ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠲᠦᠷᠢᠮ ᠢ ᠴᠢᠨᠠᠬᠰᠢᠲᠠ ᠲᠡᠭᠦᠯᠲᠡᠷᠵᠢᠭᠦᠯᠬᠦ ᠲᠤᠬᠠᠢ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2018/6/26
ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠲᠦᠷᠢᠮ ᠢ ᠴᠢᠨᠠᠬᠰᠢᠲᠠ ᠲᠡᠭᠦᠯᠲᠡᠷᠵᠢᠭᠦᠯᠬᠦ ᠲᠤᠬᠠᠢ ᠠᠰᠠᠭᠤᠯᠲᠠ ᠬᠠᠷᠢᠭᠤᠯᠲᠠ       ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ᠂ ᠡᠳ᠋ ᠤᠨ ᠵᠠᠰᠠᠬ ᠤᠨ ᠶᠠᠮᠤᠨ ᠠᠴᠠ ᠤᠢᠢᠷ᠎ᠠ ᠳᠤ ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠤᠯᠭᠤᠮᠵᠢ ᠶᠢ ᠲᠤᠬᠳᠠᠭᠠᠬᠤ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠬᠡᠪ ᠤᠨ ᠶᠤᠰᠤᠭᠠᠷ ᠳᠤᠬᠢᠷᠠᠭᠤᠯᠬᠤ ᠲᠤᠬᠲᠠᠴᠠ ᠶᠢ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠮᠡᠳᠡᠭᠳᠡᠯ ᠭᠠᠷᠭᠠᠬᠰᠠᠨ ᠪᠠᠶᠢᠨ᠎ᠠ᠃ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠰᠢᠨᠬᠤᠸᠠ ᠬᠤᠷᠢᠶᠡᠨ ᠤ ᠰᠤᠷᠪᠤᠯᠵᠢᠯᠠᠬᠴᠢ ᠶᠢᠨ ᠰᠤᠷᠪᠤᠯᠵᠢᠯᠠᠭ᠎ᠠ ᠶᠢ ᠬᠦᠯᠢᠶᠡᠵᠦ᠂ ︽ᠰᠠᠨᠠᠯ︾ ᠤᠨ ᠬᠠᠮᠢᠶ᠎ᠠ ᠪᠦᠬᠦᠢ ᠠᠰᠠᠭᠤᠲᠠᠯ ᠤᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃       ● ᠠᠰᠠᠭᠤᠯᠲᠠ᠄ ᠲᠦᠷᠦ ᠶᠢᠨ ᠪᠤᠳᠤᠯᠭ᠎ᠠ ᠶᠢ ᠨᠡᠶᠢᠲᠡᠯᠡᠭᠰᠡᠨ ᠠᠷᠤ ᠠᠬᠤᠢ ᠨᠢ ᠶᠠᠮᠠᠷ ᠪᠤᠢ︖      ★ ᠬᠠᠷᠢᠭᠤᠯᠲᠠ᠄ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠪᠤᠯ ᠮᠠᠨ ᠤ ᠤᠯᠤᠰ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠴᠢᠬᠤᠯᠠ ᠪᠦᠷᠢᠯᠲᠦᠭᠦᠨ ᠬᠡᠰᠡᠭ ᠪᠠᠶᠢᠵᠦ᠂ 2017 ᠤᠨ ᠤ 12 ᠰᠠᠷ᠎ᠠ ᠶᠢᠨ ᠰᠡᠭᠦᠯᠴᠢ ᠪᠤᠯᠲᠠᠯ᠎ᠠ᠂ ᠲᠠᠭᠠᠳᠬᠠᠯ ᠳᠤ ᠤᠷᠤᠯᠴᠠᠬᠰᠠᠨ ᠬᠦᠮᠦᠨ ᠤ ᠲᠤᠭ᠎ᠠ 51255 ᠲᠦᠮᠡᠨ ᠬᠦᠮᠦᠨ ᠳᠤ ᠬᠦᠷᠴᠦ᠂ 2012 ᠤᠨ ᠤ ᠬᠢ ᠠᠴᠠ 2885 ᠲᠦᠮᠡᠨ ᠬᠦᠮᠦᠨ ᠨᠡᠮᠡᠭᠲᠡᠵᠦ᠂ ᠡᠭᠦᠨ ᠳᠤ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠠᠪᠤᠬᠰᠠᠨ ᠬᠦᠮᠦᠨ ᠤ ᠲᠤᠭ᠎ᠠ 15598 ᠲᠦᠮᠡᠨ ᠬᠦᠮᠦᠨ ᠳᠤ ᠬᠦᠷᠴᠦ᠂ ᠰᠠᠷ᠎ᠠ ᠶᠢᠨ ᠬᠦᠮᠦᠨ ᠲᠤᠮᠲᠠᠴᠢ ᠶᠢᠨ ᠨᠠᠰᠤᠵᠢᠯ ᠤᠨ ᠠᠰᠠᠷᠠᠮᠵᠢ ᠶᠢᠨ ᠮᠦᠩᠬᠦ 125 ᠲᠦᠭᠦᠷᠢᠭ᠂ ᠡᠭᠦᠨ ᠳᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠬᠦ 113 ᠲᠦᠭᠦᠷᠢᠭ ᠪᠤᠯᠤᠨ᠎ᠠ᠃ ᠬᠡᠲᠡᠯ᠎ᠡ ᠤᠳᠤᠬᠠᠨ ᠳᠤ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠨᠢ ᠪᠠᠲᠤᠯᠠᠬᠤ ᠲᠦᠪᠰᠢᠨ ᠨᠡᠯᠢᠶᠡᠳ ᠳᠤᠤᠷ᠎ᠠ᠂ ᠤᠯᠭᠤᠮᠵᠢ ᠶᠢ ᠲᠤᠬᠳᠠᠭᠠᠬᠤ ᠪᠠ ᠬᠡᠪ ᠤᠨ ᠶᠤᠰᠤᠭᠠᠷ ᠲᠤᠬᠢᠷᠠᠭᠤᠯᠬᠤ ᠳᠤᠬᠲᠠᠴᠠ ᠬᠠᠷᠠᠬᠠᠨ ᠪᠦᠷᠢᠨᠰᠢᠭᠡᠳᠦᠢ᠂ ᠰᠦᠢᠳᠬᠡᠯ ᠲᠤᠰᠢᠶᠠᠬᠤ ᠶᠢ ᠤᠷᠮᠠᠰᠢᠭᠤᠯᠬᠤ ᠬᠢᠵᠠᠭᠠᠷᠯᠠᠬᠤ ᠲᠤᠬᠲᠠᠴᠠ ᠲᠡᠶᠢᠮᠦ ᠴᠢᠩᠭ᠎ᠠ ᠪᠢᠰᠢ ᠪᠠᠶᠢᠬᠤ ᠵᠡᠷᠭᠡ ᠠᠰᠠᠭᠤᠳᠠᠯ ᠤᠷᠤᠰᠢᠵᠤ ᠪᠤᠢ᠃      ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠤᠬᠢᠷᠠᠭᠤᠯᠤᠯᠲᠠ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠶᠢᠨ ᠲᠦᠯᠦᠭᠡ᠂ ᠮᠠᠨ ᠤ ᠶᠠᠮᠤᠨ ᠡᠳ᠋ ᠤᠨ ᠵᠠᠰᠠᠭ ᠤᠨ ᠶᠠᠮᠤᠨ ᠲᠠᠢ ᠬᠠᠮᠲᠦᠪᠡᠷ ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠤᠯᠭᠤᠮᠵᠢ ᠶᠢ ᠲᠤᠬᠳᠠᠭᠠᠬᠤ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠬᠡᠪ ᠤᠨ ᠶᠤᠰᠤᠭᠠᠷ ᠳᠤᠬᠢᠷᠠᠭᠤᠯᠬᠤ ᠲᠤᠬᠲᠠᠴᠠ ᠶᠢ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠢ ᠲᠤᠭᠤᠷᠪᠢᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠲᠠᠯ ᠤᠨ ᠬᠤᠷᠢᠶ᠎ᠠ ᠳᠤ ᠲᠡᠪᠰᠢᠭᠦᠯᠦᠨ ᠵᠦᠪᠰᠢᠶᠡᠷᠡᠭᠦᠯᠵᠦ᠂ ᠬᠤᠶᠠᠷ ᠶᠠᠮᠤᠨ ᠠᠴᠠ ᠡᠨᠡᠬᠦ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠲᠠᠷᠤᠮᠠᠯᠯᠠᠨ ᠲᠠᠷᠬᠠᠭᠠᠵᠠᠢ᠃       ● ᠠᠰᠠᠭᠤᠯᠲᠠ᠄ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠲᠦᠷᠢᠮ ᠳᠤ ᠶᠠᠮᠠᠷ ᠨᠦᠯᠦᠭᠡ ᠦᠵᠡᠭᠦᠯᠦᠭᠰᠡᠨ ᠪᠤᠢ︖      ★ ᠬᠠᠷᠢᠭᠤᠯᠲᠠ᠄ ᠡᠩ ᠲᠡᠷᠢᠭᠦᠨ ᠳᠤ᠂ ᠡᠨᠡ ᠨᠢ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠲᠦᠷᠢᠮ ᠢ ᠲᠡᠭᠦᠯᠲᠡᠷᠵᠢᠭᠦᠯᠦᠭᠰᠡᠨ ᠴᠢᠬᠤᠯᠠ ᠠᠷᠭ᠎ᠠ ᠠᠪᠴᠠᠯ ᠪᠤᠯᠤᠨ᠎ᠠ ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠲᠦᠷᠢᠮ ᠢ ᠲᠡᠭᠦᠯᠲᠡᠷᠵᠢᠭᠦᠯᠬᠦ ᠪᠠᠷ ᠱᠠᠭᠠᠷᠲᠠᠵᠦ᠂ ᠬᠤᠷᠢᠭ᠎ᠠ ᠱᠤᠭᠤᠮ ᠢ ᠰᠠᠬᠢᠬᠤ᠂ ᠨᠢᠬᠳᠠ ᠲᠤᠤᠷ ᠢ ᠰᠦᠯᠵᠢᠬᠦ᠂ ᠲᠤᠬᠳᠠᠴᠠ ᠶᠢ ᠪᠠᠶᠢᠭᠤᠯᠬᠤ ᠱᠠᠭᠠᠷᠲᠠᠯᠭ᠎ᠠ ᠶᠢ ᠲᠤᠷᠠᠳᠤᠨ ᠭᠠᠷᠭᠠᠵᠦ᠂ ᠲᠤᠮᠲᠠᠲᠤ ᠤᠯᠤᠰ ᠤᠨ ᠪᠤᠲᠠᠲᠠᠢ ᠲᠠᠢ ᠨᠡᠶᠢᠴᠡᠭᠰᠡᠨ ᠲᠦᠷᠢᠮ ᠲᠤᠬᠲᠠᠴᠠ ᠶᠢ ᠪᠠᠶᠢᠭᠤᠯᠬᠤ ᠳᠤ ᠬᠦᠷᠪᠡᠯ᠂ ᠰᠠᠶ᠋ᠢ ᠨᠡᠶᠢᠭᠡᠮ ᠤᠨ ᠪᠠᠲᠤᠯᠠᠪᠤᠷᠢ ᠶᠢᠨ ᠨᠢᠬᠲᠠ ᠲᠤᠤᠷ ᠢ ᠰᠦᠯᠵᠢᠵᠦ ᠴᠢᠲᠠᠨ᠎ᠠ︔ ᠵᠦᠪᠬᠡᠨ ᠲᠦᠷᠢᠮ ᠲᠤᠬᠲᠠᠴᠠ ᠶᠢᠨ ᠦᠢᠯᠡᠲᠦᠯ ᠢ ᠰᠠᠶᠢᠲᠦᠷ ᠪᠠᠲᠠᠷᠠᠭᠤᠯᠪᠠᠯ ᠰᠠᠶ᠋ᠢ ᠬᠤᠷᠢᠭ᠎ᠠ ᠱᠤᠭᠤᠮ ᠢ ᠰᠠᠬᠢᠵᠦ ᠴᠢᠲᠠᠨ᠎ᠠ ᠬᠡᠵᠡᠢ᠃ ᠡᠶᠢᠮᠦ ᠠᠴᠠ ᠤᠷᠮᠠᠰᠢᠭᠤᠯᠬᠤ ᠬᠢᠵᠠᠭᠠᠷᠯᠠᠬᠤ ᠨᠢ ᠪᠦᠲᠦᠮᠵᠢᠲᠡᠢ᠂ ᠪᠡᠯᠡ ᠬᠤᠷᠠᠮᠳᠤᠭᠤᠯᠬᠤ ᠡᠷᠬᠡ ᠬᠠᠷᠢᠭᠤᠴᠠᠯᠭ᠎ᠠ ᠲᠤᠲᠤᠷᠬᠠᠢ᠂ ᠪᠠᠲᠤᠯᠠᠬᠤ ᠲᠦᠪᠰᠢᠨ ᠲᠤᠬᠢᠷᠠᠮᠵᠢᠲᠠᠢ ᠤᠯᠭᠤᠮᠵᠢ ᠶᠢ ᠲᠤᠬᠲᠠᠭᠠᠬᠤ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠬᠡᠪ ᠤᠨ ᠶᠤᠰᠤᠭᠠᠷ ᠲᠤᠬᠢᠷᠠᠭᠤᠯᠬᠤ ᠲᠤᠬᠲᠠᠴᠠ ᠶᠢ ᠪᠠᠶᠢᠭᠤᠯᠬᠤ ᠨᠢ ᠠᠷᠭ᠎ᠠ ᠠᠪᠴᠠᠯ ᠪᠤᠯᠬᠤ ᠮᠦᠷᠲᠡᠭᠡᠨ ᠵᠤᠷᠢᠯᠭ᠎ᠠ ᠪᠤᠯᠤᠨ᠎ᠠ᠃ᠲᠠᠷᠠᠭᠠᠯᠠᠪᠠᠯ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ ᠲᠤᠬᠲᠠᠭᠠᠬᠤ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠬᠡᠪ ᠤᠨ ᠶᠤᠰᠤᠭᠠᠷ ᠲᠤᠬᠢᠷᠠᠭᠤᠯᠬᠤ ᠲᠤᠬᠲᠠᠴᠠ ᠶᠢᠨ ᠬᠦᠭᠵᠢᠯᠲᠡ ᠶᠢᠨ ᠴᠢᠭᠯᠡᠯ ᠢ ᠲᠤᠬᠲᠠᠭᠠᠵᠠᠢ᠃ ᠡᠨᠡᠬᠦ ᠲᠦᠷᠦ ᠶᠢᠨ ᠪᠤᠳᠤᠯᠭ᠎ᠠ ᠶᠢ ᠨᠡᠶᠢᠲᠡᠯᠡᠭᠰᠡᠨ ᠨᠢ᠂ ᠪᠦᠬᠦ ᠤᠯᠤᠰ ᠤᠨ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠠᠵᠢᠯ ᠳᠤ ᠵᠢᠷᠤᠮᠯᠠᠯ ᠲᠠᠢ ᠪᠤᠯᠭᠠᠵᠠᠢ᠃ ᠲᠠᠷᠤᠢ ᠡᠯ᠎ᠡ ᠱᠠᠲᠤᠨ ᠤ ᠨᠠᠮ ᠤᠨ ᠬᠤᠷᠢᠶ᠎ᠠ ᠂ ᠵᠠᠰᠠᠭ ᠤᠨ ᠤᠷᠳᠤᠨ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢᠨ ᠲᠦᠪᠰᠢᠨ ᠢ ᠠᠵᠦ ᠠᠬᠤᠢ ᠶᠢᠨ ᠬᠦᠭᠵᠢᠯᠲᠡ ᠶᠢ ᠲᠠᠭᠠᠯᠲᠤᠭᠤᠯᠤᠨ ᠠᠯᠭᠤᠷ ᠢᠶᠠᠷ ᠲᠡᠭᠡᠭᠰᠢᠯᠡᠭᠦᠯᠬᠦ ᠶᠢ ᠠᠬᠢᠭᠤᠯᠵᠦ᠂ ᠲᠠᠭᠠᠳᠬᠠᠯ ᠳᠤ ᠤᠷᠤᠯᠴᠠᠬᠰᠠᠨ ᠰᠠᠭᠤᠭᠠᠯᠢ ᠠᠷᠠᠳ ᠲᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠦᠷ᠎ᠡ ᠪᠦᠲᠦᠭᠡᠯ ᠢ ᠬᠠᠮᠳᠤᠪᠡᠷ ᠡᠳ᠋ᠯᠡᠭᠦᠯᠬᠦ ᠶᠢ ᠪᠠᠲᠤᠯᠠᠨ᠎ᠠ᠃      ● ᠠᠰᠠᠭᠤᠯᠲᠠ᠄ ᠡᠨᠡᠬᠦ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠨᠢ ᠭᠤᠤᠯᠲᠠᠭᠤ ᠤᠳᠤᠬᠠᠨ ᠳᠤ ᠤᠷᠤᠰᠢᠵᠦ ᠪᠠᠶᠢᠭ᠎ᠠ ᠪᠠᠲᠤᠯᠠᠬᠤ ᠲᠦᠪᠰᠢᠨ ᠨᠡᠯᠢᠶᠡᠳ ᠳᠤᠤᠷ᠎ᠠ᠂ ᠤᠯᠭᠤᠮᠵᠢ ᠶᠢ ᠲᠤᠬᠳᠠᠭᠠᠬᠤ ᠪᠠ ᠬᠡᠪ ᠤᠨ ᠶᠤᠰᠤᠭᠠᠷ ᠲᠤᠬᠢᠷᠠᠭᠤᠯᠬᠤ ᠳᠤᠬᠲᠠᠴᠠ ᠬᠠᠷᠠᠬᠠᠨ ᠪᠦᠷᠢᠨᠰᠢᠭᠡᠳᠦᠢ᠂ ᠰᠦᠢᠳᠬᠡᠯ ᠲᠤᠰᠢᠶᠠᠬᠤ ᠶᠢ ᠤᠷᠮᠠᠰᠢᠭᠤᠯᠬᠤ ᠬᠢᠵᠠᠭᠠᠷᠯᠠᠬᠤ ᠲᠤᠬᠲᠠᠴᠠ ᠲᠡᠶᠢᠮᠦ ᠴᠢᠩᠭ᠎ᠠ ᠪᠢᠰᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ ᠶᠤᠮ᠃ ᠲᠡᠭᠡᠪᠡᠯ ᠶᠠᠮᠠᠷ ᠬᠡᠲᠦᠨ ᠲᠠᠯ᠎ᠠ ᠠᠴᠠ ᠰᠢᠢᠳᠪᠦᠷᠢᠯᠡᠬᠦ ᠪᠤᠢ︖      ★ ᠬᠠᠷᠢᠭᠤᠯᠲᠠ᠄ ᠭᠤᠤᠯᠲᠠᠭᠤ ᠲᠠᠪᠤᠨ ᠲᠠᠯ᠎ᠠ ᠠᠴᠠ ᠲᠡᠭᠡᠷᠡᠬᠢ ᠠᠰᠠᠭᠤᠲᠠᠯ ᠢ ᠰᠢᠢᠳᠪᠦᠷᠢᠯᠡᠨ᠎ᠡ᠃ ᠨᠢᠭᠡ ᠳᠤ᠂ ᠤᠯᠭᠤᠮᠵᠢ ᠶᠢ ᠲᠤᠬᠳᠠᠭᠠᠬᠤ ᠲᠤᠬᠲᠠᠴᠠ ᠶᠢ ᠲᠡᠭᠦᠯᠳᠡᠷᠵᠢᠭᠦᠯᠦᠨ᠎ᠡ᠃ ᠨᠠᠮ ᠤᠨ ᠲᠦᠪ ᠬᠤᠷᠢᠶ᠎ᠠ ᠠᠴᠠ ᠪᠦᠬᠦ ᠤᠯᠤᠰ ᠤᠨ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠲᠠᠴᠢ ᠶᠢᠨ ᠡᠵᠡᠮᠲᠡᠵᠦ ᠪᠤᠯᠬᠤ ᠤᠷᠤᠯᠭ᠎ᠠ ᠪᠤᠯᠤᠨ ᠡᠳ᠋ ᠤᠨ ᠬᠦᠴᠦᠨ ᠤ ᠪᠠᠶᠢᠲᠠᠯ ᠵᠡᠷᠭᠡ ᠡᠯᠧᠮᠧᠨ᠋ᠲ ᠢ ᠦᠨᠳᠦᠰᠦᠯᠡᠨ᠂ ᠪᠦᠬᠦ ᠤᠯᠤᠰ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠨᠠᠭᠠᠲᠦ ᠵᠠᠬ᠎ᠠ ᠶᠢᠨ ᠪᠠᠷᠢᠮᠵᠢᠶ᠎ᠠ ᠶᠢ ᠲᠤᠬᠲᠠᠭᠠᠨ᠎ᠠ︔ ᠤᠷᠤᠨ ᠨᠤᠳᠤᠭ ᠤᠨ ᠬᠢᠨ ᠲᠤᠬᠠᠢ ᠶᠢᠨ ᠭᠠᠵᠠᠷ ᠤᠨ ᠪᠤᠲᠠᠳᠤ ᠪᠠᠶᠢᠲᠠᠯ ᠢᠶᠠᠨ ᠦᠨᠳᠦᠰᠦᠯᠡᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠪᠠᠷᠢᠮᠵᠢᠶ᠎ᠠ ᠶᠢ ᠲᠡᠭᠡᠭᠰᠢᠯᠡᠭᠦᠯᠵᠦ᠂ 65 ᠨᠠᠰᠤ ᠵᠢᠴᠢ ᠲᠡᠭᠡᠭᠰᠢᠬᠢ ᠬᠤᠲᠠ ᠬᠦᠲᠡᠭᠡ ᠶᠢᠨ ᠰᠠᠭᠤᠭᠠᠯᠢ ᠠᠷᠠᠳ ᠵᠦᠭ ᠵᠤᠬᠢᠰᠲᠠᠢ ᠬᠡᠯᠪᠠᠶᠢᠨ᠎ᠡ︔ ᠤᠷᠳᠤ ᠬᠤᠭᠤᠴᠠᠭ᠎ᠠ ᠪᠠᠷ ᠰᠦᠢᠳᠬᠡᠯ ᠲᠤᠰᠢᠶᠠᠵᠦ᠂ ᠨᠠᠭᠠᠲᠦ ᠵᠠᠬ᠎ᠠ ᠶᠢᠨ ᠰᠦᠢᠳᠬᠡᠯ ᠲᠤᠰᠢᠶᠠᠬᠤ ᠵᠢᠯ ᠬᠤᠭᠤᠴᠠᠭ᠎ᠠ ᠠᠴᠠ ᠬᠡᠲᠦᠷᠡᠭᠰᠡᠨ ᠢ ᠨᠢ᠂ ᠵᠢᠯ ᠬᠤᠭᠤᠴᠠᠭ᠎ᠠ ᠶᠢᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠵᠤᠬᠢᠰᠲᠠᠢ ᠨᠡᠮᠡᠨ᠎ᠡ᠃ ᠡᠯ᠎ᠠ ᠭᠠᠵᠠᠷ ᠤᠨ ᠬᠢᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠲᠡᠭᠡᠭᠰᠢᠯᠡᠭᠦᠯᠬᠦ ᠪᠠ ᠵᠢᠯ ᠬᠤᠭᠤᠴᠠᠭ᠎ᠠ ᠠᠴᠠ ᠬᠡᠲᠦᠷᠡᠭᠦᠯᠦᠨ ᠲᠠᠷᠬᠠᠭᠠᠬᠰᠠᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠳᠤ ᠬᠡᠷᠡᠭᠰᠡᠬᠦ ᠪᠡᠯᠡ ᠮᠦᠩᠬᠦ ᠶᠢ ᠤᠷᠤᠨ ᠨᠤᠳᠤᠭ ᠤᠨ ᠡᠳ᠋ ᠤᠨ ᠵᠠᠰᠠᠭ ᠠᠴᠠ ᠬᠠᠷᠢᠭᠤᠴᠠᠨ᠎ᠠ᠃ ᠬᠤᠶᠠᠷ ᠲᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠬᠡᠪ ᠤᠨ ᠶᠤᠰᠤᠭᠠᠷ ᠲᠤᠬᠢᠷᠠᠭᠤᠯᠬᠤ ᠲᠤᠬᠲᠠᠴᠠ ᠶᠢ ᠪᠠᠶᠢᠭᠤᠯᠤᠨ᠎ᠠ᠃ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠨᠢ ᠡᠳ᠋ ᠤᠨ ᠵᠠᠰᠠᠭ ᠤᠨ ᠶᠠᠮᠤᠨ ᠲᠠᠢ ᠬᠠᠮᠲᠦ ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠲᠡᠯ᠂ ᠪᠤᠲᠠᠰ ᠤᠨ ᠦᠨ᠎ᠡ ᠶᠢᠨ ᠬᠤᠪᠢᠷᠠᠯᠲᠠ ᠪᠤᠯᠤᠨ ᠠᠵᠢᠯᠲᠠᠨ ᠤ ᠦᠨᠳᠦᠰᠦᠨ ᠨᠠᠰᠤᠵᠢᠯ ᠤᠨ ᠲᠠᠭᠠᠳᠬᠠᠯ ᠵᠡᠷᠭᠡ ᠶᠢᠨ ᠪᠠᠷᠢᠮᠵᠢᠶ᠎ᠠ ᠳᠤ ᠲᠤᠬᠢᠷᠠᠭᠤᠯᠤᠯᠲᠠ ᠬᠢᠭᠰᠡᠨ ᠪᠠᠶᠢᠲᠠᠯ ᠢ ᠪᠤᠳᠤᠯᠬᠢᠯᠠᠵᠦ᠂ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠨᠠᠭᠠᠲᠦ ᠵᠠᠬ᠎ᠠ ᠶᠢᠨ ᠪᠠᠷᠢᠮᠵᠢᠶ᠎ᠠ ᠳᠤ ᠲᠤᠬᠢᠷᠠᠭᠤᠯᠤᠯᠲᠠ ᠬᠢᠬᠦ ᠲᠦᠰᠦᠯ ᠢ ᠲᠤᠬᠢᠷᠠᠬᠰᠠᠨ ᠴᠠᠬ ᠲᠤ ᠲᠤᠷᠠᠳᠤᠨ ᠭᠠᠷᠭᠠᠵᠦ᠂ ᠨᠠᠮ ᠤᠨ ᠲᠦᠪ ᠬᠤᠷᠢᠶ᠎ᠠ ᠪᠤᠯᠤᠨ ᠲᠦᠷᠦ ᠶᠢᠨ ᠶᠠᠪᠤᠲᠠᠯ ᠤᠨ ᠬᠤᠷᠢᠶ᠎ᠠ ᠳᠤ ᠲᠡᠪᠰᠢᠭᠦᠯᠦᠨ ᠲᠤᠬᠲᠠᠭᠠᠨᠬᠤ ᠬᠡᠷᠡᠭᠲᠡᠢ︔ ᠤᠷᠤᠨ ᠨᠤᠳᠤᠭ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠲᠤᠬᠢᠷᠠᠭᠤᠯᠤᠯᠲᠠ ᠶᠢ ᠲᠤᠬᠠᠢ ᠶᠢᠨ ᠭᠠᠵᠠᠷ ᠤᠨ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠦᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠢ ᠬᠠᠮᠳᠤᠷᠠᠨ ᠲᠦᠰᠦᠯ ᠲᠤᠷᠠᠳᠤᠨ ᠭᠠᠷᠭᠠᠵᠦ᠂ ᠠᠳᠠᠯᠢ ᠱᠠᠲᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠳᠤ ᠲᠡᠪᠰᠢᠭᠦᠯᠦᠨ ᠲᠤᠬᠲᠠᠭᠠᠬᠤ ᠬᠡᠷᠡᠭᠲᠡᠢ ᠬᠡᠵᠦ ᠲᠤᠲᠤᠷᠬᠠᠢ ᠲᠤᠬᠲᠠᠭᠠᠵᠠᠢ ᠃ ᠭᠤᠷᠪᠠ ᠳᠤ᠂ ᠬᠤᠪᠢ ᠬᠦᠮᠦᠨ ᠤ ᠰᠦᠢᠳᠬᠡᠯ ᠲᠤᠰᠢᠶᠠᠬᠤ ᠳᠡᠰ ᠤᠨ ᠪᠠᠷᠢᠮᠵᠢᠶ᠎ᠠ ᠶᠢ ᠲᠤᠬᠢᠷᠠᠭᠤᠯᠬᠤ ᠲᠤᠬᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠤᠨ ᠬᠢᠨ ᠤ ᠰᠦᠢᠳᠬᠡᠯ ᠲᠤᠰᠢᠶᠠᠬᠤ ᠬᠠᠮᠤᠭ ᠤᠨ ᠲᠡᠭᠡᠲᠦ ᠲᠡᠰ ᠤᠨ ᠪᠠᠷᠢᠮᠵᠢᠶ᠎ᠠ ᠨᠢ ᠵᠠᠷᠴᠢᠮ ᠲᠡᠭᠡᠷ᠎ᠡ ᠪᠠᠨ ᠲᠤᠬᠠᠢ ᠶᠢᠨ ᠭᠠᠵᠠᠷ ᠤᠨ ᠠᠮᠢᠳᠤᠯᠢᠬ ᠢᠶᠠᠷ ᠠᠵᠢᠯ ᠤᠯᠭᠤᠵᠦ ᠪᠠᠶᠢᠭ᠎ᠠ ᠬᠦᠮᠦᠰ ᠤᠨ ᠠᠵᠢᠯᠲᠠᠨ ᠤ ᠦᠨᠳᠦᠰᠦᠨ ᠨᠠᠰᠤᠵᠢᠯ ᠤᠨ ᠲᠠᠭᠠᠳᠬᠠᠯ ᠳᠤ ᠤᠷᠤᠯᠴᠠᠬᠤ ᠵᠢᠯ ᠤᠨ ᠰᠦᠢᠳᠬᠡᠯ ᠲᠤᠰᠢᠶᠠᠬᠤ ᠬᠡᠮᠵᠢᠶ᠎ᠡ ᠠᠴᠠ ᠲᠠᠪᠠᠭᠤᠯᠵᠦ ᠪᠤᠯᠬᠤ ᠦᠭᠡᠢ᠃ ᠬᠦᠨᠲᠦ ᠵᠡᠮᠲᠡᠭ ᠬᠦᠮᠦᠨ ᠵᠡᠷᠭᠡ ᠰᠦᠢᠳᠬᠡᠯ ᠲᠤᠰᠢᠶᠠᠬᠤ ᠳᠤ ᠬᠦᠴᠢᠷᠲᠡᠢ ᠬᠦᠮᠦᠰ ᠲᠤ ᠤᠳᠤ ᠶᠢᠨ ᠬᠡᠷᠡᠭᠵᠢᠭᠦᠯᠵᠦ ᠪᠠᠶᠢᠭ᠎ᠠ ᠨᠠᠭᠠᠲᠤ ᠵᠠᠬ᠎ᠠ ᠶᠢᠨ ᠰᠦᠢᠳᠬᠡᠯ ᠲᠤᠰᠢᠶᠠᠬᠤ ᠲᠡᠰ ᠤᠨ ᠪᠠᠷᠢᠮᠵᠢᠶ᠎ᠠ ᠶᠢ ᠦᠯᠡᠲᠡᠭᠡᠵᠦ ᠪᠤᠯᠤᠨ᠎ᠠ ᠬᠡᠵᠦ ᠲᠤᠲᠤᠷᠬᠠᠢ ᠲᠤᠬᠲᠠᠭᠠᠵᠠᠢ᠃ ᠳᠦᠷᠪᠡ ᠳᠤ᠂ ᠰᠦᠢᠳᠬᠡᠯ ᠲᠤᠰᠢᠶᠠᠬᠤ ᠨᠦᠬᠦᠪᠦᠷᠢ ᠶᠢ ᠲᠤᠬᠢᠷᠠᠭᠤᠯᠬᠤ ᠲᠤᠬᠲᠠᠴᠠ ᠶᠢ ᠪᠠᠶᠢᠭᠤᠯᠤᠨ᠎ᠠ᠃ ᠭᠠᠵᠠᠷ ᠤᠷᠤᠨ ᠤ ᠬᠢᠨ ᠰᠦᠢᠳᠬᠡᠯ ᠲᠤᠰᠢᠶᠠᠬᠤ ᠨᠦᠬᠦᠪᠦᠷᠢ ᠶᠢᠨ ᠲᠦᠪᠰᠢᠨ ᠳᠤ ᠲᠤᠬᠢᠷᠠᠭᠤᠯᠤᠯᠲᠠ ᠬᠢᠵᠦ᠂ ᠰᠦᠢᠳᠬᠡᠯ ᠲᠤᠰᠢᠶᠠᠬᠤ ᠨᠦᠬᠦᠪᠦᠷᠢ ᠶᠢ ᠬᠦᠲᠡᠯᠦᠩᠬᠦᠢ ᠲᠤᠬᠢᠷᠠᠭᠤᠯᠬᠤ ᠲᠤᠬᠲᠠᠴᠠ ᠶᠢ ᠪᠠᠶᠢᠭᠤᠯᠬᠤ ᠬᠡᠷᠡᠭᠲᠡᠢ᠃ ᠬᠠᠮᠲᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢ ᠵᠤᠷᠢᠬᠵᠢᠭᠤᠯᠤᠨ ᠰᠦᠢᠳᠬᠡᠯ ᠲᠤᠰᠢᠶᠠᠬᠤ ᠨᠦᠬᠦᠪᠦᠷᠢ ᠶᠢ ᠲᠡᠭᠡᠭᠰᠢᠯᠡᠭᠦᠯᠵᠦ᠂ ᠪᠤᠰᠤᠳ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠬᠦᠢ ᠶᠢᠨ ᠵᠤᠬᠢᠶᠠᠨ ᠪᠠᠶᠢᠭᠤᠯᠤᠯᠲᠠ᠂ ᠬᠤᠪᠢ ᠬᠦᠮᠦᠨ ᠠᠴᠠ ᠲᠠᠭᠠᠳᠬᠠᠯ ᠳᠤ ᠤᠷᠤᠯᠴᠠᠬᠴᠢ ᠶᠢᠨ ᠰᠦᠢᠳᠬᠡᠯ ᠲᠤᠰᠢᠶᠠᠬᠤ ᠳᠤ ᠶᠡᠭᠡ ᠭᠡᠮᠵᠢᠶᠡᠨ ᠤ ᠲᠤᠰᠠᠯᠠᠮᠵᠢ ᠦᠵᠡᠭᠦᠯᠬᠦ ᠶᠢ ᠵᠤᠷᠢᠬᠵᠢᠭᠤᠯᠬᠤ ᠬᠡᠷᠡᠭᠲᠡᠢ ᠬᠡᠵᠦ ᠲᠤᠲᠤᠷᠬᠠᠢ ᠲᠤᠬᠲᠠᠭᠠᠵᠠᠢ᠃ ᠲᠠᠪᠤ ᠳᠤ᠂ ᠬᠤᠪᠢ ᠬᠦᠮᠦᠨ ᠤ ᠳᠠᠩᠰᠠᠠ ᠡᠷᠦᠬᠡ ᠶᠢᠨ ᠰᠠᠭᠤᠷᠢ ᠮᠦᠩᠭᠦ ᠶᠢᠨ ᠦᠷᠲᠡᠭ ᠢ ᠪᠠᠲᠤᠯᠠᠵᠤ ᠦᠷᠲᠡᠭ ᠢ ᠨᠡᠮᠡᠭᠳᠡᠭᠦᠯᠦᠨ᠎ᠡ᠃ ᠡᠯ᠎ᠡ ᠭᠠᠵᠠᠷ ᠤᠷᠤᠨ ᠤ ᠬᠢᠨ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠬᠠᠮᠢᠶ᠎ᠠ ᠪᠦᠬᠦᠢ ᠱᠠᠭᠠᠷᠲᠠᠯᠭ᠎ᠠ ᠪᠤᠯᠤᠨ ᠲᠤᠬᠲᠠᠭᠠᠯ ᠶᠤᠰᠤᠭᠠᠷ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠰᠠᠭᠤᠷᠢ ᠮᠦᠩᠬᠦ ᠳᠤ ᠨᠠᠶᠢᠲᠠᠨ ᠪᠡᠯᠡ ᠤᠷᠤᠭᠤᠯᠬᠤ ᠠᠵᠢᠯ ᠢ ᠦᠷᠨᠢᠭᠦᠯᠵᠦ᠂ ᠰᠠᠭᠤᠷᠢ ᠮᠦᠩᠬᠦ ᠶᠢᠨ ᠦᠷᠲᠡᠭ ᠢ ᠪᠠᠲᠤᠯᠠᠨ ᠦᠷᠲᠡᠭ ᠢ ᠨᠡᠮᠡᠭᠲᠡᠭᠦᠯᠬᠦ ᠶᠢ ᠪᠡᠶᠡᠯᠡᠭᠦᠯᠬᠦ ᠬᠡᠷᠡᠭᠲᠡᠢ᠃       ● ᠠᠰᠠᠭᠤᠯᠲᠠ᠄ ᠲᠠᠭᠠᠳᠬᠠᠯ ᠳᠤ ᠤᠷᠤᠯᠴᠠᠬᠰᠠᠨ ᠵᠠᠷᠢᠮ ᠰᠠᠭᠤᠭᠠᠯᠢ ᠠᠷᠠᠳ ᠤᠳᠤᠬᠠᠨ ᠳᠤ ᠨᠠᠭᠠᠲᠦ ᠵᠠᠬ᠎ᠠ ᠶᠢᠨ ᠲᠡᠰ ᠢ ᠰᠤᠩᠭᠤᠨ ᠰᠦᠢᠳᠬᠡᠯ ᠲᠤᠰᠢᠶᠠᠵᠦ᠂ ᠬᠤᠪᠢ ᠬᠦᠮᠦᠨ ᠤ ᠲᠠᠩᠰᠠᠨ ᠡᠷᠦᠭᠡ ᠶᠢᠨ ᠬᠤᠷᠠᠮᠳᠤᠭᠤᠯᠤᠯ ᠨᠢ ᠨᠡᠯᠢᠶᠡᠳ ᠴᠦᠬᠡᠨ ᠪᠠᠶᠢᠨ᠎ᠠ᠂ ᠡᠲᠡᠭᠡᠷ ᠠᠰᠠᠭᠤᠲᠠᠯ ᠢ ᠬᠡᠷᠬᠢᠨ ᠰᠢᠢᠳᠪᠦᠷᠢᠯᠡᠬᠦ ᠪᠤᠢ︖      ★ ᠬᠠᠷᠢᠭᠤᠯᠲᠠ᠄ ᠢᠷᠡᠭᠡᠲᠦᠢ ᠳᠤ ᠲᠦᠷᠪᠡᠨ ᠲᠠᠯ᠎ᠠ ᠠᠴᠠ ᠰᠢᠢᠳᠪᠦᠷᠢᠯᠡᠬᠦ ᠪᠠᠷ ᠪᠠᠶᠢᠨ᠎ᠠ᠄ ᠨᠢᠭᠡ ᠳᠤ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠲᠠᠰ ᠤᠨ ᠪᠠᠷᠢᠮᠵᠢᠶ᠎ᠠ ᠶᠢ ᠵᠤᠬᠢᠰᠲᠠᠢ ᠲᠤᠬᠲᠠᠭᠠᠬᠤ ᠪᠠ ᠲᠤᠬᠢᠷᠠᠭᠤᠯᠵᠦ᠂ ᠬᠤᠪᠢ ᠬᠦᠮᠦᠨ ᠤ ᠲᠤᠰᠢᠶᠠᠬᠤ ᠰᠦᠢᠳᠬᠡᠯ ᠢ ᠲᠡᠭᠡᠭᠰᠢᠯᠡᠭᠦᠯᠦᠨ᠎ᠡ︔ ᠬᠤᠶᠠᠷ ᠲᠤ᠂ ᠠᠵᠦ ᠠᠬᠤᠢ ᠶᠢᠨ ᠬᠦᠭᠵᠢᠯᠲᠡ᠂ ᠬᠤᠪᠢ ᠬᠦᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ ᠲᠡᠭᠡᠭᠰᠢᠯᠡᠯᠲᠡ ᠪᠠ ᠡᠳ᠋ ᠤᠨ ᠬᠦᠴᠦᠨ ᠤ ᠪᠠᠶᠢᠲᠠᠯ ᠢ ᠦᠨᠳᠦᠰᠦᠯᠡᠨ᠂ ᠵᠠᠰᠠᠭ ᠤᠨ ᠤᠷᠳᠤᠨ ᠠᠴᠠ ᠬᠤᠪᠢ ᠬᠦᠮᠦᠨ ᠤ ᠰᠦᠢᠳᠬᠡᠯ ᠲᠤᠰᠢᠶᠠᠬᠤ ᠨᠦᠬᠦᠪᠦᠷᠢ ᠶᠢ ᠲᠡᠭᠡᠭᠰᠢᠯᠡᠭᠦᠯᠦᠨ᠎ᠡ︔ ᠭᠤᠷᠪᠠ ᠳᠤ᠂ ᠪᠤᠰᠤᠳ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠬᠦᠢ ᠶᠢᠨ ᠵᠤᠬᠢᠶᠠᠨ ᠪᠠᠶᠢᠭᠤᠯᠤᠯᠲᠠ᠂ ᠬᠤᠪᠢ ᠬᠦᠮᠦᠨ ᠢ ᠤᠷᠮᠠᠰᠢᠭᠤᠯᠤᠨ ᠲᠠᠭᠠᠳᠬᠠᠯ ᠳᠤ ᠤᠷᠤᠯᠴᠠᠬᠴᠢ ᠶᠢᠨ ᠰᠦᠢᠳᠬᠡᠯ ᠲᠤᠰᠢᠶᠠᠬᠤ ᠳᠤ ᠶᠡᠭᠡ ᠬᠡᠮᠵᠢᠶᠡᠨ ᠤ ᠲᠤᠰᠠᠯᠠᠮᠵᠢ ᠦᠵᠡᠭᠦᠯᠦᠨ᠎ᠡ︔ ᠲᠦᠷᠪᠡ ᠳᠤ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠰᠠᠭᠤᠷᠢ ᠮᠦᠩᠬᠦ ᠳᠤ ᠨᠡᠶᠢᠲᠡᠨ ᠪᠡᠯᠡ ᠤᠷᠤᠭᠤᠯᠬᠤ ᠠᠵᠢᠯ ᠢ ᠦᠷᠨᠢᠭᠦᠯᠵᠦ᠂ ᠠᠰᠢᠬ ᠤᠯᠵᠠᠪᠤᠷᠢ ᠶᠢ ᠨᠡᠮᠡᠭᠲᠡᠭᠦᠯᠦᠨ᠎ᠡ᠃ ᠲᠠᠷᠠᠭᠠᠴᠢ ᠶᠢᠨ ᠠᠯᠬᠤᠮ ᠳᠤ ᠪᠢᠲᠡ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠦ᠂ ᠬᠤᠲᠠ ᠬᠦᠲᠡᠭᠡ ᠶᠢᠨ ᠰᠠᠭᠤᠭᠠᠯᠢ ᠠᠷᠠᠳ ᠲᠤ ᠲᠦᠷᠦ ᠶᠢᠨ ᠪᠤᠳᠤᠯᠭ᠎ᠠ ᠶᠢ ᠤᠢᠢᠯᠠᠭᠠᠭᠤᠯᠵᠦ᠂ ᠲᠡᠲᠡᠨ ᠤ ᠤᠷᠳᠤ ᠬᠤᠭᠤᠴᠠᠭ᠎ᠠ ᠪᠠᠷ ᠰᠦᠢᠳᠬᠡᠯ ᠲᠤᠰᠢᠶᠠᠨ ᠢᠯᠡᠭᠦᠭᠡᠨ ᠲᠤᠰᠢᠶᠠᠬᠤ ᠶᠢ ᠠᠬᠢᠭᠤᠯᠬᠤ ᠶᠢᠨ ᠬᠠᠮᠲᠦ᠂ ᠲᠦᠷᠦ ᠶᠢᠨ ᠪᠤᠳᠤᠯᠭ᠎ᠠ ᠶᠢᠨ ᠨᠠᠶᠢᠲᠠᠪᠤᠷᠢᠵᠢᠭᠤᠯᠤᠯᠲᠠ ᠶᠢ ᠶᠡᠬᠡᠪᠡᠷ ᠠᠬᠢᠭᠤᠯᠵᠦ᠂ ᠡᠯ᠎ᠡ ᠲᠠᠯ᠎ᠠ ᠶᠢᠨ ᠪᠡᠯᠡ ᠬᠤᠷᠠᠮᠳᠤᠭᠤᠯᠬᠤ ᠬᠠᠷᠢᠭᠤᠴᠠᠯᠭ᠎ᠠ ᠶᠢ ᠴᠢᠩᠭᠠᠳᠬᠠᠵᠦ᠂ ᠬᠤᠪᠢ ᠬᠦᠮᠦᠨ ᠤ ᠲᠠᠩᠰᠠᠨ ᠡᠷᠦᠭᠡ ᠶᠢᠨ ᠬᠠᠲᠠᠭᠠᠯᠠᠮᠵᠢ ᠶᠢᠨ ᠬᠡᠮᠵᠢᠶ᠎ᠡ ᠢᠷᠡᠭᠡᠲᠦᠢ ᠳᠤ ᠬᠡᠪ ᠤᠨ ᠶᠤᠰᠤᠭᠠᠷ ᠨᠡᠮᠡᠭᠲᠡᠬᠦ ᠪᠤᠯᠤᠨ᠎ᠠ᠃       ● ᠠᠰᠠᠭᠤᠯᠲᠠ᠄ ᠪᠢᠴᠢᠭ ᠮᠠᠲ᠋ᠧᠷᠢᠶᠠᠯ ᠢ ᠲᠠᠷᠤᠮᠠᠯᠯᠠᠨ ᠲᠠᠷᠬᠠᠭᠠᠬᠰᠠᠨ ᠤ ᠲᠠᠷᠠᠭ᠎ᠠ ᠬᠡᠷᠬᠢᠨ ᠲᠤᠤᠱᠯᠠᠭᠤᠯᠤᠨ ᠬᠡᠷᠡᠭᠵᠢᠭᠦᠯᠬᠦ ᠪᠤᠢ︖      ★ ᠬᠠᠷᠢᠭᠤᠯᠲᠠ᠄ ᠨᠢᠭᠡ ᠳᠤ᠂ ᠡᠯ᠎ᠡ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠲᠤᠲᠤᠷᠬᠠᠢ ᠪᠤᠯᠭᠠᠵᠦ᠂ ᠲᠦᠷᠦ ᠶᠢᠨ ᠪᠤᠳᠤᠯᠭ᠎ᠠ ᠶᠢ ᠲᠤᠤᠱᠲᠠᠢ ᠨᠠᠶᠢᠲᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠡᠯ᠎ᠡ ᠭᠠᠵᠠᠷ ᠤᠨ ᠬᠢᠨ ᠪᠤᠲᠠᠲᠤ ᠪᠠᠶᠢᠲᠠᠯ ᠠᠴᠠ ᠪᠠᠨ ᠡᠭᠦᠰᠴᠦ᠂ ᠲᠤᠰ ᠭᠠᠵᠠᠷ ᠤᠷᠤᠨ ᠤ ᠪᠠᠶᠢᠲᠠᠯ ᠳᠤ ᠲᠤᠬᠢᠷᠠᠬᠰᠠᠨ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ ᠲᠤᠬᠲᠠᠭᠠᠬᠤ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠲᠤᠬᠢᠷᠠᠭᠤᠯᠬᠤ ᠲᠤᠬᠲᠠᠴᠠ ᠶᠢ ᠲᠤᠬᠲᠠᠭᠠᠬᠤ ᠪᠠ ᠲᠡᠭᠦᠯᠲᠡᠷᠵᠢᠭᠦᠯᠬᠦ ᠬᠡᠷᠡᠭᠲᠡᠢ᠃ ᠭᠤᠷᠪᠠ ᠳᠤ᠂ ᠡᠯ᠎ᠡ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠦᠨᠡᠨᠬᠦ ᠲᠤᠰᠢᠶᠠᠯ ᠬᠠᠷᠢᠭᠤᠴᠠᠯᠭ᠎ᠠ ᠪᠠᠨ‌‍ᠬᠡᠷᠡᠭᠵᠢᠭᠦᠯᠵᠦ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ᠂ ᠬᠤᠪᠢ ᠬᠦᠮᠦᠨ ᠤ ᠰᠦᠢᠳᠬᠡᠯ ᠲᠤᠰᠢᠶᠠᠬᠤ ᠲᠡᠰ ᠤᠨ ᠪᠠᠷᠢᠮᠵᠢᠶ᠎ᠠ᠂ ᠵᠠᠰᠠᠭ ᠤᠨ ᠤᠷᠳᠤᠨ ᠤ ᠨᠦᠬᠦᠪᠦᠷᠢ ᠶᠢᠨ ᠪᠠᠷᠢᠮᠵᠢᠶ᠎ᠠ ᠵᠡᠷᠭᠡ ᠶᠢ ᠲᠦᠰᠦᠭᠡᠯᠡᠨ ᠪᠤᠳᠤᠬᠤ ᠪᠠ ᠲᠤᠬᠢᠷᠠᠭᠤᠯᠬᠤ ᠠᠵᠢᠯ ᠢ ᠬᠠᠮᠳᠤᠪᠡᠷ ᠰᠠᠶᠢᠲᠦᠷ ᠬᠢᠬᠦ ᠬᠡᠷᠡᠭᠲᠡᠢ︔ ᠲᠦᠷᠪᠡ ᠳᠤ᠂ ᠡᠯ᠎ᠡ ᠭᠠᠵᠠᠷ ᠤᠨ ᠬᠢᠨ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠦᠷᠦ ᠶᠢᠨ ᠪᠤᠳᠤᠯᠭ᠎ᠠ ᠳᠤ ᠪᠦᠬᠦ ᠲᠠᠯ᠎ᠠ ᠪᠠᠷ ᠤᠨᠤᠪᠴᠢᠲᠠᠢ ᠲᠠᠶᠢᠯᠤᠮᠵᠢ ᠬᠢᠵᠦ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠵᠦᠪ ᠤᠨᠤᠪᠴᠢᠲᠠᠢ ᠤᠳᠤᠷᠢᠳᠬᠤ ᠬᠡᠷᠡᠭᠲᠡᠢ᠃︵ᠡᠬᠡ ᠪᠢᠴᠢᠭ ᠢ ᠰᠢᠨᠬᠤᠸᠠ ᠰᠦᠯᠵᠢᠶ᠎ᠡ ᠠᠴᠠ ᠤᠷᠴᠢᠭᠤᠯᠤᠨ ᠨᠠᠶᠢᠷᠠᠭᠤᠯᠪᠠ᠂ ᠬᠡᠷᠡᠯ ᠵᠢᠷᠤᠭ ᠢ ᠰᠦᠯᠵᠢᠶᠡᠨ ᠠᠴᠠ ᠠᠪᠤᠪᠠ︶
 
ᠢᠷᠡᠯᠲᠡ᠄ ᠡᠬᠡ ᠪᠢᠴᠢᠭ ᠢ ᠰᠢᠨᠬᠤᠸᠠ ᠰᠦᠯᠵᠢᠶ᠎ᠡ ᠠᠴᠠ ᠤᠷᠴᠢᠭᠤᠯᠤᠨ ᠨᠠᠶᠢᠷᠠᠭᠤᠯᠪᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号