︹ ᠰᠡᠷᠭᠡᠶᠢᠯᠡᠨ ᠡᠵᠡᠮᠳᠡᠬᠦ ᠮᠡᠳᠡᠯᠭᠡ ︺ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠡᠷᠬᠢᠨ ᠬᠢᠬᠦ ᠪᠣᠶ︖
ᠨᠡᠶᠢᠲᠡᠯᠡᠭᠰᠡᠨ ᠴᠠᠭ᠄
2020/12/1
     ᠠᠭᠠᠷ ᠲᠣᠬᠢᠷᠠᠭᠤᠯᠤᠭᠴᠢ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠵᠢᠷᠤᠮᠵᠢᠭᠤᠯᠤᠨ᠎ᠠ᠃      ᠠᠵᠢᠯᠯᠠᠬᠤ ᠭᠠᠵᠠᠷ᠂ ᠣᠯᠠᠨ ᠨᠡᠶᠢᠲᠡ ᠶᠢᠨ ᠲᠠᠯᠠᠪᠤᠷ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠤᠨ ᠣᠷᠣᠨ ᠰᠠᠭᠤᠴᠠ ᠵᠡᠷᠭᠡ ᠠᠭᠠᠷ ᠲᠣᠬᠢᠷᠠᠭᠤᠯᠤᠭᠴᠢ ᠶᠢᠨ ᠰᠢᠰᠲ᠋ᠧᠮ ᠢ ᠨᠡᠭᠡᠭᠡᠬᠦ ᠠᠴᠠ ᠡᠮᠦᠨ᠎ᠡ ᠲᠥᠬᠦᠭᠡᠷᠦᠮᠵᠢ ᠨᠢ ᠬᠡᠪ ᠤᠨ ᠡᠰᠡᠬᠦ ᠶᠢ ᠪᠠᠶᠢᠴᠠᠭᠠᠬᠤ ᠬᠡᠷᠡᠭᠲᠠᠢ᠃ ᠬᠥᠯᠳᠡᠭᠡᠬᠦ ᠰᠤᠪᠤᠷᠭ᠎ᠠ ᠵᠡᠷᠭᠡ ᠶᠢ ᠤᠬᠢᠶᠠᠨ ᠴᠡᠪᠡᠷᠯᠡᠵᠦ᠂ ᠰᠢᠨ᠎ᠡ ᠰᠠᠯᠬᠢᠨ ᠤ ᠠᠮᠠᠰᠠᠷ ᠢ ᠴᠡᠪᠡᠷ ᠪᠠᠶᠢᠯᠭᠠᠵᠤ᠂ ᠰᠠᠯᠬᠢ ᠬᠦᠷᠭᠡᠬᠦ ᠠᠮᠠᠰᠠᠷ ᠵᠡᠷᠭᠡ ᠲᠥᠬᠦᠭᠡᠷᠦᠮᠵᠢ ᠪᠠ ᠤᠭᠰᠠᠷᠠᠭ᠎ᠠ ᠲᠣᠨᠤᠭ ᠢ ᠲᠣᠭᠲᠠᠮᠠᠯ ᠬᠤᠭᠤᠴᠠᠭ᠎ᠠ ᠲᠠᠢ ᠪᠠᠷ ᠤᠬᠢᠶᠠᠨ ᠴᠡᠪᠡᠷᠯᠡᠵᠦ᠂ ᠠᠷᠢᠭᠤᠳᠬᠠᠬᠤ ᠪᠤᠶᠤ ᠰᠣᠯᠢᠨ᠎ᠠ᠃ ᠰᠢᠨ᠎ᠡ ᠰᠠᠯᠬᠢᠨ ᠤ ᠠᠮᠠᠰᠠᠷ ᠪᠠ ᠰᠠᠯᠬᠢ ᠭᠠᠷᠭᠠᠬᠤ ᠠᠮᠠᠰᠠᠷ ᠢ ᠵᠣᠬᠢᠬᠤ ᠵᠠᠶ ᠲᠠᠢ ᠪᠠᠶᠢᠯᠭᠠᠬᠤ ᠬᠡᠷᠡᠭᠲᠡᠶ᠃ ᠲᠥᠪᠯᠡᠷᠡᠩᠭᠦᠶ ᠠᠭᠠᠷ ᠲᠣᠬᠢᠷᠠᠭᠤᠯᠤᠭᠴᠢ ᠶᠢᠨ ᠰᠢᠰᠲ᠋ᠧᠮ ᠤᠨ ᠠᠵᠢᠯᠯᠠᠭᠠᠨ ᠤ ᠶᠠᠪᠤᠴᠠ ᠳᠤ ᠠᠯᠢ ᠴᠢᠳᠠᠬᠤ ᠪᠠᠷ ᠰᠠᠯᠬᠢ ᠶᠢ ᠪᠠᠭᠠᠰᠬᠠᠵᠤ᠂ ᠰᠢᠨ᠎ᠡ ᠰᠠᠯᠬᠢᠨ ᠤ ᠬᠡᠮᠵᠢᠶ᠎ᠡ ᠶᠢ ᠨᠡᠮᠡᠭᠳᠡᠭᠦᠯᠦᠨ᠎ᠡ᠃      ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃      ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠡᠷᠡᠭᠦᠯ ᠬᠠᠮᠠᠭᠠᠯᠠᠯ ᠢ ᠡᠭᠦᠳᠦᠨ ᠪᠠᠶᠢᠭᠤᠯᠬᠤ ᠪᠠ ᠰᠡᠷᠭᠡᠶᠢᠯᠡᠨ ᠡᠵᠡᠮᠳᠡᠬᠦ ᠠᠵᠢᠯ ᠢ ᠣᠷᠭᠠᠨᠢᠭ ᠵᠶ᠋ᠠᠷ‌ᠤᠶᠠᠯᠳᠤᠭᠤᠯᠬᠤ ᠬᠡᠷᠡᠭᠲᠠᠢ᠃ ᠣᠯᠠᠨ ᠨᠡᠶᠢᠲᠡ ᠶᠢᠨ ᠭᠠᠷ ᠤᠨ ᠠᠷᠢᠭᠤᠨ ᠴᠡᠪᠡᠷ᠂ ᠨᠢᠭᠡ ᠮᠧᠲᠷ ᠤᠨ ᠵᠠᠮ ᠱᠤᠭᠤᠮ᠂ ᠴᠣᠩᠬᠤ ᠨᠡᠭᠡᠭᠡᠵᠦ ᠰᠠᠯᠬᠢ ᠨᠡᠪᠲᠡᠷᠡᠭᠦᠯᠬᠦ᠂ ᠠᠷᠢᠭᠤᠳᠬᠠᠨ ᠴᠡᠪᠡᠷᠯᠡᠬᠦ᠂ ᠡᠪᠡᠳᠴᠢᠯᠡᠭᠰᠡᠨ ᠪᠠᠶᠢᠳᠠᠯ ᠳᠤᠤᠷ᠎ᠠ ᠬᠥᠮᠦᠨ ᠬᠠᠷ᠎ᠠ ᠴᠤᠭᠯᠠᠬᠤ ᠲᠠᠯᠠᠪᠤᠷ ᠲᠤ ᠣᠴᠢᠬᠤ ᠶᠢ ᠪᠠᠭᠠᠰᠬᠠᠬᠤ ᠪᠣᠯᠤᠨ ᠠᠮᠠᠪᠴᠢ ᠵᠡᠭᠦᠬᠦ ᠵᠡᠷᠭᠡ ᠡᠷᠡᠭᠦᠯ ᠮᠡᠨᠳᠦ ᠶᠢᠨ ᠬᠠᠮᠠᠭᠠᠯᠠᠯᠲᠠ ᠪᠣᠯᠤᠨ ᠦᠵᠡᠯ ᠤᠬᠠᠮᠰᠠᠷ ᠢ ᠴᠢᠩᠭᠠᠳᠬᠠᠵᠤ᠃ ᠭᠠᠷ ᠢᠶᠠᠨ ᠦᠷᠭᠦᠯᠵᠢ ᠤᠬᠢᠶᠠᠬᠤ᠂ ᠬᠠᠨᠢᠶᠠᠬᠤ ᠪᠠ ᠨᠠᠶᠢᠲᠠᠭᠠᠬᠤ ᠦᠶ᠎ᠡ ᠳᠤ ᠬᠠᠯᠬᠠᠯᠠᠬᠤ ᠵᠡᠷᠭᠡ ᠡᠷᠡᠭᠦᠯ  ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠪᠠ ᠦᠢᠯᠡ ᠠᠵᠢᠯᠯᠠᠭ᠎ᠠ ᠶᠢ ᠠᠩᠬᠠᠷᠬᠤ ᠬᠡᠷᠡᠭᠲᠡᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号