢ᠃            ︵ᠡᠭᠡ ᠪᠢᠴᠢᠭ ᠢ ᠰᠦᠯᠵᠢᠶᠡᠨ ᠠᠴᠠ ᠤᠷᠴᠢᠭᠤᠯᠤᠨ ᠨᠠᠶᠢᠷᠡᠭᠤᠯᠵᠤ ᠠᠪᠤᠪᠠ︶
 
ᠢᠷᠡᠯᠲᠡ᠄ ᠡᠭᠡ ᠪᠢᠴᠢᠭ ᠢ ᠰᠦᠯᠵᠢᠶᠡᠨ ᠠᠴᠠ ᠤᠷᠴᠢᠭᠤᠯᠤᠨ ᠨᠠᠶᠢᠷᠡᠭᠤᠯᠵᠤ ᠠᠪᠤᠪᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号