ᠨᠢᠭᠡᠳᠦᠭᠡᠷ ᠱᠦᠵᠢ ᠴᠢᠮ᠎ᠠ ᠶᠢ ᠳᠠᠭᠠᠭᠤᠯᠤᠨ ︽ᠴᠢᠨᠡᠭᠡᠯᠢᠭ︾ ᠶᠢ ᠦᠵᠡᠭᠦᠯᠦᠶ᠎ᠡ — ︽ᠬᠤᠨᠢᠨ ᠲᠣᠰᠬᠤᠨ︾ ᠤ ᠰᠠᠬᠢᠨ ᠬᠠᠮᠠᠭᠠᠯᠠᠭᠴᠢ 
ᠨᠡᠶᠢᠲᠡᠯᠡᠭᠰᠡᠨ ᠴᠠᠭ᠄
2020/12/15

     ᠱᠧᠨ ᠪᠦ᠋ ᠭᠧᠨ ᠲᠣᠰᠬᠤᠨ 2016 ᠣᠨ ᠳᠤ 7 ᠡᠷᠦᠬᠡ ᠶᠢᠨ 17 ᠬᠥᠮᠦᠨ ᠢ ᠨᠠᠷᠢᠯᠢᠭ ᠣᠨᠣᠴᠠᠲᠠᠶ ᠪᠠᠷ

ᠶᠠᠳᠠᠭᠤ ᠶᠢ ᠳᠡᠳᠬᠦᠬᠦ ᠳᠤ ᠣᠷᠣᠭᠤᠯᠵᠤ᠂ 2017 ᠣᠨ ᠳᠤ 11 ᠡᠷᠦᠬᠡ 23 ᠬᠥᠮᠦᠨ ᠢ ᠰᠢᠨ᠎ᠡ ᠪᠠᠷ ᠢᠯᠭᠠᠨ᠂

ᠪᠥᠬᠦ ᠲᠣᠰᠬᠤᠨ ᠳᠡᠩᠰᠡᠯᠡᠵᠦ ᠺᠠᠷᠲ᠋ᠡᠯᠠᠭᠰᠠᠨ ᠶᠠᠳᠠᠭᠤ ᠬᠦᠴᠢᠷᠳᠡᠯᠲᠡᠶ ᠡᠷᠦᠬᠡ 18 ᠡᠷᠦᠬᠡ 40 ᠬᠦᠮᠦᠨ

     2018 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠲᠦᠮᠡᠳ

ᠵᠡᠭᠦᠨ ᠬᠤᠰᠢᠭᠤᠨ ᠤ ᠪᠠᠶ ᠮᠢᠶᠣᠣ ᠽᠢ ᠪᠠᠯᠭᠠᠰᠤᠨ ᠤ ᠱᠧᠨ ᠪᠦ᠋ ᠭᠧᠨ ᠲᠣᠰᠬᠤᠨ ᠤ ᠨᠢᠭᠡᠳᠦᠭᠡᠷ ᠱᠦᠵᠢ ᠪᠥᠭᠡᠳ

ᠶᠠᠳᠠᠭᠤ ᠶᠢ ᠲᠡᠳᠬᠦᠬᠦ ᠠᠵᠢᠯ ᠤᠨ ᠠᠩᠭᠢ ᠶᠢᠨ ᠳᠠᠷᠤᠭ᠎ᠠ ᠵᠠᠩ ᠬᠤᠤ ᠰᠢᠶᠤᠤ ᠬᠥᠬᠡᠬᠤᠲᠠ ᠶᠢᠨ ᠡᠷᠡᠭᠦᠯ ᠬᠠᠮᠠᠭᠠᠯᠠᠯ

ᠡᠷᠡᠭᠦᠯ ᠮᠡᠨᠳᠦ ᠶᠢᠨ ᠵᠥᠪᠯᠡᠯ ᠠᠴᠠ ᠱᠧᠨ ᠪᠦ᠋ ᠭᠧᠨ ᠲᠣᠰᠬᠤᠨ ᠳᠤ ᠬᠦᠷᠴᠦ ᠢᠷᠡᠵᠠᠢ᠃ ᠲᠥᠷᠥ ᠶᠢᠨ

ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠶᠠᠳᠠᠭᠤ ᠠᠴᠠ

ᠠᠩᠭᠢᠵᠢᠷᠠᠭᠤᠯᠬᠤ ᠶᠢᠨ ᠲᠥᠯᠥᠭᠡ᠂ ᠲᠡᠷᠡ ᠲᠥᠷᠥᠯ ᠵᠦᠢᠯ ᠤᠨ ᠬᠥᠮᠥᠷᠭᠡ ᠶᠢᠨ ᠪᠡᠯᠡ ᠮᠥᠩᠭᠦ ᠶᠢ 50 ᠲᠦᠮᠡᠨ

ᠲᠥᠭᠦᠷᠢᠭ ᠣᠷᠣᠭᠤᠯᠤᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢ ᠪᠤᠵᠠᠭᠠᠶᠢᠷᠠᠭᠤᠯᠬᠤ ᠶᠢ ᠳᠡᠮᠵᠢᠵᠦ᠂

ᠬᠤᠨᠢᠨ ᠤ ᠬᠠᠰᠢᠶ᠎ᠠ ᠰᠠᠷᠠᠪᠴᠢ ᠶᠢ ᠥᠷᠭᠡᠳᠬᠡᠨ᠂ ᠬᠦᠢᠲᠡᠨ ᠬᠥᠮᠥᠷᠭᠡ ᠪᠠᠶᠢᠭᠤᠯᠵᠤ᠂ ᠲᠠᠸᠠᠷ ᠤᠨ ᠲᠡᠮᠳᠡᠭ

ᠳᠠᠩᠰᠠᠯᠠᠭᠤᠯᠤᠨ ᠁ ᠲᠡᠵᠢᠭᠡᠨ ᠦᠷᠡᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ

ᠬᠡᠪᠴᠢᠶ᠎ᠡ ᠪᠠᠨ ᠥᠷᠭᠡᠳᠬᠡᠵᠦ᠂ ᠬᠤᠷᠰᠢᠶ᠎ᠠ ᠶᠠᠳᠠᠭᠤ ᠬᠦᠴᠢᠷᠳᠡᠯᠲᠡᠶ ᠡᠷᠦᠬᠡ ᠶᠢᠨ ᠬᠥᠳᠡᠯᠮᠦᠷᠢᠯᠡᠬᠦ ᠴᠢᠳᠠᠪᠤᠷᠢ ᠲᠠᠢ

ᠲᠣᠰᠬᠤᠨ ᠤ ᠠᠷᠠᠳ ᠢ ᠤᠷᠢᠵᠤ ᠬᠤᠨᠢ ᠲᠡᠵᠢᠭᠡᠯᠭᠡᠨ᠂ ᠲᠡᠳᠡᠨ ᠢ ᠬᠠᠪᠰᠤᠷᠤᠨ ᠠᠵᠢᠯ ᠣᠯᠭᠤᠵᠤ᠂ ᠬᠥᠮᠦᠨ

ᠪᠦᠷᠢ ᠶᠢᠨ ᠵᠢᠯ ᠤᠨ ᠣᠷᠣᠯᠭ᠎ᠠ ᠨᠢ 5 ᠮᠢᠩᠭᠠᠨ ᠲᠥᠭᠦᠷᠢᠭ ᠠᠴᠠ ᠳᠡᠭᠡᠭᠰᠢ ᠪᠣᠯᠤᠨ᠎ᠠ᠃

     ᠣᠳᠣᠬᠠᠨ ᠳᠤ᠂ ᠬᠤᠷᠰᠢᠶᠠᠨ ᠤ ᠳᠠᠭᠠᠭᠤᠯᠭ᠎ᠠ ᠳᠣᠤᠷ᠎ᠠ᠂ ᠲᠣᠰᠬᠤᠨ ᠳᠤ ᠨᠢᠭᠡᠨᠲᠡ 10 ᠲᠣᠮᠣ

ᠬᠡᠯᠪᠡᠷᠢ ᠶᠢᠨ ᠲᠤᠰᠬᠠᠶ ᠮᠡᠷᠭᠡᠵᠢᠯ ᠤᠨ ᠬᠤᠨᠢ ᠲᠡᠵᠢᠭᠡᠬᠦ ᠡᠷᠦᠬᠡ ᠬᠥᠭᠵᠢᠵᠡᠶ᠃

     ᠵᠠᠩ ᠬᠤᠤ ᠰᠢᠶᠣᠤ ᠪᠠᠰᠠ ᠤᠤᠯ ᠤᠨ ᠪᠠᠶᠢᠭᠤᠯᠭ᠎ᠠ ᠠᠴᠠ ᠪᠠᠨ ︽ᠵᠣᠯ ᠵᠢᠷᠭᠠᠯ ᠤᠨ ᠢᠨᠵᠧᠨᠧᠷᠢᠩ︾ ᠤᠨ

ᠲᠥᠷᠥᠯ ᠵᠦᠢᠯ ᠤᠨ ᠪᠡᠯᠡ ᠮᠥᠩᠭᠦ 47 ᠲᠦᠮᠡᠨ ᠲᠥᠭᠦᠷᠢᠭ ᠲᠡᠮᠡᠴᠡᠨ ᠣᠯᠵᠤ᠂ 375 ᠳ᠋ᠦ᠋ ᠪᠥᠸᠧ ᠬᠤᠨᠢ

ᠦᠨᠳᠦᠰᠦᠨ ᠡᠮ᠎ᠡ ᠬᠤᠨᠢ ᠶᠢ ᠨᠢᠭᠡᠳᠦᠯᠲᠡᠶ ᠬᠤᠳᠠᠯᠳᠤᠨ ᠠᠪᠴᠤ᠂ ᠲᠣᠰᠬᠤᠨ ᠳᠤ ᠲᠥᠯᠥᠪᠯᠡᠭᠡᠲᠦ ᠦᠷᠡᠵᠢᠯ ᠤᠨ

ᠭᠡᠷ ᠪᠦᠯᠢ ᠶᠢ ᠲᠡᠳᠬᠦᠨ ᠳᠡᠮᠵᠢᠬᠦ ᠲᠥᠷᠥᠯ ᠵᠦᠢᠯ ᠢ ᠬᠡᠷᠡᠭᠵᠢᠭᠦᠯᠵᠦ᠂ 57 ᠡᠷᠦᠬᠡ ᠲᠥᠯᠥᠪᠯᠡᠭᠡᠲᠦ ᠦᠷᠡᠵᠢᠯ ᠤᠨ

ᠭᠡᠷ ᠪᠦᠯᠢ ᠪᠣᠯᠤᠨ 18 ᠡᠷᠦᠬᠡ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ

ᠡᠷᠦᠬᠡ ᠳᠤ ᠰᠦᠢᠳᠬᠡᠯ ᠬᠤᠷᠢᠶᠠᠬᠤ ᠦᠭᠡᠶ ᠪᠠᠷ ᠲᠠᠷᠬᠠᠭᠠᠵᠤ᠂ ᠪᠦᠬᠦ ᠲᠣᠰᠬᠤᠨ ᠤ ᠬᠤᠨᠢ ᠢᠮᠠᠭ᠎ᠠ ᠲᠡᠵᠢᠭᠡᠨ

ᠦᠷᠡᠵᠢᠭᠦᠯᠵᠦ᠂ ᠦᠷᠭᠦᠯᠵᠢᠯᠡᠨ ᠬᠥᠭᠵᠢᠭᠦᠯᠬᠦ᠂ ᠬᠠᠮᠲᠤ ᠪᠠᠷ ᠪᠠᠶᠠᠵᠢᠬᠤ ᠶᠢ ᠳᠠᠶᠢᠴᠢᠯᠠᠵᠠᠢ᠃

     ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠢᠳᠡᠪᠬᠢᠲᠡᠢ ᠵᠣᠬᠢᠴᠠᠭᠤᠯᠤᠨ ᠭᠦᠢᠴᠡᠳᠬᠡᠬᠦ ᠪᠠᠷ ᠳᠠᠮᠵᠢᠨ᠂

ᠣᠨᠤᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠦᠬᠦ ᠲᠣᠰᠬᠤᠨ ᠤ ᠳᠠᠩᠰᠠ ᠡᠪᠬᠡᠮᠡᠯ ᠪᠠᠶᠢᠭᠤᠯᠤᠨ ᠺᠠᠷᠲ

ᠠᠪᠤᠭᠰᠠᠨ ᠶᠠᠳᠠᠭᠤ ᠬᠦᠴᠢᠷᠳᠡᠯᠲᠡᠢ 18 ᠡᠷᠦᠬᠡ ᠶᠢᠨ 40 ᠬᠥᠮᠦᠨ ᠢ ᠶᠠᠳᠠᠭᠤ ᠠᠴᠠ ᠠᠩᠭᠢᠵᠢᠷᠠᠭᠤᠯᠪᠠ᠃

     ︵ᠢᠷᠡᠯᠲᠡ᠄ ᠲᠦᠮᠡᠳ ᠤᠨ ᠬᠤᠰᠢᠭᠤᠴᠢ ᠸᠢᠴᠠᠲ ᠤᠨ ᠨᠡᠶᠢᠲᠡ ᠶᠢᠨ ᠳ᠋ᠤᠭᠠᠷ︶

 
ᠢᠷᠡᠯᠲᠡ᠄ ︵ᠢᠷᠡᠯᠲᠡ᠄ ᠲᠦᠮᠡᠳ ᠤᠨ ᠬᠤᠰᠢᠭᠤᠴᠢ ᠸᠢᠴᠠᠲ ᠤᠨ ᠨᠡᠶᠢᠲᠡ ᠶᠢᠨ ᠳ᠋ᠤᠭᠠᠷ︶
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号