ᠲᠦᠮᠡᠳ ᠵᠡᠭᠦᠨ ᠬᠤᠰᠢᠭᠤᠨ ᠤ 2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020/12/2
   — — 2020 ᠣᠨ ᠤ 1 ᠰᠠᠷ᠎ᠠ ᠶᠢᠨ 14 ᠤ ᠡᠳᠦᠷ ᠲᠦᠮᠡᠳ ᠵᠡᠭᠦᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ    ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠯᠢ ᠬᠤᠤ ᠱᠦᠦᠲᠥᠯᠥᠭᠡᠯᠡᠭᠴᠢᠳ ᠡ᠄      ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠳᠦᠷᠤ ᠶᠢᠨ ᠵᠦᠪᠯᠠᠯᠭᠠ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2019 ᠣᠨ ᠤ ᠠᠵᠢᠯ ᠤᠨ ᠡᠷᠭᠢᠴᠡᠭᠦᠯᠦᠯ      2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠂ ᠮᠥᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠪᠥᠬᠦ ᠬᠤᠰᠢᠭᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ᠠᠵᠤ ᠠᠬᠤᠶ ᠨᠡᠶᠢᠭᠡᠮ ᠢᠶᠠᠷ ᠢᠶᠠᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃      ᠵᠢᠱᠢᠯᠲᠡ ᠪᠠᠷ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 4% ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 67% ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 3% ᠣᠷᠴᠢᠮ ᠢᠶᠠᠷ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 8% ᠣᠷᠴᠢᠮ ᠪᠠ 8.5% ᠣᠷᠴᠢᠮ ᠨᠡᠮᠡᠭᠳᠡᠭᠦᠯᠦᠨ᠎ᠡ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ᠂ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠪᠠᠭᠤᠷᠠᠭᠰᠠᠨ ᠵᠡᠷᠭᠡ ᠰᠢᠯᠲᠠᠭᠠᠨ ᠠᠴᠠ ᠪᠤᠯᠵᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 13.57 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 6% ᠣᠷᠴᠢᠮ ᠢᠶᠠᠷ ᠪᠠᠭᠤᠷᠠᠭᠤᠯᠪᠠ᠃      ︵ᠨᠢᠭᠡ︶ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠬᠤᠷᠢᠭ᠎ᠠ ᠱᠤᠭᠤᠮ ᠢ ᠰᠠᠬᠢᠵᠤ᠂ ᠲᠣᠭᠲᠠᠭᠤᠨ ᠢ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠢᠯᠡᠳᠲᠡ ᠪᠣᠯᠪᠠ      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ ᠃ ᠤᠯᠤᠰ ᠤᠨ ᠪᠠᠶᠢᠭᠤᠯᠤᠯᠳᠤ ᠰᠢᠶᠠᠨ ᠤ ᠳᠠᠯᠳᠠ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢ ᠢᠳᠡᠪᠬᠢᠲᠡᠶ ᠲᠡᠮᠡᠴᠡᠨ ᠤᠯᠬᠤ ᠪᠠ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠬᠦ ᠪᠠᠷ ᠳᠠᠮᠵᠢᠭᠤᠯᠤᠨ᠂ ᠳᠡᠭᠡᠳᠦ ᠱᠠᠲᠤᠨ ᠤ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠬᠦ ᠪᠠᠯᠠ ᠮᠥᠩᠭᠦ ᠶᠢᠨ ᠳᠡᠮᠵᠢᠯᠭᠡ ᠶᠢ ᠤᠯᠪᠠ᠃ ᠡᠭᠦᠨ ᠤ ᠵᠡᠷᠭᠡᠴᠡᠭᠡᠪᠡᠷ᠂ ᠡᠳ᠋ ᠤᠨ ᠵᠠᠰᠠᠭ ᠤᠨ ᠲᠥᠰᠦᠪ ᠢ ᠲᠣᠬᠢᠷᠠᠭᠤᠯᠬᠤ᠂ ᠦᠨ᠎ᠡ ᠬᠠᠩᠰᠢ ᠶᠢ ᠬᠢᠨᠠᠨ ᠬᠠᠰᠤᠬᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠠᠳ ᠠᠰᠢᠭ ᠣᠯᠵᠠᠪᠤᠷᠢ ᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠵᠢᠯ ᠳᠤ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ 23.06 ᠳ᠋ᠦᠩᠰᠢᠭᠤᠷ ᠲᠥᠭᠦᠷᠢᠭ ᠠᠷᠢᠯᠭᠠᠵᠤ᠂ ᠵᠢᠯ ᠤᠨ ᠡᠬᠢᠨ ᠤ ᠡᠭᠦᠷᠭᠡ ᠶᠢᠨ 285% ᠶᠢ ᠪᠡᠶᠡᠯᠡᠭᠦᠯᠪᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ 14.06 ᠳ᠋ᠦᠩᠰᠢᠭᠤᠷ ᠲᠥᠭᠦᠷᠢᠭ ᠤᠨ ᠳᠠᠩᠰᠠᠨ ᠤ ᠵᠣᠭᠤᠰ ᠢ ᠢᠯᠭᠠᠷᠠᠭᠤᠯᠤᠨ ᠲᠢᠭᠯᠡᠵᠦ᠂ ᠵᠢᠯ ᠤᠨ ᠡᠬᠢᠨ ᠤ ᠡᠭᠦᠷᠭᠡ ᠶᠢᠨ 121.5% ᠶᠢ ᠪᠡᠶᠡᠯᠡᠭᠦᠯᠪᠡ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽e ᠲᠦᠷᠢᠶᠡᠰᠦᠯᠡᠯ ᠤᠨ ᠡᠷᠳᠡᠨᠢ︾ ᠶᠢ ᠲᠡᠮᠲᠡᠷᠢᠨ ᠪᠠᠶᠢᠴᠠᠭᠠᠵᠤ ᠲᠣᠭᠲᠠᠪᠤᠷᠢᠵᠢᠭᠤᠯᠤᠨ ᠡᠵᠡᠮᠳᠡᠬᠦ ᠠᠵᠢᠯ ᠢ ᠥᠷᠨᠢᠭᠦᠯᠪᠡ᠃ ᠥᠪᠥᠷ ᠮᠣᠩᠭᠤᠯ ᠤᠨ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ︽10 · 28 ᠤ ᠳᠡᠯᠪᠡᠷᠡᠯᠲᠡ ᠶᠢᠨ ᠠᠳᠡᠯ︾ ᠤᠨ ᠪᠠᠴᠢᠮ ᠪᠠᠶᠢᠳᠠᠯ ᠢ ᠴᠠᠭ ᠲᠤᠬᠠᠢ ᠳᠤᠨᠢ ᠪᠦᠲᠦᠮᠵᠢᠲᠡᠢ ᠠᠷᠭᠠᠴᠠᠵᠤ᠂ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠳᠡᠯ ᠨᠡᠯᠢᠶᠡᠳ ᠶᠡᠭᠡ ᠭᠠᠷᠤᠭᠰᠠᠨ ᠦᠭᠡᠢ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠦᠷᠭᠦᠯᠵᠢᠯᠡᠨ ᠰᠠᠶᠢᠵᠢᠷᠠᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ 9 ᠬᠤᠪᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠲᠡᠭᠦᠰ ᠠᠮᠵᠢᠯᠲᠠ ᠲᠠᠢ ᠰᠢᠢᠳᠪᠦᠷᠢᠯᠡᠭᠳᠡᠪᠡ᠃      ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ᠃ ᠭᠤᠷᠪᠠᠨ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ ᠨᠡᠶᠢᠲᠡ 6102 ᠲᠦᠮᠡᠨ ᠲᠥᠭᠦᠷᠢᠭ ᠣᠷᠣᠭᠤᠯᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠪᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠤᠷᠠᠯ ᠢ ᠪᠠᠶᠢᠭᠤᠯᠵᠤ᠂ 56 ᠶᠠᠳᠠᠭᠤ ᠶᠢ ᠲᠡᠳᠬᠦᠬᠦ ᠵᠦᠢᠯᠡᠰ ᠢ ᠬᠡᠷᠡᠭᠵᠢᠭᠦᠯᠵᠦ᠂ 2890 ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠲᠣᠭᠲᠠᠪᠤᠷᠢᠲᠠᠶ ᠠᠰᠢᠭ ᠣᠷᠣᠯᠭ᠎ᠠ ᠣᠯᠭᠤᠪᠠ᠃ ︽ᠭᠤᠷᠪᠠ ᠶᠢ ᠨᠠᠶᠢᠳᠠᠪᠤᠷᠢᠵᠢᠭᠤᠯᠬᠤ᠂ ᠭᠤᠷᠪᠠ ᠶᠢ ᠨᠠᠷᠢᠯᠢᠭ ᠣᠨᠣᠴᠠᠲᠠᠶ ᠪᠠᠶᠢᠯᠭᠠᠬᠤ᠂ ᠭᠤᠷᠪᠠ ᠶᠢ ᠪᠠᠲᠤᠯᠠᠬᠤ︾ ᠶᠢᠨ ᠲᠣᠭᠤᠷᠢᠨ ᠳᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠨᠥᠯᠥᠭᠡᠯᠡᠬᠦ‍ ᠨᠢᠭᠡ ᠪᠦᠯᠦᠭ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ︽ᠵᠢᠷᠭᠤᠭᠠᠨ ᠨᠠᠷᠢᠯᠢᠭ ᠣᠨᠣᠴᠠᠲᠠᠶ︾ ︽ᠲᠠᠪᠤᠨ ᠨᠢᠭᠡ ᠪᠦᠯᠦᠭ︾ ᠤᠨ ᠠᠷᠭ᠎ᠠ ᠬᠡᠮᠵᠢᠶ᠎ᠡ ᠪᠠ ︽ᠠᠷᠪᠠᠨ ᠵᠦᠢᠯ ᠤᠨ ᠲᠡᠭ ᠥᠬᠡᠶ ᠪᠠᠷᠢᠮᠵᠢᠶ᠎ᠠ ᠳᠤ ᠬᠦᠷᠭᠡᠬᠦ︾ ᠠᠵᠢᠯᠯᠠᠭ᠎ᠠ ᠪᠠᠷ ᠳᠡᠮᠵᠢᠨ᠂ 47 ᠡᠷᠦᠬᠡ 115 ᠬᠥᠮᠦᠨ ᠤ ᠵᠢᠯ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠡᠭᠦᠷᠭᠡ ᠶᠢ ᠤᠷᠤᠭᠰᠢᠲᠠᠶ ᠪᠡᠶᠡᠯᠡᠭᠦᠯᠵᠦ ᠂ ᠪᠥᠬᠦ ᠬᠤᠰᠢᠭᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠂ 2424 ᠡᠷᠦᠬᠡ 5004 ᠬᠥᠮᠦᠨ ᠳᠡᠩᠰᠡᠯᠡᠨ ᠺᠠᠷᠲᠯᠠᠵᠤ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠮᠥᠨ ᠴᠢᠨᠠᠷ ᠤᠨ ᠠᠬᠢᠯᠲᠠ ᠲᠠᠢ ᠪᠣᠯᠪᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠬᠤᠭᠤᠴᠠᠭᠠᠨ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ 78 ᠬᠡᠷᠡᠭ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠵᠤ᠂ ᠦᠯᠡᠳᠡᠭᠰᠡᠨ 2 ᠬᠡᠷᠡᠭ ᠢ ᠵᠢᠯ ᠤᠨ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠪᠡ᠃ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠶᠢ ᠨᠡᠶᠢᠳᠡᠮ ᠪᠠᠶᠢᠴᠠᠭᠠᠬᠤ ᠲᠤᠷᠰᠢᠯᠲᠠ ᠶᠢᠨ ᠠᠵᠢᠯ ᠤᠯᠤᠰ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠤᠨ ᠴᠢᠩᠭᠠᠷᠠᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠲᠤᠰᠢᠶᠠᠨ ᠰᠢᠢᠳᠪᠦᠷᠢᠯᠡᠭᠦᠯᠬᠦ ᠪᠠᠷ ᠲᠤᠰᠢᠶᠠᠭᠰᠠᠨ 226 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠳᠠᠭᠠᠭᠠᠯᠭᠠᠭᠰᠠᠨ 28 ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠪᠠ᠃ ᠡᠰᠢ ᠰᠦᠷᠡᠯ ᠢ ᠵᠠᠳᠠᠭᠠᠶ ᠰᠢᠲᠠᠭᠠᠬᠤ ᠶᠢ ᠬᠠᠮᠢᠶᠠᠷᠤᠨ ᠡᠵᠡᠮᠳᠡᠬᠦ ᠡᠷᠴᠢᠮ ᠢ ᠪᠥᠬᠦ ᠲᠠᠯ᠎ᠠ ᠪᠠᠷ ᠴᠢᠩᠭᠠᠳᠬᠠᠵᠤ᠂ ᠠᠷᠢᠭᠤᠨ ᠴᠡᠪᠡᠷ ᠨᠡᠭᠦᠷᠡᠰᠦ ᠶᠢ ᠳᠡᠯᠭᠡᠷᠡᠭᠦᠯᠬᠦ᠂ ᠪᠣᠷᠣᠯᠠᠭᠤᠯᠬᠤ ᠪᠠ ᠰᠣᠯᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ 8000 ᠭᠠᠷᠤᠶ ᠲᠣᠨ ᠠᠷᠢᠭᠤᠨ ᠴᠡᠪᠡᠷ ᠨᠡᠭᠦᠷᠡᠰᠦ ᠶᠢ ᠰᠣᠯᠢᠯᠴᠠᠪᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠣᠲᠤᠭ᠎ᠠ ᠲᠣᠭᠤᠰᠣ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠴᠢᠩᠭ᠎ᠠ ᠠᠳᠬᠤᠵᠤ᠂ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ 121 ᠰᠢᠭᠰᠢᠭᠳᠡᠭᠦᠯᠵᠦ ᠴᠡᠭᠴᠡᠯᠡᠨ ᠥᠭᠡᠷᠡᠴᠢᠯᠡᠵᠦ᠂ 35 ᠲᠣᠨ ᠤ ᠨᠡᠭᠦᠷᠡᠰᠦ ᠰᠢᠲᠠᠭᠠᠬᠤ 10 ᠭᠦᠸᠧᠯᠦ ᠶᠢ ᠬᠢᠵᠠᠭᠠᠷᠲᠤ ᠥᠷᠲᠡᠭ ᠢᠶᠠᠷ ᠭᠠᠳᠠᠭᠰᠢᠯᠠᠭᠤᠯᠬᠤ ᠶᠢ ᠪᠡᠶᠡᠯᠡᠭᠦᠯᠵᠦ᠂ 27 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢ ᠪᠡᠶᠡᠯᠡᠭᠦᠯᠦᠨ᠎ᠡ ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ︾ ᠤᠨ 240 ᠠᠵᠤ ᠠᠬᠤᠶᠢᠯᠠᠯ ᠢ ᠴᠡᠭᠴᠡᠯᠡᠨ ᠵᠢᠷᠤᠮᠵᠢᠭᠤᠯᠵᠤ᠂ ᠡᠭᠦᠨ ᠤ ᠳᠣᠲᠣᠷ᠎ᠠ 121 ᠠᠵᠤ ᠠᠬᠤᠶᠢᠯᠠᠯ ᠢ ᠨᠢ ᠨᠤᠷᠠᠭᠠᠨ ᠬᠦᠴᠦᠨ ᠦᠭᠡᠢ ᠪᠣᠯᠭᠠᠵᠤ᠂ 46 ᠠᠵᠤ ᠠᠬᠤᠶᠢᠯᠠᠯ ᠢ ᠨᠢ ᠬᠠᠭᠠᠵᠤ ᠵᠣᠭᠰᠣᠭᠠᠵᠤ᠂ 73 ᠠᠵᠤ ᠠᠬᠤᠶᠢᠯᠠᠯ ᠢ ᠴᠡᠭᠴᠡᠯᠡᠨ ᠥᠭᠡᠷᠡᠴᠢᠯᠡᠵᠦ ᠳᠡᠭᠡᠭᠰᠢᠯᠡᠭᠦᠯᠪᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠶᠡᠬᠡᠪᠡᠷ ᠬᠡᠷᠡᠭᠵᠢᠭᠦᠯᠵᠦ᠂ ᠬᠤᠰᠢᠭᠤ ᠰᠢᠶᠠᠩ ᠲᠣᠰᠬᠤᠨ ᠤ ᠭᠤᠷᠪᠠᠨ ᠱᠠᠲᠤᠨ ᠤ ᠭᠤᠤᠯ ᠮᠥᠷᠡᠨ ᠤ ᠳᠠᠷᠤᠭ᠎ᠠ ᠶᠢᠨ ᠭᠤᠤᠯ ᠴᠠᠭᠳᠠᠬᠤ ᠶᠢ ᠪᠠᠶᠢᠩᠭᠤᠵᠢᠭᠤᠯᠪᠠ᠃ ᠾᠦᠤᠤ ᠵᠠᠶ ᠭᠸᠤ ᠶᠢᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠢᠨᠵᠧᠨᠧᠷᠢᠩ ᠤᠨ ᠠᠬᠢᠴᠠ ᠤᠷᠤᠭᠰᠢᠲᠠᠶ ᠪᠠᠶᠢᠵᠤ᠂ ᠢᠨᠵᠧᠨᠧᠷᠢᠩ ᠤᠨ ᠬᠡᠮᠵᠢᠶ᠎ᠡ ᠶᠢᠨ 60% ᠶᠢ ᠪᠡᠶᠡᠯᠡᠭᠦᠯᠪᠡ᠃ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 66 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ 630 ᠮᠥ ᠤᠷᠭᠤᠮᠠᠯ ᠤᠨ ᠬᠤᠴᠢᠯᠭ᠎ᠠ ᠶᠢ ᠰᠡᠷᠭᠦᠭᠡᠨ ᠣᠶᠢᠵᠢᠭᠤᠯᠪᠠ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠠᠪᠤᠨ ᠶᠡᠭᠡ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠨᠡᠶᠢᠲᠡ 9600 ᠮᠥ ᠨᠣᠭᠤᠭᠠᠨ ᠲᠠᠷᠢᠮᠠᠯ ᠳᠠᠷᠢᠪᠠ᠃      ︵ᠬᠤᠶᠠᠷ︶ ᠪᠥᠬᠦ ᠬᠦᠴᠦᠨ ᠢᠶᠠᠷ ᠢᠶᠠᠨ ᠪᠦᠲᠦᠴᠡ ᠶᠢ ᠳᠣᠭᠢᠷᠠᠭᠤᠯᠤᠨ᠂ ᠲᠠᠰ ᠳᠡᠪᠰᠢᠬᠦ ᠶᠢ ᠠᠬᠢᠭᠤᠯᠵᠤ᠂ ᠠᠵᠤ ᠠᠬᠤᠶ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠪᠡ      ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠪᠠ᠃ ᠪᠥᠬᠦ ᠬᠤᠰᠢᠭᠤᠨ ᠤ ᠲᠠᠷᠢᠮᠠᠯ ᠤᠨ ᠳᠠᠷᠢᠬᠤ ᠲᠠᠯᠠᠪᠠᠶ 156 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠤᠨᠠᠯᠲᠠ 64 ᠲᠦᠮᠡᠨ ᠲᠣᠨ ᠳᠤ ᠬᠥᠷᠪᠡ᠃ ᠲᠠᠷᠢᠮᠠᠯ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠨᠣᠭᠤᠭᠠᠨ ᠳᠠᠷᠤᠰᠢ ᠶᠢᠨ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠤᠨ ᠲᠠᠯᠠᠪᠠᠢ ᠶᠢ 30 ᠲᠦᠮᠡᠨ ᠮᠦ ᠳᠤ ᠬᠦᠷᠭᠡᠵᠦ᠂ ᠬᠤᠵᠢᠷ ᠲᠤ ᠲᠡᠰᠪᠦᠷᠢᠲᠡᠢ ᠲᠤᠲᠤᠷᠭ᠎ᠠ ᠶᠢ 3000 ᠭᠠᠷᠤᠢ ᠮᠦ ᠠᠮᠵᠢᠯᠲᠠ ᠲᠠᠢ ᠲᠠᠷᠢᠪᠠ᠃ ᠬᠠᠰᠬᠠᠢ ᠲᠠᠩᠭᠢᠰ ᠤᠨ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠢᠵᠢ ᠪᠦᠷᠢᠳᠦᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠢ ᠤᠷᠤᠭᠰᠢᠲᠠᠶ ᠪᠠᠷ ᠳᠠᠭᠤᠰᠬᠠᠵᠤ᠂ 8 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ 8 ᠲᠦᠮᠡᠨ ᠮᠦ ᠬᠤᠵᠢᠷᠯᠢᠬ ᠭᠠᠵᠠᠷ ᠢ ᠰᠠᠶᠢᠵᠢᠷᠠᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ︽ᠲᠠᠪᠤᠨ ᠥᠩᠭᠡᠲᠦ ᠲᠦᠮᠡᠳ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠬᠠᠰ ᠲᠠᠩᠭᠢᠰ ᠤᠨ ᠮᠥᠷᠭᠦ ᠵᠢᠭᠠᠰᠤ᠂ ᠬᠤᠤ ᠹᠧᠩ ᠡᠷᠳᠡᠨᠢ ᠰᠢᠰᠢ ᠪᠣᠯᠤᠨ ᠺᠧᠨ ᠪᠠᠨ ᠠᠮᠲᠠᠲᠤ ᠬᠡᠮᠬᠡ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾᠂ ︽ᠨᠡᠷᠡᠳᠦ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ ᠬᠦᠷᠳᠡᠵᠤ᠂ ᠨᠡᠷᠡᠳᠦ ᠲᠡᠮᠳᠡᠭ ᠤᠨ ᠨᠡᠷ᠎ᠡ ᠠᠯᠳᠠᠷᠰᠢᠯ ᠤᠨ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠵᠡᠢ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠡᠯ᠎ᠡ ᠲᠥᠷᠥᠯ ᠤᠨ 26 ᠲᠥᠷᠥᠯ ᠵᠦᠢᠯ ᠢ ᠵᠠᠯᠭᠠᠨ ᠠᠪᠴᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ 369 ᠪᠣᠯᠪᠠ᠃ ᠰᠠᠭᠠᠯᠢ ᠶᠢᠨ ᠦᠨᠢᠶ᠎ᠡ ᠶᠢᠨ ᠲᠤᠭ᠎ᠠ 12.8 ᠲᠦᠮᠡ ᠳᠤ ᠬᠦᠷᠴᠦ᠂ ᠡᠳᠦᠷ ᠲᠤ 1300 ᠲᠣᠨ ᠰᠢᠨ᠎ᠡ ᠰᠦ ᠲᠤᠰᠢᠶᠠᠨ ᠬᠤᠳᠠᠯᠳᠤᠵᠤ᠂ ︽ᠰᠠᠭᠠᠯᠢ ᠶᠢᠨ ᠲᠥᠪ ᠤᠨ ᠭᠤᠤᠯ ᠣᠷᠣᠨ︾ ᠤ ᠪᠠᠶᠢᠷᠢ ᠰᠠᠭᠤᠷᠢ ᠤᠯᠠᠮ ᠨᠢᠭᠡ ᠠᠯᠬᠤᠮ ᠪᠠᠬᠢᠵᠢᠪᠡ᠃ ᠮᠣᠭᠠᠶ ᠵᠢᠷᠠᠰᠤ᠂ ᠡᠮᠦᠨᠡᠲᠦ ᠠᠮᠧᠷᠢᠺᠠ ᠶᠢᠨ ᠵᠦᠢᠷᠡᠶ ᠰᠠᠮ ᠪᠠ ᠯᠦᠸᠧ ᠣᠪᠣᠭᠲᠤ ᠶᠢᠨ ᠨᠠᠮᠤᠭ ᠤᠨ ᠰᠠᠮ ᠵᠡᠷᠭᠡ ᠤᠨᠴᠠᠯᠢᠬᠳᠤ ᠤᠰᠤᠨ ᠤ ᠭᠠᠷᠤᠯᠲᠠ ᠶᠢ 300 ᠭᠠᠷᠤᠶ ᠮᠥ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠤᠰᠤᠨ ᠤ ᠭᠠᠷᠤᠯᠲᠠ ᠶᠢᠨ ᠲᠡᠵᠢᠭᠡᠨ ᠦᠷᠡᠵᠢᠭᠦᠯᠦᠯᠲᠡ ᠶᠢ 4 ᠲᠦᠮᠡᠨ ᠮᠥ ᠣᠷᠴᠢᠮ ᠳᠤ ᠲᠣᠭᠲᠠᠪᠤᠷᠢᠵᠢᠭᠤᠯᠤᠨ᠎ᠠ᠃ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠪᠠ ᠡᠷᠬᠢᠨ ᠲᠣᠭᠤᠷᠢᠨ ᠤ 5 ᠵᠤᠷᠪᠤᠰ ᠵᠠᠮ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 2019 ᠣᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ · ᠣᠯᠠᠨ ᠤᠯᠤᠰ ᠤᠨ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠦᠵᠡᠰᠬᠦᠯᠡᠩ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ 962 ᠠᠵᠤ ᠠᠬᠤᠶᠢᠯᠠᠯ ᠢ ᠲᠡᠳᠡᠨ ᠦᠵᠡᠰᠬᠦᠯᠡᠩ ᠳᠤ ᠣᠷᠣᠯᠴᠠᠭᠤᠯᠵᠤ᠂ ᠦᠵᠡᠰᠬᠦᠯᠡᠩ ᠢ ᠦᠵᠡᠭᠰᠡᠨ ᠬᠥᠮᠦᠨ ᠤ ᠲᠤᠭ᠎ᠠ 9.78 ᠲᠦᠮᠡᠨ ᠬᠥᠮᠦᠨ ᠤᠳᠠᠭ᠎ᠠ ᠳᠤ ᠬᠦᠷᠴᠦ᠂ ᠠᠷᠠᠯᠵᠢᠶ᠎ᠠ ᠪᠦᠲᠦᠭᠰᠡᠨ ᠲᠤᠭ᠎ᠠ 2.43 ᠳ᠋ᠦᠩᠰᠢᠭᠤᠷ ᠲᠥᠭᠦᠷᠢᠭ ᠲᠤ ᠬᠥᠷᠪᠡ᠃      ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 10 ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠭᠦᠨ ᠤ ᠶᠡᠷᠦᠩᠬᠡᠶ ᠥᠷᠲᠡᠭ ᠢ 110 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ 12 ᠭᠤᠣᠯᠳᠠᠯᠭ᠎ᠠ ᠲᠠᠢ ᠵᠦᠢᠯᠡᠰ ᠢ ᠬᠡᠷᠡᠭᠵᠢᠭᠦᠯᠵᠦ᠂ ᠰᠨᠤ᠋ ᠶᠢᠨ ᠰᠢᠨ᠎ᠡ ᠮᠠᠲ᠋ᠧᠷᠢᠶᠠᠯ᠂ ᠠᠨᠳᠢᠩ ᠯᠢᠲ᠋ᠢ ᠶᠢᠨ ᠳ᠋ᠢᠶᠠᠨ ᡂᠢ᠂ ᠳᠤᠮᠳᠠ ᠯᠢᠲ᠋ᠢ ᠶᠢᠨ ᠲᠠᠰᠤᠯᠤᠪᠴᠢ ᠪᠦᠷᠬᠦᠪᠴᠢ ᠵᠡᠷᠭᠡ 5 ᠵᠦᠢᠯᠡᠰ ᠢ ᠠᠰᠢᠭᠯᠠᠯᠲᠠ ᠳᠤ ᠣᠷᠣᠭᠤᠯᠤᠨ ᠡᠵᠡᠩᠨᠡᠵᠦ᠂ ᠠᠵᠤ ᠦᠢᠯᠡᠰ ᠤᠨ ᠪᠠᠶᠢᠷᠢᠰᠢᠯ ᠢ ᠨᠡᠩ ᠵᠦᠢ ᠵᠣᠬᠢᠰᠲᠠᠶ ᠪᠣᠯᠭᠠᠪᠠ᠃ ᠬᠠᠰᠬᠠᠢ ᠠᠴᠠ ᠵᠢᠨᠱᠠᠨ ᠬᠦᠷᠬᠦ ᠨᠡᠭᠡᠭᠡᠨ ᠬᠥᠭᠵᠢᠭᠦᠯᠦᠯᠲᠡ ᠶᠢᠨ ᠣᠷᠣᠨ ᠤ ᠤᠰᠤ ᠬᠠᠩᠭᠠᠬᠤ ᠢᠨᠵᠧᠨᠧᠷᠢᠩ ᠤᠨ ᠠᠬᠢᠴᠠ ᠤᠷᠤᠭᠰᠢᠲᠠᠢ ᠪᠠᠶᠢᠵᠤ᠂ ᠤᠰᠤ ᠲᠠᠲᠠᠬᠤ ᠬᠥᠭᠡᠷᠭᠡ ᠶᠢᠨ ᠦᠷᠳᠡᠭᠡ ᠶᠢᠨ ᠭᠤᠣᠯ ᠪᠠᠷᠢᠯᠭ᠎ᠠ ᠶᠢᠨ ᠠᠵᠢᠯ ᠢ ᠳᠠᠭᠤᠰᠬᠠᠪᠠ᠃ ᠰᠢᠷ᠎ᠠ ᠡᠵᠡᠩᠨᠡᠯᠲᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ ᠡᠮᠬᠢ ᠳᠢᠭᠯᠢᠮ ᠲᠠᠢ ᠠᠬᠢᠭᠤᠯᠵᠤ᠂ ᠬᠥᠬᠡᠬᠤᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠭᠠᠵᠠᠷ ᠰᠢᠷᠣᠢ ᠶᠢ ᠲᠠᠲᠠᠪᠤᠷᠢᠯᠠᠬᠤ ᠶᠢ ᠪᠡᠶᠡᠯᠡᠭᠦᠯᠵᠦ᠂ 500 ᠲᠦᠮᠡᠨ ᠳᠥᠷᠪᠡᠯᠵᠢᠨ ᠵᠠᠢ ᠶᠢᠨ ᠬᠤᠳᠠᠯᠳᠤᠭᠠᠨ ᠤ ᠵᠠᠢ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠥᠬᠡᠬᠤᠲᠠ ᠪᠤᠭᠤᠲᠤ ᠣᠷᠳᠣᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠭᠤᠶᠤᠴᠢᠯᠠᠨ ᠮᠡᠳᠡᠭᠦᠯᠬᠦ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠬᠦᠷ ᠤᠨ ᠬᠥᠭᠵᠢᠯᠲᠡ ᠶᠢᠨ ᠲᠥᠰᠦᠯ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠾᠧ ᠵᠥᠩ ᠴᠤᠸᠠᠩ ᠶᠠ᠂ ᠯᠦ ᠶᠠᠩ ᠤᠨ ᠡᠨᠧᠷᠭᠢ ᠠᠷᠪᠢᠯᠠᠬᠤ ᠪᠠᠷ ᠵᠥᠪᠰᠢᠶᠡᠷᠡᠭᠳᠡᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠷᠧᠨ ᠳ᠋ᠡ ᠴᠠᠬᠢᠯᠭᠠᠨ ᠳᠡᠭᠡᠰᠦ ᠪᠠᠷ ᠫᠠᠶᠢᠰᠠ ᠡᠯᠭᠦᠭᠰᠡᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ᠂ ᠢᠯᠢ ᠪᠦᠯᠦᠭᠯᠡᠯ ᠪᠣᠯᠤᠨ ᠵᠢᠶ ᠬᠤᠩ ᠪᠣᠭᠤᠳᠠᠯ ᠥᠪᠡᠷᠲᠡᠭᠡᠨ ᠵᠠᠰᠠᠬᠤ ᠣᠷᠣᠨ ᠤ ᠦᠢᠯᠡᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠦᠨᠡᠯᠡᠭᠳᠡᠵᠦ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ 18 ᠲᠥᠷᠥᠯ ᠵᠦᠶ᠋ᠯ ᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠥᠭᠡᠷᠡᠴᠢᠯᠡᠯᠲᠡ ᠵᠡᠷᠭᠡ ᠴᠢᠨᠠᠷ ᠰᠠᠶᠢᠲᠠᠶ ᠬᠥᠭᠵᠢᠯᠲᠡ ᠶᠢᠨ 7 ᠲᠥᠷᠥᠯ ᠵᠦᠢᠯ ᠢ ᠴᠢᠷᠮᠠᠶᠢᠨ ᠤᠯᠬᠤ ᠪᠠᠷ ᠴᠢᠷᠮᠠᠶᠢᠪᠠ᠃      ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢ ᠡᠬᠢᠯᠡᠨ ᠬᠡᠷᠡᠭᠵᠢᠭᠦᠯᠪᠡ᠃ 11 ᠰᠠᠷ᠎ᠠ ᠶᠢᠨ 10 ᠤ ᠡᠳᠦᠷ᠂ 1000 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ᠂ 32 ᠲᠡᠭᠰᠢ ᠳᠥᠷᠪᠡᠯᠵᠢᠨ ᠺᠢᠯᠤᠮᠧᠲᠷ ᠲᠠᠯᠠᠪᠠᠢ ᠲᠠᠢ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠦᠷᠦᠯ ᠵᠦᠢᠯ ᠢ ᠡᠬᠢᠯᠡᠨ ᠬᠡᠷᠡᠭᠵᠢᠭᠦᠯᠦᠭᠰᠡᠨ ᠪᠥᠭᠡᠳ ᠪᠦᠬᠦ ᠳᠡᠯᠡᠬᠡᠢ ᠳᠤ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠵᠡᠷᠭᠡ ᠤᠳᠤᠷᠢᠳᠤᠯᠭ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠤᠬᠠᠢ ᠶᠢᠨ ᠲᠠᠯᠠᠪᠠᠢ ᠳᠤ ᠬᠦᠷᠴᠦ ᠢᠷᠡᠪᠡ᠃ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠪᠣᠯ ︽ᠰᠦ ᠶᠢᠨ ᠦᠢᠯᠡᠰ ᠤᠨ ᠠᠵᠤ ᠦᠢᠯᠡᠰ ᠢᠶᠠᠷ ᠭᠤᠣᠯ ᠪᠣᠯᠭᠠᠵᠤ᠂ ᠰᠦ ᠶᠢᠨ ᠨᠡᠶᠢᠰᠯᠡᠯ ᠤᠨ ᠰᠣᠶᠣᠯ ᠢᠶᠠᠷ ᠰᠦᠭ ᠰᠦᠨᠡᠰᠦ ᠪᠠᠨ ᠪᠣᠯᠭᠠᠵᠤ᠂ ᠣᠷᠴᠢᠨ ᠲᠣᠭᠤᠷᠢᠨ ᠨᠢ ᠴᠡᠪᠡᠷ ᠲᠤᠩᠭᠠᠯᠠᠭ ᠤᠰᠤ ᠨᠢ ᠰᠠᠶᠢᠬᠠᠨ᠂ ᠠᠮᠢᠳᠤᠷᠠᠯ ᠨᠢ ᠣᠷᠣᠰᠢᠨ ᠰᠠᠭᠤᠬᠤ ᠳᠤ ᠲᠣᠬᠢᠷᠠᠮᠵᠢᠲᠠᠢ︾ ᠠᠵᠤ ᠦᠢᠯᠡᠰ ᠬᠤᠳᠠ ᠵᠤᠭᠠᠴᠠᠯ ᠢ ᠨᠢᠭᠡ ᠴᠤᠬᠴᠠᠵᠢᠭᠤᠯᠤᠬᠰᠠᠨ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠪᠣᠯᠤᠨ᠎ᠠ᠃ ᠲᠣᠰ ᠲᠥᠷᠥᠯ ᠵᠦᠶ᠋ᠯ ᠢ ᠪᠠᠶᠢᠭᠤᠯᠤᠭᠰᠠᠨ ᠤ ᠳᠠᠷᠠᠭ᠎ᠠ᠂ ᠨᠠᠭᠠᠳᠤ ᠵᠠᠬ᠎ᠠ ᠳᠠᠭᠠᠨ 2400 ᠳ᠋ᠦᠩᠰᠢᠭᠤᠷ ᠲᠥᠭᠦᠷᠢᠭ ᠤᠨ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶ ᠶᠢᠨ ᠬᠤᠪᠢ ᠨᠡᠮᠡᠷᠢ ᠶᠢᠨ ᠬᠡᠮᠵᠢᠭᠳᠡᠯ ᠢ ᠳᠠᠶᠢᠴᠢᠯᠠᠵᠤ᠂ 6 ᠲᠦᠮᠡᠨ ᠰᠢᠭᠤᠳ ᠠᠵᠢᠯ ᠤᠨ ᠪᠠᠶᠢᠷᠢ ᠬᠠᠩᠭᠠᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠶ ᠶᠤᠮ᠃      ᠦᠢᠯᠡᠴᠢᠯᠡᠭᠡᠨ ᠤ ᠦᠢᠯᠡᠰ ᠬᠥᠭᠵᠢᠨ ᠪᠤᠵᠠᠭᠠᠶᠢᠷᠠᠪᠠ᠃ ᠬᠤᠪᠢᠰᠬᠠᠯ ᠤᠨ ᠰᠣᠶᠣᠯ ᠤᠨ ᠵᠢᠭᠤᠯᠴᠢᠯᠠᠯ ᠥᠷᠨᠢᠩᠭᠦᠶ ᠪᠠᠷ ᠬᠥᠭᠵᠢᠵᠦ᠂ ᠤᠯᠠᠭᠠᠨᠬᠦᠦ ᠶᠢᠨ ᠬᠠᠭᠤᠴᠢᠨ ᠰᠠᠭᠤᠴᠠ ᠬᠤᠪᠢᠰᠬᠠᠯ ᠤᠨ ᠰᠣᠶᠣᠯ ᠤᠨ ᠵᠢᠭᠤᠯᠴᠢᠯᠠᠯ ᠤᠨ ᠣᠷᠣᠨ᠂ ᠦᠷᠡᠭᠳᠡᠭᠰᠡᠨ ᠪᠠᠭᠠᠲᠤᠷ ᠵᠠᠯᠭᠠᠨ ᠤ ᠬᠠᠭᠤᠴᠢᠨ ᠰᠠᠭᠤᠴᠠ ᠶᠢ ᠤᠯᠤᠰ ᠤᠨ 4A ᠪᠠ 3A ᠲᠡᠰ ᠤᠨ ᠵᠢᠭᠤᠯᠴᠢᠯᠠᠯ ᠤᠨ ᠦᠵᠡᠮᠵᠢᠲᠦ ᠣᠷᠣᠨ ᠪᠣᠯᠭᠠᠨ ᠲᠡᠰ ᠳᠡᠪᠰᠢᠭᠦᠯᠪᠡ᠃ ᠷᠦᠩ ᠶᠣᠣ ᠰᠢᠶᠠᠨ ᠤ ᠬᠠᠭᠤᠴᠢᠨ ᠰᠠᠭᠤᠴᠠ ᠪᠠ ᠬᠤᠪᠢᠰᠬᠠᠯ ᠤᠨ ᠳᠤᠷᠠᠰᠬᠠᠯ ᠤᠨ ᠣᠷᠳᠣᠨ ᠤ ᠳᠡᠯᠭᠡᠨ ᠦᠵᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠬᠤ ᠶᠢᠨ ᠬᠠᠮᠲᠤ ᠭᠠᠳᠠᠭᠰᠢ ᠨᠡᠭᠡᠭᠡᠵᠦ᠂ ᠯᠢ ᠰᠤᠨ ᠤ ᠬᠠᠭᠤᠴᠢᠨ ᠰᠠᠭᠤᠴᠠ ᠪᠠ ᠷᠦᠩ ᠶᠣᠣ ᠰᠢᠶᠠᠨ ᠤ ᠦᠷᠡᠭᠳᠡᠭᠰᠡᠨ ᠪᠠᠭᠠᠲᠤᠷᠴᠤᠳ ᠤᠨ ᠤᠩᠭᠤᠨ ᠢ ᠰᠡᠯᠪᠢᠨ ᠵᠠᠰᠠᠬᠤ ᠢᠨᠵᠧᠨᠧᠷᠢᠩ ᠢ ᠡᠬᠢᠯᠡᠨ ᠬᠡᠷᠡᠭᠵᠢᠭᠦᠯᠪᠡ ᠃ ᠲᠦᠮᠡᠳ ᠤᠨ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠵᠢᠩᠬᠢᠨᠢ ᠪᠠᠷ ᠫᠠᠶᠢᠰᠠ ᠰᠡᠬᠦᠵᠦ᠂ ᠨᠠᠮᠴᠢ ᠴᠢᠨᠠᠷ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠠᠩᠬᠢ ᠶᠢ 248 ᠬᠤᠭᠤᠴᠠᠭ᠎ᠠ ᠵᠣᠬᠢᠶᠠᠨ ᠪᠠᠶᠢᠭᠤᠯᠵᠤ ᠥᠷᠨᠢᠭᠦᠯᠪᠡ᠃ ᠬᠥᠳᠡᠭᠡ ᠲᠣᠰᠬᠤᠨ ᠤ ᠵᠢᠭᠤᠯᠴᠢᠯᠠᠯ ᠤᠨ ᠲᠠᠰ ᠳᠡᠪᠰᠢᠬᠦ ᠶᠢ ᠢᠳᠡᠪᠬᠢᠲᠡᠶ ᠪᠠᠷ ᠠᠬᠢᠭᠤᠯᠵᠤ᠂ ᠲᠠᠪᠰᠠᠢ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ᠂ ᠲᠠᠶᠢᠵᠢ ᠲᠠᠯ᠎ᠠ ᠶᠢᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ᠂ ᠶᠠᠩ ᠭᠤᠸᠠᠩ ᠬᠤᠶᠢᠭ ᠤᠨ ᠬᠠᠯᠠᠭᠤᠨ ᠷᠠᠰᠢᠶᠠᠨ ᠤ ᠺᠠᠩ ᠶᠠᠩ ᠵᠢᠵᠢᠭ ᠪᠠᠯᠭᠠᠰᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠦᠳᠲᠡᠷ ᠲᠦᠷᠭᠡᠨ ᠬᠥᠭᠵᠢᠵᠦ᠂ ︽ᠰᠦᠯᠵᠢᠶᠡᠨ ᠤ ᠪᠠᠷᠠᠭ᠎ᠠ ᠶᠢ ᠬᠥᠳᠡᠭᠡ ᠪᠠᠭᠤᠯᠭᠠᠬᠤ︾ ᠪᠠ ︽ᠲᠠᠷᠢᠶᠠᠯᠠᠩ ᠤᠨ ᠪᠦᠲᠦᠭᠡᠭᠳᠡᠬᠦᠨ ᠢ ᠬᠤᠳᠠ ᠳᠤ ᠣᠷᠣᠭᠤᠯᠬᠤ︾ ᠬᠤᠣᠰ ᠴᠢᠭᠯᠡᠯ ᠤᠨ ᠭᠦᠢᠯᠭᠡᠭᠡᠨ ᠤ ᠵᠠᠮ ᠢ ᠨᠡᠪᠲᠡᠷᠡᠭᠦᠯᠪᠡ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠪᠥᠬᠦ ᠬᠤᠰᠢᠭᠤᠨ ᠤ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠣᠰ ᠲᠣᠰ 106 ᠳ᠋ᠦᠩᠰᠢᠭᠤᠷ ᠲᠥᠭᠦᠷᠢᠭ ᠪᠠ 68.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.5% ᠪᠠ 16.9% ᠨᠡᠮᠡᠭᠳᠡᠵᠦ᠂ ᠥᠪᠥᠷ ᠮᠣᠩᠭᠤᠯ ᠤᠨ ᠪᠠᠩᠬᠢ ᠶᠢᠨ ᠲᠦᠮᠡᠳ ᠵᠡᠭᠦᠨ ᠬᠤᠰᠢᠭᠤᠨ ᠤ ᠰᠠᠯᠪᠤᠷᠢ ᠪᠠᠩᠬᠢ ᠫᠠᠶᠢᠰᠠ ᠡᠯᠭᠦᠨ ᠠᠵᠢᠯᠯᠠᠪᠠ᠃ ᠵᠠᠮ ᠲᠡᠭᠡᠭᠡᠪᠦᠷᠢ᠂ ᠬᠤᠨᠤᠭ ᠪᠠᠭᠤᠳᠠᠯ ᠢᠳᠡᠭᠡᠨ ᠤᠮᠳᠠᠭᠠᠨ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠡᠷᠡᠭᠦᠯ ᠢᠶᠠᠷ ᠬᠥᠭᠵᠢᠪᠡ᠃      ︵ᠭᠤᠷᠪᠠ︶ ᠰᠠᠭᠤᠷᠢ ᠶᠢ ᠪᠠᠲᠤᠳᠬᠠᠬᠤ᠂ ᠳᠡᠭᠡᠭᠰᠢᠯᠡᠯᠲᠡ ᠶᠢ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ      ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ 3000 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠤᠭᠰᠠᠨ ᠴᠠᠭᠠᠰᠤᠴᠢ ᠪᠠᠯᠭᠠᠰᠤᠨ ᠤ ᠨᠡᠶᠢᠲᠡ ᠶᠢᠨ ᠵᠠᠮ ᠬᠠᠷᠢᠯᠴᠠᠭᠠᠨ ᠤ ᠲᠠᠯᠠᠪᠤᠷ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠠᠭᠤᠰᠴᠤ᠂ ᠠᠩᠬᠠᠨ ᠤ ᠪᠦᠯᠦᠭ ᠤᠨ 3 ᠵᠤᠷᠪᠤᠰ ᠪᠠᠯᠭᠠᠰᠤᠨ ᠤ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠳᠠᠯ ᠥᠬᠡᠶ ᠠᠰᠢᠭᠯᠠᠯᠲᠠ ᠳᠤ ᠣᠷᠣᠵᠤ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡ ︽ᠭᠠᠳᠠᠭᠰᠢ ᠭᠠᠷᠬᠤ ᠳᠤ ᠬᠢᠯᠪᠠᠷ︾ ᠦᠶ᠋ᠯᠡᠴᠢᠯᠡᠭᠡ ᠶᠢ ᠠᠰᠢᠭᠯᠠᠯᠲᠠ ᠳᠤ ᠣᠷᠣᠭᠤᠯᠬᠤ ᠪᠣᠯᠤᠨ᠎ᠠ᠃ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠤᠷᠤᠭᠰᠢᠲᠠᠶ ᠠᠬᠢᠵᠤ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ᠂ ᠽᠢ ᠶᠤᠸᠠᠨ ᠬᠤᠤ ᠲᠢᠩ ᠪᠣᠯᠤᠨ ᠴᠢᠩ ᠬᠤᠸᠠ ᠶᠤᠸᠠᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ 377 ᠡᠷᠤᠭᠡ ᠶᠢᠨ ᠭᠡᠷ ᠪᠠᠶᠢᠰᠢᠩ ᠢ ᠲᠠᠲᠠᠪᠤᠷᠢᠯᠠᠵᠤ᠂ ᠰᠢᠩ ᠹᠠ ᠪᠠᠭ᠎ᠠ ᠲᠣᠭᠤᠷᠢᠭ ᠤᠨ 3 ᠲᠦᠮᠡᠨ ᠲᠡᠭᠰᠢ ᠳᠥᠷᠪᠡᠯᠵᠢᠨ ᠮᠧᠲᠷ ᠤᠨ ᠪᠤᠴᠠᠭᠠᠨ ᠨᠡᠭᠦᠯᠭᠡᠵᠦ ᠲᠥᠪᠬᠢᠨᠡᠭᠦᠯᠬᠦ ᠭᠡᠷ ᠪᠠᠶᠢᠰᠢᠩ ᠢ ᠲᠤᠰᠢᠶᠠᠨ ᠥᠭᠴᠦ ᠬᠡᠷᠡᠭᠯᠡᠭᠦᠯᠵᠦ᠂ 112 ᠡᠷᠤᠭᠡ ᠶᠢᠨ ᠤᠯᠠᠨ ᠲᠦᠮᠡᠨ ᠤ ︽ᠪᠤᠴᠠᠭᠠᠨ ᠨᠡᠭᠦᠯᠭᠡᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠪᠡ᠃ 2.4 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠦᠨᠳᠦᠰᠦᠲᠡᠨ ᠤ ᠰᠣᠶᠣᠯ ᠤᠨ ᠣᠨᠴᠠᠯᠢᠭ ᠲᠠᠢ ᠠᠯᠳᠠᠨ ᠬᠠᠨ ᠴᠡᠴᠡᠷᠯᠢᠭ ᠢ ᠪᠠᠶᠢᠭᠤᠯᠤᠨ ᠪᠦᠲᠦᠭᠡᠵᠦ᠂ ᠬᠤᠲᠠ ᠪᠠᠯᠭᠠᠰᠤᠨ ᠤ ᠪᠦᠬᠦ᠋ᠢᠯᠡ ᠳᠦᠷᠢ ᠲᠥᠷᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠷᠡᠭᠦᠯ ᠮᠡᠨᠳᠦ ᠶᠢᠨ ᠭᠤᠤᠯ ᠰᠡᠳᠦᠪᠲᠦ ᠴᠡᠴᠡᠷᠯᠢᠭ ᠤᠨ ᠰᠠᠭᠤᠷᠢ ᠪᠡᠯᠡᠳᠬᠡᠮᠵᠢ ᠠᠯᠬᠤᠮ ᠠᠯᠬᠤᠮ ᠢᠶᠠᠷ ᠲᠡᠭᠦᠯᠳᠡᠷᠵᠢᠪᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ᠂ ᠤᠰᠤ ᠰᠦᠷᠴᠢᠵᠦ ᠲᠣᠭᠤᠰᠣ ᠰᠢᠷᠣᠶ ᠶᠢ ᠪᠠᠭᠤᠷᠠᠭᠤᠯᠬᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠬᠤᠳᠠ ᠶᠢᠨ ᠶᠠᠪᠤᠳᠠᠯ ᠤᠨ ᠨᠣᠭᠤᠭᠠᠷᠠᠭᠤᠯᠤᠯᠲᠠ ᠠᠷᠠᠴᠢᠯᠠᠯᠲᠠ ᠶᠢᠨ ᠢᠨᠵᠧᠨᠧᠷᠢᠩ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠡᠯ᠎ᠡ ᠭᠤᠣᠯ ᠪᠠ ᠳᠡᠳ᠋ ᠭᠤᠣᠯ ᠵᠠᠮ ᠳᠤ 2.9 ᠲᠦᠮᠡᠨ ᠰᠠᠭᠤᠷᠢ ᠮᠣᠳᠣ ᠨᠥᠬᠦᠵᠦ ᠲᠠᠷᠢᠪᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠴᠠᠭᠠᠰᠤᠴᠢ ᠪᠠᠯᠭᠠᠰᠤ ᠵᠢᠴᠢ ᠶᠠᠩ ᠵᠢᠶᠠ ᠪᠦᠦ ᠵᠡᠷᠭᠡ 25 ᠲᠣᠰᠬᠤᠨ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ  ᠵᠢᠱᠢᠶ᠎ᠡ ᠦᠵᠡᠭᠦᠯᠬᠦ ᠪᠠᠯᠭᠠᠰᠤ᠂ ᠲᠣᠰᠬᠤᠨ ᠳᠤ ᠰᠣᠩᠭᠤᠭᠳᠠᠪᠠ᠃ ︽ᠵᠣᠷᠯᠣᠩ ᠤᠨ ᠬᠤᠪᠢᠰᠬᠠᠯ︾ ᠢ ᠭᠦᠨᠵᠡᠭᠡᠶ ᠠᠬᠢᠭᠤᠯᠵᠤ᠂ 33 ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ 264 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ ᠪᠥᠬᠦ ᠬᠤᠰᠢᠭᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠬᠠᠭᠤᠷᠠᠶ ᠵᠣᠷᠯᠣᠩ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠪᠡ᠃ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠡᠷᠴᠢᠮ ᠢ ᠴᠢᠩᠭᠠᠷᠠᠭᠤᠯᠵᠤ᠂ ᠪᠥᠬᠦ ᠬᠤᠰᠢᠭᠤᠨ ᠤ 296 ᠵᠠᠰᠠᠭ ᠵᠠᠬᠢᠷᠭᠠᠨ ᠤ ᠲᠣᠰᠬᠤᠨ ᠳᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠲᠣᠰᠬᠤᠨ ᠤ ᠳᠦᠷᠰᠦ ᠪᠠᠶᠢᠳᠠᠯ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠶᠢᠲᠡ 5706.6 ᠲᠦᠮᠡᠨ ᠲᠥᠭᠦᠷᠢᠭ ᠤᠨ ᠪᠠᠯᠠ ᠣᠷᠣᠭᠤᠯᠵᠤ᠂ 10 ᠺᠢᠯᠣᠸᠠᠲ ᠤᠨ ᠵᠠᠮ ᠱᠤᠭᠤᠮ ᠢ 47 ᠺᠢᠯᠣᠮᠧᠲᠷ ᠲᠠᠰ ᠳᠡᠪᠰᠢᠭᠦᠯᠦᠨ ᠥᠭᠡᠷᠡᠴᠢᠯᠡᠵᠦ᠂ 2.7 ᠲᠦᠮᠡᠨ ᠬᠠᠭᠤᠴᠢᠨ ᠬᠡᠮᠵᠢᠭᠦᠷ ᠤᠨ ᠴᠠᠬᠢᠯᠭᠠᠨ ᠬᠡᠮᠵᠢᠭᠦᠷ ᠢ ᠲᠠᠰ ᠳᠡᠪᠰᠢᠭᠦᠯᠦᠨ ᠥᠭᠡᠷᠡᠴᠢᠯᠡᠪᠡ᠃ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ 3 ᠵᠠᠰᠠᠮᠠᠯ ᠵᠠᠮ ᠤᠨ ᠠᠷᠠᠴᠢᠯᠠᠯᠲᠠ ᠶᠢᠨ ᠲᠥᠷᠥᠯ ᠵᠦᠢᠯ ᠢ 110.4 ᠺᠢᠯᠣᠮᠧᠲᠷ ᠬᠡᠷᠡᠭᠵᠢᠭᠦᠯᠵᠦ᠂ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠤᠯᠠᠮ ᠨᠢᠭᠡ ᠠᠯᠬᠤᠮ ᠪᠠᠲᠤᠯᠠᠪᠠ᠃      ︵ᠳᠥᠷᠪᠡ︶ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠡᠶ᠎ᠡ ᠵᠣᠬᠢᠴᠠᠯ ᠢ ᠠᠬᠢᠭᠤᠯᠤᠨ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ      ᠠᠳᠠᠯ ᠦᠢᠯᠡᠰ ᠴᠣᠭᠴᠠᠯᠠᠨ ᠠᠵᠢᠯ ᠣᠯᠭᠤᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠪᠦᠬᠦ ᠵᠢᠯ ᠳᠤ ᠬᠤᠳᠠ ᠪᠠᠯᠭᠠᠰᠤᠨ ᠤ 3002 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 6 ᠲᠦᠮᠡᠨ ᠬᠥᠮᠦᠨ ᠳᠤ ᠰᠢᠯᠵᠢᠭᠦᠯᠦᠨ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.8% ᠶᠢᠨ ᠳᠣᠲᠣᠷ᠎ᠠ ᠬᠢᠵᠠᠭᠠᠷᠯᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠩ ᠬᠦᠴᠦᠲᠡᠶ ᠪᠣᠯᠭᠠᠵᠤ᠂ ᠬᠤᠳᠠ ᠪᠠᠯᠭᠠᠰᠤᠨ ᠤ ᠠᠵᠢᠯᠳᠠᠨ ᠠᠵᠢᠯᠴᠢᠨ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠡᠮᠬᠢᠯᠡᠨ ᠨᠡᠶᠢᠯᠡᠭᠦᠯᠬᠦ ᠠᠵᠢᠯ ᠢ ᠤᠷᠤᠭᠰᠢᠲᠠᠶ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 30.5 ᠲᠦᠮᠡ ᠳᠤ ᠬᠦᠷᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭ᠎ᠠ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠲᠠᠷᠬᠠᠭᠠᠵᠤ᠂ ᠪᠥᠬᠦ ᠵᠢᠯ ᠳᠤ ᠨᠡᠶᠢᠲᠡ 1.86 ᠳ᠋ᠦᠩᠰᠢᠭᠤᠷ ᠲᠥᠭᠦᠷᠢᠭ ᠲᠠᠷᠬᠠᠭᠠᠪᠠ᠃ ᠪᠠᠶᠢᠭᠤᠯᠵᠤ ᠪᠠᠶᠢᠭ᠎ᠠ ᠵᠦᠢᠯᠡᠰ ᠤᠨ ︽ᠲᠦᠷᠪᠡᠨ ᠲᠦᠷᠢᠮ ᠨᠢᠭᠡ ᠮᠥᠩᠭᠦ︾ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠲᠤᠯᠭ᠎ᠠ ᠶᠢ ᠪᠠᠷᠢᠮᠲᠠᠯᠠᠨ᠂ ᠪᠦᠭᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠰᠢᠷᠣᠶ ᠶᠢᠨ ᠵᠤᠤᠬ᠎ᠠ᠂ ᠬᠠᠭᠤᠷᠠᠶ ᠵᠣᠷᠯᠣᠩ ᠪᠠ ᠰᠦᠷᠴᠢᠭᠦᠷ ᠤᠬᠢᠶᠠᠯᠭ᠎ᠠ ᠶᠢᠨ ᠬᠡᠷ ᠢ ᠥᠭᠡᠷᠡᠴᠢᠯᠡᠨ ᠵᠠᠰᠠᠬᠤ ᠢᠨᠵᠧᠨᠧᠷᠢᠩ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠤᠭᠤᠯᠠᠨ ᠬᠡᠷ᠂ ᠭᠤᠷᠪᠠ ᠬᠤᠶᠠᠷ ᠭᠤᠣᠯ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠪᠠ᠃ ᠠᠰᠫᠢᠷᠠᠨᠲ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠭᠰᠢ ᠶᠢ 35 ᠨᠡᠷᠡᠰ ᠣᠷᠣᠭᠤᠯᠤᠨ ᠠᠪᠴᠢᠷᠠᠵᠤ᠂ ᠨᠢᠭᠡᠳᠦᠭᠡᠷ ᠳᠤᠮᠳᠠᠳᠤ ᠰᠤᠷᠭᠠᠭᠤᠯᠢ᠂ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ ᠶᠢᠨ ᠰᠦᠯᠵᠢᠶᠡᠨ ᠳᠤ ᠤᠷᠤᠭᠰᠠᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 7.4% ᠪᠠ 8% ᠪᠠᠷ ᠳᠡᠭᠡᠭᠰᠢᠯᠡᠪᠡ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠶᠡᠭᠡ ᠬᠤᠷᠠᠯ ᠵᠢᠴᠢ 35 ᠳ᠋ᠤᠭᠠᠷ ᠪᠠᠭᠰᠢ ᠶᠢᠨ ᠪᠠᠶᠠᠷ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠡᠵᠡᠩᠨᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠠᠭᠠᠴᠤᠳ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠥᠷᠨᠢᠩᠭᠦᠶ ᠪᠠᠷ ᠬᠥᠭᠵᠢᠵᠦ᠂ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ᠂ ᠪᠡᠶ᠎ᠡ ᠶᠢᠨ ᠲᠠᠮᠢᠷ ᠤᠨ ᠤᠷᠤᠯᠳᠤᠭᠠᠨ ᠶᠠᠪᠤᠭᠤᠯᠬᠤ᠂ ᠰᠣᠶᠣᠯ ᠢ ᠬᠥᠳᠡᠭᠡ ᠪᠠᠭᠤᠯᠭᠠᠬᠤ᠂ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠭᠠᠷᠭᠠᠬᠤ ᠪᠠ ᠺᠢᠨᠣ᠋ ᠭᠠᠷᠭᠠᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ · ᠬᠠᠰᠬᠠᠢ ᠶᠢᠨ ᠲᠠᠯ᠎ᠠ ᠨᠤᠲᠤᠭ ᠤᠨ ᠮᠠᠷᠠᠰᠤᠨ ᠨᠠᠷᠠᠰᠤ ᠶᠢ ᠠᠮᠵᠢᠯᠲᠠ ᠲᠠᠢ ᠡᠷᠬᠢᠯᠡᠵᠦ᠂ ᠬᠤᠰᠢᠭᠤᠨ ᠤ ᠤᠯᠠᠭᠠᠨᠮᠥ᠋ᠴᠢᠷ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ᠪᠦᠯᠬᠦᠮ ᠤᠨ ᠮᠥᠩᠭᠦᠨ ᠱᠠᠩᠨᠠᠯ᠂ ᠵᠣᠬᠢᠶᠠᠨ ᠪᠦᠲᠦᠭᠡᠯᠭᠡ ᠶᠢᠨ ᠱᠠᠩᠨᠠᠯ᠂ ᠲᠣᠭᠯᠠᠯᠲᠠ ᠶᠢᠨ ᠱᠠᠩᠨᠠᠯ ᠵᠡᠷᠭᠡ ᠶᠢᠰᠦᠨ ᠶᠡᠭᠡ ᠱᠠᠩᠨᠠᠯ ᠢ ᠬᠦᠷᠲᠡᠵᠦ᠂ ᠠᠷᠠᠳ ᠲᠤ ᠠᠰᠢᠭ ᠬᠦᠷᠲᠡᠭᠡᠬᠦ 162 ᠲᠠᠯᠠᠪᠠᠢ ᠲᠣᠭᠯᠠᠯᠲᠠ ᠡᠷᠬᠢᠯᠡᠪᠡ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ︽ᠰᠢᠨ᠎ᠡ ᠳᠤᠮᠳᠠᠳᠤ ᠤᠯᠤᠰ ᠤᠨ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠭᠰᠠᠨ ᠢ ᠮᠠᠭᠲᠠᠨ ᠰᠠᠶᠢᠰᠢᠶᠠᠬᠤ︾ ᠣᠯᠠᠨ ᠲᠦᠮᠡᠨ ᠤ ᠨᠠᠶᠢᠷᠠᠯ ᠳᠠᠭᠤᠤ ᠶᠢ ᠡᠷᠭᠢᠯᠡᠵᠦ᠂ ᠮᠣᠩᠭᠤᠯ ᠬᠢᠲᠠᠳ ᠬᠤᠤᠰ ᠬᠡᠯᠡᠨ ᠤ ᠬᠡᠪᠯᠡᠯ ᠢ ᠰᠢᠩᠭᠡᠭᠡᠵᠦ ᠳᠠᠭᠤᠰᠬᠠᠭᠠᠳ ︽ᠪᠢ ᠪᠣᠯᠤᠨ ᠮᠢᠨᠦ ᠡᠬᠡ ᠤᠯᠤᠰ︾ ᠢ ᠭᠢᠯᠠᠯᠵᠠᠭᠤᠯᠪᠠ᠃ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ ᠪᠠᠶᠢᠭᠤᠯᠵᠤ ᠠᠰᠢᠭᠯᠠᠯᠲᠠ ᠳᠤ ᠬᠠᠮ ᠵᠠᠭᠤᠴᠢᠯᠠᠭᠤᠷ ᠤᠨ ᠲᠥᠪ ᠵᠢᠩᠬᠢᠨᠢ ᠪᠠᠷ ᠪᠠᠶᠢᠭᠤᠯᠤᠭᠳᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠨᠣᠷᠮ᠎ᠠ ᠶᠢ 100% ᠳᠤ ᠬᠦᠷᠭᠡᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ ᠶᠢ 88% ᠳᠤ ᠬᠦᠷᠭᠡᠵᠦ᠂ ᠬᠤᠰᠢᠭᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠮᠡᠷᠭᠡᠵᠢᠯ ᠤᠨ ᠴᠢᠳᠠᠮᠵᠢ ᠶᠢ ᠪᠠᠶᠢᠴᠠᠭᠠᠬᠤ ᠠᠰᠠᠷ ᠤᠨ ᠭᠤᠤᠯ ᠴᠣᠭᠴᠠ ᠶᠢᠨ ᠢᠨᠵᠧᠨᠧᠷᠢᠩ ᠢ ᠳᠠᠭᠤᠰᠬᠠᠪᠠ᠃ ᠡᠮ ᠡᠮᠨᠡᠯᠭᠡ ᠶᠢᠨ ᠳᠠᠭᠠᠳᠬᠠᠯ ᠤᠨ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ 3 ᠡᠭᠡᠯᠵᠢ ᠶᠢᠨ ᠲᠤᠰᠬᠠᠶ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯᠯᠠᠭᠠᠨ ᠤ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ᠂ ᠡᠷᠡᠭᠦᠯ ᠮᠡᠨᠳᠦ ᠶᠢᠨ ᠭᠤᠣᠯ ᠰᠡᠳᠦᠪᠲᠦ ᠴᠡᠴᠡᠷᠯᠢᠭ ᠵᠡᠷᠭᠡ ᠠᠷᠠᠳ ᠤᠨ ᠠᠮᠢᠳᠤᠷᠠᠯ ᠤᠨ 6 ᠵᠦᠢᠯ ᠤᠨ ᠪᠣᠳᠠᠲᠤ ᠶᠠᠪᠤᠳᠠᠯ ᠢ ᠪᠡᠶᠡᠯᠡᠭᠦᠯᠪᠡ᠃      ︵ᠲᠠᠪᠤ︶ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ      ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠡᠭᠦᠷᠭᠡ ᠴᠢᠳᠠᠪᠤᠷᠢ ᠶᠢᠨ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠦᠮᠡᠳ ᠵᠡᠭᠦᠨ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠢᠯᠢᠳᠡᠭᠵᠢᠭᠦᠯᠬᠦ ᠠᠵᠢᠯ ᠤᠨ ᠲᠥᠰᠦᠯ︾ ᠢ ᠲᠣᠭᠲᠠᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ ᠪᠠᠷᠢᠴᠠᠭᠠᠳᠤ ᠵᠢᠭᠡᠯᠡᠯᠭᠡ ᠶᠢᠨ ᠳᠡᠩᠰᠡᠯᠡᠯᠲᠡ ᠶᠢ ᠲᠣᠰ ᠲᠣᠰ 10 ᠠᠵᠢᠯ ᠤᠨ ᠡᠳᠦᠷ ᠪᠠ 5 ᠠᠵᠢᠯ ᠤᠨ ᠡᠳᠦᠷ ᠪᠣᠯᠭᠠᠨ ᠪᠠᠭᠠᠰᠬᠠᠪᠠ᠃ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠵᠣᠬᠢᠶᠠᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠵᠦ᠂ 16 ᠰᠠᠯᠠᠭ᠎ᠠ ᠮᠥᠴᠢᠷ ᠤᠨ 152 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠨᠢᠭᠡᠳᠦᠯᠲᠡᠶ ᠬᠤᠪᠢᠶᠠᠷᠢᠯᠠᠨ ᠰᠢᠯᠵᠢᠭᠦᠯᠪᠡ᠃ ᠬᠤᠰᠢᠭᠤᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠦᠢᠯᠡᠴᠢᠯᠡᠭᠡᠨ ᠤ ᠴᠣᠩᠬᠤᠨ ᠤ ᠵᠢᠯ ᠳᠤ ᠭᠦᠢᠴᠡᠳᠬᠡᠬᠦ ᠠᠵᠢᠯ 35 ᠲᠦᠮᠡᠨ ᠬᠤᠪᠢ ᠬᠦᠷᠴᠦ᠂ ᠠᠳᠠᠯᠢ ᠬᠤᠭᠤᠴᠠᠭᠠᠨ ᠤ ᠬᠢ ᠠᠴᠠ 65.7% ᠪᠠᠷ ᠨᠡᠮᠡᠭᠳᠡᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠬᠥᠭᠵᠢᠭᠡᠨ᠎ᠡ᠃ 30 ᠭᠠᠷᠤᠶ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠢᠦᠳᠠᠨ ᠤ ᠬᠠᠳᠠᠭᠠᠯᠠᠮᠵᠢ ᠶᠢᠨ ᠪᠠᠩᠬᠢ ᠲᠠᠢ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠬᠤᠷᠠᠯᠳᠤᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠪᠡ᠃ ᠪᠦᠬᠦ ᠵᠢᠯ ᠳᠤ ᠡᠯ᠎ᠡ ᠲᠦᠷᠦᠯ ᠤᠨ ᠠᠵᠤ ᠠᠬᠤᠶᠢᠯᠠᠯ ᠢ 331 ᠰᠢᠨ᠎ᠡ ᠪᠠᠷ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠡᠶᠡᠴᠢ ᠴᠣᠭᠴᠠ ᠶᠢ 1560 ᠡᠷᠦᠬᠡ ᠰᠢᠨ᠎ᠡ ᠪᠠᠷ ᠨᠡᠮᠡᠭᠳᠡᠭᠦᠯᠪᠡ᠃ ︽ᠠᠮᠢ ᠠᠬᠤᠶ ᠶᠢ ᠲᠡᠷᠢᠭᠦᠨ ᠳᠤ ᠲᠠᠯᠪᠢᠬᠤ · ᠪᠣᠬᠢᠷᠲᠤᠯ ᠥᠬᠡᠶ ᠬᠥᠭᠵᠢᠯᠲᠡ︾ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠥᠪᠳᠡᠯᠴᠡᠬᠡᠷ ᠤᠨ ᠬᠤᠷᠠᠯ ᠢ ᠠᠮᠵᠢᠯᠲᠠ ᠲᠠᠢ ᠡᠷᠭᠢᠯᠡᠵᠦ᠂ 8 ᠠᠵᠤ ᠠᠬᠤᠶᠢᠯᠠᠯ ᠲᠠᠢ ᠲᠤᠬᠠᠶ ᠶᠢᠨ ᠲᠠᠯᠠᠪᠤᠷ ᠲᠤ ᠭᠡᠷ᠎ᠡ ᠲᠣᠭᠲᠠᠵᠤ᠂ ᠰᠠᠨᠠᠮᠵᠢ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ 450 ᠳ᠋ᠦᠩᠰᠢᠭᠤᠷ ᠲᠥᠭᠦᠷᠢᠭ ᠲᠤ ᠬᠥᠷᠪᠡ᠃      ︵ᠵᠢᠷᠭᠤᠭ᠎ᠠ︶ ᠬᠦᠴᠢᠷ ᠢ ᠲᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠯᠠᠪᠳᠠᠭᠤᠨ ᠪᠥᠭᠡᠳ ᠪᠦᠲᠦᠮᠵᠢᠲᠡᠶ ᠪᠣᠯᠪᠠ      ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ᠬᠠᠷᠭᠢᠰ ᠬᠦᠴᠦᠨ ᠤ 2 ᠶᠠᠯᠠᠲᠤ ᠪᠦᠯᠦᠭ᠂ 5 ᠬᠠᠷᠭᠢᠰ ᠬᠦᠴᠦᠨ ᠳᠤ ᠬᠤᠯᠪᠣᠭᠳᠠᠭᠰᠠᠨ ᠡᠪᠰᠡᠯ ᠪᠦᠯᠦᠭ ᠢ ᠴᠣᠬᠢᠨ ᠤᠨᠠᠭᠠᠵᠤ᠂ ᠬᠠᠷᠭᠢᠰ ᠬᠦᠴᠦᠨ ᠳᠤ ᠬᠤᠯᠪᠣᠭᠳᠠᠭᠰᠠᠨ 23 ᠡᠷᠡᠭᠦᠦ ᠶᠢᠨ ᠬᠡᠷᠡᠭ ᠢ ᠠᠮᠵᠢᠯᠲᠠ ᠲᠠᠢ ᠪᠠᠷ ᠢᠯᠡᠷᠡᠭᠦᠯᠵᠦ᠂ ᠬᠠᠷᠭᠢᠰ ᠬᠦᠴᠦᠨ ᠳᠤ ᠬᠤᠯᠪᠣᠭᠳᠠᠭᠰᠠᠨ 62 ᠶᠠᠯ᠎ᠠ ᠬᠢᠭᠰᠡᠨ ᠰᠡᠵᠢᠭᠳᠡᠨ ᠳᠤ ᠴᠣᠬᠢᠯᠲᠠ ᠥᠭᠴᠦ ᠰᠢᠢᠳᠪᠦᠷᠢᠯᠡᠨ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 459 ᠰᠦᠪᠡᠭᠴᠢ ᠶᠢ ᠬᠢᠨᠠᠨ ᠪᠠᠶᠢᠴᠠᠭᠠᠪᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ 101 ︽ᠲᠤᠮᠤ ᠰᠠᠷᠠᠪᠴᠢᠨ ᠭᠡᠷ︾ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ 3.39 ᠲᠦᠮᠡᠨ ᠲᠡᠭᠰᠢ ᠳᠥᠷᠪᠡᠯᠵᠢᠨ ᠮᠧᠲᠷ ᠤᠨ ᠲᠣᠭᠲᠠᠭᠠᠯ ᠢ ᠵᠥᠷᠢᠴᠡᠨ ᠪᠠᠷᠢᠭᠰᠠᠨ ᠪᠠᠶᠢᠳᠠᠯ ᠢ ᠨᠤᠷᠠᠭᠠᠪᠠ᠃ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ 5 ᠵᠤᠰᠠᠯᠠᠩ ᠢ ᠴᠡᠪᠡᠷᠯᠡᠨ ᠨᠤᠷᠠᠭᠠᠵᠤ᠂ ᠡᠩ ᠤᠨ ᠪᠠᠶᠢᠳᠠᠯ ᠳᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ 15 ᠵᠤᠰᠠᠯᠠᠩ ᠢ ᠴᠡᠪᠡᠷᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠳᠠᠭᠠᠨ ᠵᠢᠯ ᠰᠤᠯᠠ ᠲᠠᠯᠪᠢᠭᠰᠠᠨ ︽ᠪᠢᠩ ᠵᠧᠦ ᠬᠠᠢ ᠨᠡᠭᠦᠳᠡᠯ ᠠᠷᠠᠳ ᠤᠨ ᠲᠣᠭᠤᠷᠢᠭ︾ ᠢ ᠪᠦᠬᠦᠨ ᠢᠶᠠᠷ ᠨᠢ ᠨᠤᠷᠠᠭᠠᠵᠤ᠂ 139 ᠮᠦ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠡᠷᠭᠦᠭᠡᠪᠡ᠃ ᠪᠡᠭᠡᠵᠢᠩ ᠪᠤᠭᠤᠲᠤ ᠲᠡᠮᠦᠷ ᠵᠠᠮ ᠤᠨ ᠲᠦᠮᠡᠳ ᠵᠡᠭᠦᠨ ᠬᠤᠰᠢᠭᠤᠨ ᠤ ᠬᠡᠰᠡᠭ ᠳᠠᠭᠠᠤ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ 195 ᠡᠭᠦᠷᠭᠡ ᠶᠢ ᠪᠡᠶᠡᠯᠡᠭᠦᠯᠵᠦ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠲᠠᠯ᠎ᠠ ᠪᠠᠷ ᠰᠠᠶᠢᠵᠢᠷᠠᠭᠤᠯᠪᠠ᠃ ᠡᠯᠡᠰᠦᠨ ᠨᠦᠬᠡ ᠶᠢ ᠵᠠᠰᠠᠬᠤ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠶᠡᠭᠡ ᠪᠠᠷ ᠳᠥᠯᠭᠢᠨ ᠠᠬᠢᠭᠤᠯᠵᠤ᠂ ︽ᠨᠢᠭᠡ ᠨᠦᠬᠡ ᠨᠢᠭᠡ ᠠᠷᠭ᠎ᠠ ᠪᠣᠳᠣᠯᠭ᠎ᠠ︾ ᠶᠢ ᠬᠡᠷᠡᠭᠯᠡᠨ ᠬᠠᠷᠢᠶ᠎ᠠ ᠣᠷᠣᠨ ᠤ ᠪᠠᠨ ᠳᠣᠲᠣᠷᠠᠬᠢ ᠡᠯᠡᠰᠦᠨ ᠨᠦᠬᠡ ᠶᠢ ᠵᠠᠰᠠᠨ ᠰᠡᠯᠪᠢᠬᠦ ᠠᠵᠢᠯ ᠢ ᠶᠠᠪᠤᠭᠳᠠᠭᠤᠯᠤᠨ᠎ᠠ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ 65 ᠲᠥᠷᠥᠯ ᠵᠦᠢᠯ ᠤᠨ ᠮᠠᠲ᠋ᠧᠷᠢᠶᠠᠯ ᠤᠨ ᠬᠢᠨᠠᠨ ᠪᠠᠶᠢᠴᠠᠭᠠᠯᠲᠠ ᠶᠢ ᠪᠡᠶᠡᠯᠡᠭᠦᠯᠵᠦ᠂ ᠶᠢᠨ ᠯᠠᠨ ᠸᠠᠨ᠂ ᠬᠠᠭᠠᠰ ᠠᠭᠤᠯᠠ ᠬᠠᠭᠠᠰ ᠤᠰᠤ᠂ ᠵᠢᠶ ᠯᠦᠩ ᠵᠢᠵᠢᠭ ᠲᠣᠭᠤᠷᠢᠭ ᠵᠡᠷᠭᠡ 26 ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂ 3500 ᠭᠠᠷᠤᠶ ᠡᠷᠦᠬᠡ ᠣᠯᠠᠨ ᠲᠦᠮᠡᠨ ᠳᠤ ᠥᠯᠥ ᠬᠥᠳᠡᠯᠬᠦ ᠬᠥᠷᠥᠩᠭᠡ ᠶᠢᠨ ᠠᠩᠬᠠᠨ ᠤ ᠳᠡᠩᠰᠡᠯᠡᠯᠲᠡ ᠬᠢᠵᠦ ᠥᠭᠪᠡ᠃ ᠬᠤᠳᠠᠯᠳᠤᠭᠠᠨ ᠤ ᠲᠡᠮᠦᠷ ᠵᠠᠮ ᠤᠨ ᠥᠷᠲᠡᠭᠡ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ 7 ᠡᠳᠦᠷ ᠤᠨ ᠳᠣᠲᠣᠷ᠎ᠠ ᠥᠪᠥᠷ ᠮᠣᠩᠭᠤᠯ ᠤᠨ ᠲᠧᠯᠸᠢᠰ ᠬᠤᠷᠢᠶ᠎ᠠ ᠶᠢᠨ ᠢᠯᠡᠴᠢᠯᠡᠭᠰᠡᠨ 6 ᠬᠤᠳᠠᠯᠳᠤᠭᠠᠨ ᠤ ᠲᠡᠮᠦᠷ ᠵᠠᠮ ᠤᠨ ᠥᠷᠲᠡᠭᠡ ᠶᠢ ᠪᠦᠬᠦᠨ ᠢ ᠨᠤᠷᠠᠭᠠᠵᠤ᠂ ᠠᠵᠢᠯᠯᠠᠭ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠤᠯᠢ ᠪᠤᠰᠤ ᠬᠤᠳᠠᠯᠳᠤᠭᠠᠨ ᠤ ᠲᠡᠮᠦᠷ ᠵᠠᠮ ᠤᠨ ᠥᠷᠲᠡᠭᠡ ᠶᠢ 11 ᠨᠤᠷᠠᠭᠠᠪᠠ᠃      ︵ᠲᠤᠯᠤᠭ᠎ᠠ︶ ᠰᠤᠷᠲᠠᠯ ᠢᠶᠠᠨ ᠬᠤᠪᠢᠷᠠᠭᠤᠯᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠣᠳᠠᠲᠠᠢ ᠪᠠᠷ ᠠᠵᠢᠯᠯᠠᠬᠤ ᠶᠢ ᠠᠬᠢᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠳᠠᠭᠠᠨ ᠪᠣᠳᠠᠲᠠᠢ ᠶᠢ ᠡᠷᠬᠢᠮᠯᠡᠨ ᠵᠢᠳᠬᠦᠯ ᠴᠢᠷᠮᠠᠶᠢᠯᠭ᠎ᠠ ᠲᠠᠢ ᠪᠠᠶᠢᠬᠤ ᠬᠡᠷᠡᠭᠲᠡᠢ      ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠳᠦᠷᠢᠮᠵᠢᠭᠦᠯᠬᠦ ᠶᠢ ᠭᠦᠨᠵᠡᠭᠡᠢ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠨᠠᠮ ᠤᠨ ᠰᠤᠷᠲᠠᠯ᠂ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠺᠠᠳ᠋ᠷᠴᠤᠳ ᠢ ᠲᠥᠪ ᠴᠢᠬᠡᠴᠢ᠂ ᠵᠠᠰᠠᠭ ᠤᠨ ᠣᠷᠳᠣᠨ ᠢ ᠠᠷᠢᠭᠤᠨ ᠴᠢᠬᠡᠴᠢ᠂ ᠤᠯᠤᠰ ᠲᠦᠷᠦ ᠶᠢ ᠬᠡᠪ ᠲᠦᠷᠢᠮ ᠲᠠᠢ ᠪᠠᠶᠢᠯᠭᠠᠬᠤ ᠶᠢ ᠪᠡᠶᠡᠯᠡᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠣᠯᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠪᠥᠬᠦ ᠵᠢᠯ ᠳᠤ 46 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ 103 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ ᠭᠦᠢᠴᠡᠳᠬᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ ᠨᠢ 100% ᠳᠤ ᠬᠥᠷᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠠᠳᠠᠯᠢ ᠬᠤᠭᠤᠴᠠᠭᠠᠨ ᠤ ᠬᠢ ᠠᠴᠠ 9.75% ᠪᠠᠷ ᠪᠠᠭᠤᠷᠠᠵᠤ᠂ ᠠᠵᠢᠯ ᠦᠢᠯᠡᠰ ᠤᠨ ᠨᠢᠭᠡᠴᠢ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠤᠷᠤᠭᠰᠢᠲᠠᠶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ 9 ᠮᠢᠩᠭ᠎ᠠ ᠭᠠᠷᠤᠶ ᠮᠡᠳᠡᠭᠡ ᠵᠠᠩᠭᠢ ᠶᠢ ᠨᠡᠶᠢᠲᠡᠯᠡᠵᠦ᠂ ᠲᠣᠪᠴᠢᠳᠠᠭᠰᠠᠨ ᠬᠡᠮᠵᠢᠶ᠎ᠡ 1.79 ᠲᠦᠮᠡᠨ ᠤᠳᠠᠭ᠎ᠠ ᠳᠤ ᠬᠦᠷᠪᠡ᠃ ᠰᠦᠯᠵᠢᠶ᠎ᠡ ᠪᠠᠷ ᠵᠠᠰᠠᠭ ᠤᠨ ᠶᠠᠪᠤᠳᠠᠯ ᠢ ᠡᠷᠬᠢᠯᠡᠬᠦ ᠶᠢ ᠢᠳᠡᠪᠬᠢᠲᠡᠶ ᠪᠠᠷ ᠬᠡᠷᠡᠭᠵᠢᠭᠦᠯᠵᠦ᠂ ᠠᠷᠠᠳ ᠤᠨ ᠬᠦᠰᠡᠯ ᠱᠠᠭᠠᠷᠳᠠᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠰᠦᠯᠵᠢᠶᠡᠨ ᠢᠷᠭᠡᠳ ᠤᠨ ᠢᠷᠡᠭᠦᠯᠦᠭᠰᠡᠨ 170 ᠵᠠᠬᠢᠳᠠᠯ ᠳᠤ ᠬᠠᠷᠢᠭᠤᠯᠲᠠ ᠥᠭᠴᠦ ᠰᠢᠢᠳᠪᠦᠷᠢᠯᠡᠪᠡ᠃      ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ︔ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠪᠡ︔ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠵᠤ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠪᠡ︔ ᠬᠠᠰᠬᠠᠢ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠤᠨ ᠰᠢᠯᠭᠠᠨ ᠪᠠᠶᠢᠴᠠᠭᠠᠯᠲᠠ ᠳᠤ ᠵᠢᠩᠬᠢᠨᠢ ᠪᠠᠷ ᠬᠢᠷᠢ ᠲᠡᠩᠴᠡᠪᠡ︔ ᠮᠠᠨ ᠤ ᠬᠤᠰᠢᠭᠤ ᠬᠤᠶᠠᠷ ᠵᠢᠯ ᠳᠠᠷᠠᠭᠠᠯᠠᠨ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠢᠶᠠᠷ ᠦᠨᠡᠯᠡᠭᠳᠡᠪᠡ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠴᠢᠬᠤᠯᠠᠴᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠡᠷᠦᠭᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯᠴᠢᠨ ᠤ ᠡᠪᠯᠡᠯ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠤᠬᠡᠳ᠂ ᠬᠤᠶᠢᠴᠢ ᠦᠶ᠎ᠡ ᠪᠠᠨ ᠬᠠᠯᠠᠮᠵᠢᠯᠠᠬᠤ᠂ ᠵᠡᠮᠳᠡᠭᠴᠦᠳ ᠤᠨ ᠦᠢᠯᠡᠰ᠂ ᠤᠯᠠᠭᠠᠨ ᠵᠠᠭᠠᠯᠮᠠᠶᠢᠲᠠᠨ᠂ ᠬᠠᠩᠭᠠᠨ ᠪᠣᠷᠣᠯᠠᠭᠤᠯᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠭᠠᠯ ᠤᠨᠲᠠᠷᠠᠭᠠᠬᠤ᠂ ᠴᠢᠮᠡᠭᠡ ᠬᠤᠯᠪᠣᠭ᠎ᠠ᠂ ᠴᠠᠭ ᠠᠭᠤᠷ ᠵᠡᠷᠭᠡ ᠡᠯ᠎ᠡ ᠵᠦᠢᠯ ᠤᠨ ᠠᠵᠢᠯ ᠴᠤ ᠰᠢᠨ᠎ᠡ ᠠᠮᠵᠢᠯᠲᠠ ᠣᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃      ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ ᠲᠣᠭᠲᠠᠯ ᠬᠦᠴᠦᠨ ᠢᠶᠠᠨ ᠪᠠᠲᠤᠯᠠᠵᠤ᠂ ᠦᠢᠯᠡᠰ ᠪᠦᠲᠦᠭᠡᠬᠦ ᠪᠠᠷ ᠬᠦᠴᠦᠯᠡᠨ ᠴᠢᠷᠮᠠᠶᠢᠵᠤ᠂ ︽ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠨ︾ ᠤ ᠢᠯᠠᠯᠲᠠ ᠶᠢ ᠤᠯᠬᠤ ᠶᠠᠪᠤᠴᠠ ᠳᠤ ᠪᠡᠷᠬᠡ ᠶᠢ ᠲᠠᠪᠠᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠪᠠᠴᠢᠮ ᠪᠡᠷᠬᠡ ᠠᠶᠤᠯ ᠲᠦᠭᠰᠢᠭᠦᠷᠢ ᠶᠢ ᠠᠷᠭᠠᠴᠠᠬᠤ ᠲᠤᠰᠬᠠᠶ ᠴᠡᠭᠴᠡᠯᠡᠨ ᠵᠠᠰᠠᠯᠲᠠ ᠳᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠦ᠂ ᠬᠢᠯᠪᠠᠷ ᠪᠤᠰᠤ ᠪᠠᠷ ᠣᠯᠤᠭᠰᠠᠨ ᠠᠮᠵᠢᠯᠲᠠ ᠣᠯᠵᠠᠶ᠂ ᠡᠨᠡ ᠪᠣᠯ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠥᠪ ᠵᠢᠯᠣᠭᠤᠳᠣᠯᠭ᠎ᠠ ᠶᠢᠨ ᠦᠷ᠎ᠡ ᠳ᠋ᠦᠩ ᠮᠥᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠨᠴᠤᠶ ᠰᠢᠮᠠᠯᠠᠨ ᠴᠢᠷᠮᠠᠶᠢᠨ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠭᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠲᠠᠯᠠᠬᠤ ᠶᠢᠨ ᠳᠠᠭᠠᠤ ᠳᠤ᠂ ᠮᠠᠨ ᠤ ᠬᠤᠰᠢᠭᠤᠨ ᠤ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠪᠠᠰᠠ ᠨᠡᠯᠢᠶᠡᠳ ᠳᠤᠪᠤᠶᠢᠮ᠎ᠠ ᠪᠠᠶᠢᠵᠤ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠠᠰᠠ ᠨᠡᠯᠢᠶᠡᠳ ᠤᠯᠠᠨ ᠪᠠᠶᠢᠨ᠎ᠠ ᠭᠡᠳᠡᠭ ᠢ ᠪᠢᠳᠡ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠨᠢᠭᠡ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠣᠮᠲᠣᠭᠠᠶᠢᠯᠠᠵᠤ ᠪᠣᠯᠤᠰᠢ ᠦᠭᠡᠢ ᠪᠠᠶᠢᠵᠤ᠂ ᠵᠠᠷᠢᠮ ᠰᠠᠯᠠᠭ᠎ᠠ ᠮᠥᠴᠢᠷ ᠤᠨ ᠠᠵᠢᠯ ᠤᠨ ᠦᠷ᠎ᠡ ᠪᠦᠲᠦᠮᠵᠢ ᠳᠣᠣᠷ᠎ᠠ᠂ ᠬᠢᠨᠠᠨ ᠵᠥᠪᠰᠢᠶᠡᠷᠡᠬᠦ ᠨᠢ ᠪᠤᠳᠤᠯᠢᠶᠠᠨᠲᠠᠶ᠂ ᠵᠢᠷᠤᠮ ᠨᠢ ᠶᠠᠷᠰᠢᠭ ᠲᠦᠪᠡᠭᠲᠡᠶ᠂ ᠭᠤᠶᠤᠴᠢᠯᠠᠬᠤ ᠳᠤ ᠬᠦᠴᠢᠷᠲᠡᠶ ᠪᠠᠶᠢᠵᠤ᠂ ᠴᠥᠭᠡᠨ ᠲᠣᠭᠠᠨ ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠬᠦ᠂ ᠬᠠᠭᠤᠷᠮᠠᠭ ᠢᠶᠠᠷ ᠦᠢᠯᠡᠳᠬᠦ ᠦᠵᠡᠭᠳᠡᠯ ᠪᠠᠶᠢᠨ ᠪᠠᠶᠢᠨ ᠭᠠᠷᠴᠤ᠂ ᠵᠠᠷᠢᠮ ᠨᠢ ︽ᠬᠡᠯᠡᠭᠰᠡᠨ ᠢᠶᠠᠨ ᠬᠢᠴᠢᠬᠡᠵᠦ᠂ ᠬᠢᠭᠰᠡᠨ ᠢᠶᠠᠨ ᠬᠢᠴᠢᠬᠡᠵᠦ︾᠂ ᠮᠠᠰᠢ ᠤᠯᠠᠨ ᠨᠠᠶᠢᠳᠠᠪᠤᠷᠢᠵᠢᠭᠤᠯᠤᠯᠲᠠ ᠶᠢ ᠲᠤᠤᠱᠲᠠᠢ ᠶᠠᠪᠤᠭᠳᠠᠭᠤᠯᠵᠤ᠂ ︽ᠡᠴᠦᠰ ᠤᠨ ᠨᠢᠭᠡ ᠺᠢᠯᠣᠮᠧᠲᠷ︾ ᠢ ᠴᠦ ᠨᠡᠪᠲᠡᠷᠡᠭᠦᠯᠦᠭᠰᠡᠨ ᠦᠭᠡᠢ ᠪᠠᠶᠢᠨ᠎ᠠ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠩᠭ᠎ᠠ ᠪᠣᠳᠠᠲᠠᠢ ᠠᠳᠬᠤᠭᠰᠠᠨ ᠦᠭᠡᠢ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠮᠲᠤᠷᠠᠯ ᠬᠦᠴᠦᠨ ᠪᠦᠷᠢᠯᠳᠦᠭᠰᠡᠨ ᠦᠭᠡᠢ᠂ ᠡᠯ᠎ᠡ ᠱᠠᠲᠤᠨ ᠤ ᠺᠠᠳ᠋ᠷ ᠤᠨ ᠨᠠᠶᠢᠳᠠᠪᠤᠷᠢᠵᠢᠭᠤᠯᠬᠤ ᠠᠵᠢᠯ ᠳᠤ ︽ᠬᠠᠯᠠᠭᠤᠨ ᠬᠦᠢᠳᠡᠨ ᠤ ᠵᠥᠷᠢᠶ᠎ᠡ︾ ᠣᠷᠣᠰᠢᠵᠤ ᠪᠠᠶᠢᠨ᠎ᠠ᠃ ᠭᠤᠷᠪᠠ ᠳᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠳᠠᠷᠤᠯᠲᠠ ᠨᠡᠯᠢᠶᠡᠳ ᠶᠡᠭᠡ ᠪᠠᠶᠢᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠪᠦᠲᠦᠮᠵᠢᠲᠡᠶ ᠰᠠᠶᠢᠵᠢᠷᠠᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠲᠦᠷᠪᠡ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠳᠠᠷᠤᠯᠲᠠ ᠨᠡᠯᠢᠶᠡᠳ ᠶᠡᠭᠡ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ ᠰᠢᠢᠳᠪᠦᠷᠢᠯᠡᠬᠦ ᠬᠡᠷᠡᠭᠲᠡᠶ᠃      ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ      2020 ᠣᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠪᠠᠰᠠ ᠴᠤ ᠮᠠᠨ ᠤ ᠬᠤᠰᠢᠭᠤᠨ ᠤ ᠠᠵᠠ ᠲᠣᠬᠢᠶᠠᠯ ᠢ ᠵᠠᠪᠳᠤᠨ ᠠᠳᠬᠤᠵᠤ᠂ ᠶᠡᠭᠡ ᠦᠢᠯᠡᠰ ᠪᠦᠲᠦᠭᠡᠬᠦ ᠵᠠᠩᠭᠢᠯᠠᠭ᠎ᠠ ᠶᠢᠨ ᠵᠢᠯ ᠮᠥᠨ᠃ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ︽ᠳᠥᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ︽ᠵᠢᠷᠭᠤᠭ᠎ᠠ ᠶᠢ ᠲᠣᠭᠲᠠᠭᠤᠨ︾ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠲᠥᠮᠡᠳ ᠵᠡᠭᠦᠨ ᠬᠤᠰᠢᠭᠤᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ  ᠢ 4% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 4% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 3% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠴᠠ ᠬᠠᠰᠤᠵᠤ ᠭᠠᠷᠭᠠᠭᠰᠠᠨ ᠬᠠᠷᠢᠴᠠᠭᠤᠯᠵᠤ ᠪᠣᠯᠤᠰᠢ ᠥᠭᠡᠢ ᠬᠦᠴᠦᠨ ᠵᠦᠢᠯ  ᠢ 4.9% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ  ᠤᠨ ᠬᠤᠷᠳᠤᠴᠠ ᠶᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠳᠣᠣᠷ᠎ᠠ ᠪᠠᠶᠢᠯᠭᠠᠬᠤ ᠥᠭᠡᠢ᠃      ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃      ︵ᠨᠢᠭᠡ︶ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠢᠯᠠᠯᠲᠠ ᠶᠢ ᠵᠠᠪᠠᠯ ᠣᠯᠤᠨ᠎ᠠ      ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠪᠠ᠃ 2020 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ︽ᠬᠠᠷᠠᠯᠲᠠ ᠪᠠᠨ ᠪᠠᠲᠤ ᠪᠠᠷᠢᠮᠲᠠᠯᠠᠵᠤ᠂ ᠨᠢᠭᠡ ᠯᠡ ᠬᠥᠭ ᠢᠶᠠᠷ ᠴᠢᠷᠮᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠴᠢᠨᠠᠷ ᠰᠠᠶᠢᠲᠠᠶ ᠢᠯᠠᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︾ ᠭᠡᠰᠡᠨ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠶᠠᠳᠠᠭᠤ ᠶᠢ ᠳᠠᠶᠢᠴᠢᠯᠠᠬᠤ ᠪᠠ ᠶᠠᠳᠠᠭᠤ ᠶᠢ ᠪᠠᠭᠠᠰᠬᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠠᠨᠳᠤᠰᠢ ᠳᠤᠨᠢ ᠲᠣᠬᠢᠷᠠᠭᠤᠯᠤᠨ ᠬᠥᠲᠥᠯᠥᠨ ᠵᠢᠯᠣᠭᠤᠳᠴᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠤᠷᠠᠯ ᠤᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠪᠠ ᠲᠣᠯᠣᠭᠠᠶᠢᠯᠠᠭᠴᠢ ᠠᠵᠤ ᠠᠬᠤᠶᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠣᠷᠣᠯᠴᠠᠬᠤ ᠶᠢ ᠲᠡᠮᠵᠢᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠢᠳᠡᠪᠬᠢᠲᠡᠶ ᠥᠷᠨᠢᠭᠦᠯᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠪᠠᠶᠠᠵᠢᠨ ᠴᠢᠨᠡᠭᠡᠯᠢᠭᠵᠢᠬᠦ ᠳᠣᠲᠣᠭᠠᠳᠤ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ ᠬᠠᠷᠢᠴᠠᠩᠭᠤᠶ ᠶᠠᠳᠠᠭᠤ ᠬᠦᠴᠢᠷᠳᠡᠯ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠨᠢ ᠲᠣᠭᠲᠠᠭᠤᠨ ᠪᠤᠰᠤ ᠪᠠ ᠵᠠᠬ᠎ᠠ ᠬᠢᠵᠠᠭᠠᠷ ᠤᠨ ᠬᠥᠮᠦᠨ ᠠᠮᠠ ᠶᠢ ᠮᠥᠷᠳᠡᠨ ᠬᠢᠨᠠᠨ ᠬᠡᠮᠵᠢᠬᠦ ᠶᠢ ᠴᠢᠩᠭᠠᠳᠬᠠᠵᠤ᠂ ᠣᠷᠣᠯᠭ᠎ᠠ ᠪᠠᠭᠠᠲᠠᠶ ᠭᠡᠷ ᠪᠦᠯᠢ ᠶᠢ ᠲᠡᠳᠬᠦᠨ ᠳᠡᠮᠵᠢᠬᠦ ᠪᠠ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠠᠬᠢᠨ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠪᠠᠶᠢᠳᠠᠯ ᠭᠠᠷᠬᠤ ᠶᠢ ᠰᠡᠷᠭᠡᠶᠢᠯᠡᠨ᠎ᠡ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ︽ᠡᠷᠬᠢᠨ ᠬᠠᠷᠠᠬᠤ︾ ᠶᠢᠨ ᠬᠠᠷᠢᠭᠤ ᠳᠤᠰᠬᠠᠭᠰᠠᠨ ᠠᠰᠠᠭᠤᠳᠠᠯ ᠪᠣᠯᠤᠨ ᠬᠤᠳᠠ ᠶᠢᠨ ᠤᠳᠤᠷᠢᠳᠤᠯᠭ᠎ᠠ ᠶᠢᠨ ᠳᠠᠯᠳᠠᠭᠤᠷ ᠰᠤᠷᠪᠤᠯᠵᠢᠯᠠᠵᠤ ᠪᠠᠶᠢᠴᠠᠭᠠᠨ ᠰᠤᠳᠤᠯᠵᠤ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠳᠤᠬᠢᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠰᠤᠷᠲᠠᠯ ᠢᠶᠠᠷ ᠪᠣᠭᠤᠮᠲᠠ ᠰᠢᠪᠲᠤᠯᠬᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠵᠤ᠂ ᠰᠤᠷᠲᠠᠯ ᠤᠨ ᠬᠤᠪᠢᠷᠠᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠲᠡᠦᠬᠡ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠰᠠᠶᠢᠲᠤᠷ ᠬᠢᠨ᠎ᠠ᠃ ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠄ ︽ᠨᠢᠳᠦ ᠪᠠᠨ ᠬᠠᠮᠠᠭᠠᠯᠠᠬᠤ ᠲᠠᠢ ᠠᠳᠠᠯᠢ ᠪᠠᠷ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠬᠡᠷᠡᠭᠲᠡᠶ︾ ᠭᠡᠵᠡᠶ᠃ ᠪᠢᠳᠡ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ︽ᠡᠷᠬᠢᠨ ᠬᠠᠷᠠᠬᠤ︾ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠦᠷᠭᠡᠨ ᠪᠡᠶᠡᠯᠡᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠵᠠᠰᠠᠬᠤ ᠶᠢ ᠲᠠᠰᠤᠷᠠᠯᠳᠡ ᠦᠭᠡᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠳᠤᠴᠢ ᠴᠢᠨᠠᠷᠲᠠᠢ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂  ᠲᠠᠶᠢᠭ᠎ᠠ ᠮᠣᠳᠤ ᠪᠠᠯᠭᠠᠰᠤ ᠶᠢᠨ 19 ᠲᠣᠰᠬᠤᠨ᠂ ᠪᠠᠢ ᠮᠢᠶᠣᠣ ᠽᠢ ᠪᠠᠯᠭᠠᠰᠤ ᠶᠢᠨ 8 ᠲᠣᠰᠬᠤᠨ ᠪᠠ ᠪᠠᠢ ᠱᠢ ᠳᠧᠦ ᠭᠤᠤ ᠤᠢ ᠰᠢᠭᠤᠢ ᠶᠢᠨ ᠲᠠᠯᠠᠪᠠᠢ ᠳᠤ ᠴᠡᠪᠡᠷ ᠨᠡᠭᠦᠷᠡᠰᠦ ᠳᠡᠯᠭᠡᠷᠡᠭᠦᠯᠬᠦ ᠠᠵᠢᠯ ᠢ ᠬᠡᠷᠡᠭᠵᠢᠭᠦᠯᠪᠡ᠃ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠲᠠᠷᠢᠮᠠᠯ ᠤᠨ ᠡᠰᠢ ᠰᠦᠷᠡᠯ ᠢ ᠵᠠᠳᠠᠭᠠᠶ ᠰᠢᠲᠠᠭᠠᠬᠤ ᠶᠢ ᠴᠠᠭᠠᠵᠠᠯᠠᠬᠤ ᠤᠬᠠᠭᠤᠯᠭ᠎ᠠ ᠪᠠ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂ ᠬᠤᠷᠰᠢᠶ᠎ᠠ᠂ ᠠᠵᠤ ᠠᠬᠤᠶᠢᠯᠠᠯ ᠤᠨ ᠲᠠᠷᠢᠮᠠᠯ ᠤᠨ ᠡᠰᠢ ᠰᠦᠷᠡᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠤᠨ ᠳᠡᠮᠵᠢᠨ᠎ᠡ᠃ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ ᠢᠯᠭᠠᠷᠠᠭᠤᠯᠬᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠪᠠᠶᠢᠳᠠᠯ ᠢ ᠦᠨᠳᠦᠰᠦᠯᠡᠨ᠂ ᠬᠠᠭᠠᠵᠤ ᠵᠣᠭᠰᠣᠭᠠᠬᠤ ᠬᠦᠴᠦᠨ ᠥᠬᠡᠶ ᠪᠣᠯᠭᠠᠬᠤ᠂ ᠡᠮᠬᠢᠯᠡᠨ ᠨᠡᠶᠢᠯᠡᠭᠦᠯᠵᠦ ᠨᠡᠭᠦᠯᠭᠡᠬᠦ᠂ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠬᠡᠯᠪᠡᠷᠢ ᠶᠢ ᠠᠪᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠭᠠᠵᠠᠷ ᠤᠨ ᠪᠣᠬᠢᠷᠲᠤᠯ ᠤᠨ ᠡᠬᠢ ᠰᠤᠷᠪᠤᠯᠵᠢ ᠶᠢ ᠴᠡᠪᠡᠷᠯᠡᠨ ᠵᠠᠰᠠᠬᠤ ᠠᠵᠢᠯᠯᠠᠭ᠎ᠠ︾ ᠶᠢ ᠲᠦᠷᠭᠡᠳᠬᠡᠨ ᠠᠬᠢᠭᠤᠯᠵᠤ᠂ ᠤᠰᠤᠨ ᠤ ᠣᠷᠴᠢᠨ ᠲᠣᠭᠤᠷᠢᠨ ᠪᠠ ᠤᠰᠤᠨ ᠤ ᠠᠮᠢ ᠠᠬᠤᠶ ᠶᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠶᠢᠨ ᠱᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠬᠤᠰᠢᠭᠤᠨ ᠤ ᠰᠢᠷᠣᠶ ᠬᠡᠮᠵᠢᠬᠦ ᠨᠠᠶᠢᠷᠠᠯᠭ᠎ᠠ ᠶᠢᠨ ᠮᠡᠷᠭᠡᠵᠢᠯ ᠤᠨ ᠪᠦᠷᠬᠦᠴᠡ ᠶᠢᠨ ᠨᠣᠷᠮ᠎ᠠ ᠶᠢ 90% ᠳᠤ ᠬᠦᠷᠦᠭᠦᠯᠵᠦ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ ᠶᠢᠨ ᠢᠵᠢ ᠪᠥᠷᠢᠳᠦᠭᠦᠯᠬᠦ ᠨᠣᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ᠃      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠰᠠᠶᠢᠲᠤᠷ ᠬᠢᠨ᠎ᠠ᠃ ᠰᠢ ᠶᠢᠨ ᠫᠢᠩ ᠶᠡᠷᠦᠩᠬᠡᠶ ᠱᠦᠵᠢ ᠵᠢᠭᠠᠵᠤ ᠭᠠᠷᠭᠠᠬᠤ ᠳᠠᠭᠠᠨ᠄ ︽ᠠᠶᠤᠯ ᠲᠦᠭᠰᠢᠭᠦᠷᠢ ᠶᠢ ᠰᠡᠷᠭᠡᠶᠢᠯᠡᠬᠦ ᠤᠷᠢᠳᠠᠴᠢ ᠪᠠᠶᠢᠬᠤ ᠬᠡᠷᠡᠭᠲᠡᠶ ᠮᠥᠷᠲᠡᠭᠡᠨ ᠪᠠᠰᠠ ᠠᠶᠤᠯ ᠲᠦᠭᠰᠢᠭᠦᠷᠢ ᠪᠣᠯᠤᠨ ᠥᠷᠢᠰᠥᠯᠳᠦᠭᠡᠨ ᠢ ᠠᠷᠭᠠᠴᠠᠬᠤ ᠪᠠ ᠠᠷᠢᠯᠭᠠᠬᠤ ᠮᠡᠷᠭᠡᠨ ᠠᠷᠭ᠎ᠠ ᠪᠠᠶᠢᠬᠤ ᠬᠡᠷᠡᠭᠲᠡᠶ︾ ᠭᠡᠵᠡᠶ᠃ ᠪᠢᠳᠡ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ᠂ ᠭᠠᠵᠠᠷ ᠰᠢᠷᠣᠶ ᠶᠢ ᠰᠢᠯᠵᠢᠭᠦᠯᠦᠨ ᠥᠭᠬᠦ᠂ ᠠᠪᠴᠠᠭᠠᠨ ᠤ ᠡᠷᠬᠡ ᠶᠢ ᠰᠣᠯᠢᠬᠤ᠂ ᠥᠭᠴᠡᠭᠡ ᠶᠢ ᠲᠠᠬᠢᠨ ᠵᠣᠬᠢᠶᠠᠨ ᠪᠠᠶᠢᠭᠤᠯᠬᠤ᠂ ᠡᠳ᠋ ᠬᠦᠷᠦᠩᠭᠡ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠦᠨ᠎ᠡ ᠬᠠᠩᠰᠢ ᠶᠢ ᠬᠢᠨᠠᠨ ᠬᠠᠷᠭᠤᠭᠤᠯᠵᠤ ᠬᠠᠰᠤᠬᠤ ᠵᠡᠷᠭᠡ 6 ᠵᠦᠢᠯ ᠤᠨ ᠠᠷᠭ᠎ᠠ ᠵᠠᠮ ᠢᠶᠠᠷ ᠬᠦᠴᠦ ᠲᠠᠯᠪᠢᠵᠤ᠂ ᠥᠷᠢ ᠥᠭᠴᠡᠭᠡ ᠶᠢ ᠠᠷᠢᠯᠭᠠᠬᠤ ᠪᠡᠯᠡ ᠮᠥᠩᠭᠦ ᠶᠢ ᠴᠤᠭᠯᠠᠭᠤᠯᠬᠤ ᠠᠷᠭ᠎ᠠ ᠵᠠᠮ ᠢ ᠴᠢᠷᠮᠠᠶᠢᠨ ᠥᠷᠭᠡᠳᠬᠡᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠦᠯ ᠵᠦᠢᠯ ᠳᠤ ᠪᠠᠯᠠ ᠮᠥᠩᠭᠦ ᠶᠢᠨ ᠢᠷᠡᠯᠲᠡ ᠶᠢ ᠨᠠᠶᠢᠳᠠᠪᠤᠷᠢᠵᠢᠭᠤᠯᠤᠭᠰᠠᠨ ᠥᠬᠡᠶ ᠪᠠᠶᠢᠪᠠᠯ᠂ ᠴᠥᠮ ᠬᠡᠷᠡᠭᠵᠢᠭᠦᠯᠬᠦ ᠥᠬᠡᠶ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ︽ᠲᠦᠮᠡᠳ ᠵᠡᠭᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠷᠪᠢᠯᠠᠨ ᠭᠠᠮᠨᠠᠬᠤ ᠠᠵᠢᠯ ᠤᠨ ᠲᠥᠰᠦᠯ︾ ᠢ ᠲᠣᠭᠲᠠᠭᠠᠨ ᠨᠡᠶᠢᠲᠡᠯᠡᠵᠦ᠂ ᠡᠩ ᠤᠨ ᠴᠢᠨᠠᠷᠲᠠᠶ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠳᠡᠭᠡᠷ᠎ᠡ ᠵᠢᠯ ᠤᠨ ᠬᠢ ᠠᠴᠠ 30% ᠪᠠᠷ ᠪᠠᠭᠠᠰᠬᠠᠪᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠶᠤᠯ ᠥᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠠᠶᠤᠯ ᠥᠭᠡᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠷᠠᠭᠤᠯᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠤᠯᠠᠮ ᠨᠢᠭᠡ ᠠᠯᠬᠤᠮ ᠨᠢᠭᠲᠠ ᠪᠥᠭᠡᠳ ᠪᠠᠲᠤ ᠪᠠᠬᠢ ᠪᠠᠶᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃      ︵ᠬᠤᠶᠠᠷ︶ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ      ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠮᠠᠨ ᠤ ᠬᠤᠰᠢᠭᠤᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠡᠨᠡᠬᠦ ᠲᠡᠦᠬᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠶᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠰᠢᠷᠣᠶ ᠲᠠᠲᠠᠪᠤᠷᠢᠯᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠦᠨᠡᠨ ᠰᠡᠳᠬᠢᠯ ᠠᠴᠠ ᠪᠠᠨ ᠬᠠᠨᠳᠤᠬᠤ᠂ ᠬᠠᠯᠠᠭᠤᠮᠰᠤᠭ ᠨᠢᠮᠪᠠᠢ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠣᠯᠤᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠵᠦ᠂ ᠵᠣᠯᠭᠠᠭᠤᠯᠤᠨ ᠬᠠᠮᠵᠢᠯᠴᠠᠬᠤ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ ᠂ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠪᠣᠯᠭᠠᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠴᠣᠭᠴᠠᠯᠠᠨ᠎ᠠ᠃      ᠲᠡᠵᠢᠭᠡᠯ ᠡᠪᠡᠰᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠡᠪᠡᠰᠦ ᠰᠠᠶᠢᠨ ᠳᠠᠷᠢᠵᠤ᠂ ᠦᠬᠡᠷ ᠰᠠᠶᠢᠨ ᠲᠡᠵᠢᠭᠡᠵᠦ᠂ ᠰᠦ ᠰᠠᠶᠢᠨ ᠬᠤᠳᠠᠯᠳᠤᠬᠤ︾ ᠶᠡᠷᠦᠩᠬᠡᠶ ᠬᠠᠷᠠᠯᠲᠠ ᠶᠢᠨ ᠶᠣᠰᠣᠭᠠᠷ᠂ ᠳᠠᠷᠢᠵᠤ ᠲᠡᠵᠢᠭᠡᠬᠦ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠠᠮᠤ ᠪᠤᠳᠠᠭ᠎ᠠ ᠲᠡᠵᠢᠭᠡᠯ ᠪᠣᠷᠳᠣᠭᠠᠨ ᠤ ᠬᠤᠤᠰ ᠬᠡᠷᠡᠭᠴᠡᠭᠡᠲᠦ ᠡᠷᠳᠡᠨᠢ ᠰᠢᠰᠢ᠂ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠲᠠᠯᠠᠪᠠᠶ ᠶᠢ ᠨᠡᠮᠡᠭᠳᠡᠭᠦᠯᠵᠦ᠂ 8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ 8 ᠲᠦᠮᠡᠨ ᠮᠥ ᠬᠤᠵᠢᠷᠯᠢᠬ ᠭᠠᠵᠠᠷ ᠢ ᠰᠠᠶᠢᠵᠢᠷᠠᠭᠤᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ︽1351︾ ᠮᠠᠯᠵᠢᠯ ᠤᠨ ᠲᠠᠯᠠᠪᠠᠢ ᠶᠢᠨ ᠪᠥᠳᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠡᠬᠢᠯᠡᠭᠦᠯᠵᠦ᠂ 3 ᠮᠢᠩᠭᠠᠨ ᠮᠠᠯᠵᠢᠯ ᠤᠨ ᠲᠠᠯᠠᠪᠠᠢ᠂ 1 ᠲᠦᠮᠡᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠤ᠂ 6  ᠮᠠᠯᠵᠢᠯ ᠤᠨ ᠲᠠᠯᠠᠪᠠᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 1.5 ᠲᠦᠮᠡ ᠠᠴᠠ ᠳᠡᠭᠡᠭᠰᠢ ᠰᠠᠭᠠᠯᠢ ᠶᠢᠨ ᠦᠨᠢᠶᠡᠨ ᠤ ᠲᠤᠭ᠎ᠠ ᠶᠢ ᠰᠢᠨ᠎ᠡ ᠪᠠᠷ ᠨᠡᠮᠡᠭᠳᠡᠭᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠨᠣᠭᠤᠭᠠᠨ ᠡᠨᠧᠷᠭᠢ ᠶᠢᠨ ᠣᠶᠤᠨᠴᠢ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠬᠦ ᠲᠥᠷᠥᠯ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠠᠩ ᠣᠯᠠᠨ ᠲᠠᠷᠢᠶᠠᠴᠢᠳ ᠢ ᠰᠦᠨ ᠤ ᠠᠵᠤ ᠦᠢᠯᠡᠰ ᠤᠨ ᠬᠡᠯᠬᠢᠶᠠᠨ ᠳᠤ ᠣᠷᠣᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠠᠰᠢᠭ ᠢ ᠬᠤᠪᠢᠶᠠᠨ ᠡᠳ᠋ᠯᠡᠭᠦᠯᠦᠨ᠎ᠡ᠃      ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃  ᠲᠠᠶᠢᠭ᠎ᠠ ᠮᠣᠳᠤ ᠪᠠᠯᠭᠠᠰᠤ ᠶᠢᠨ ᠡᠵᠡᠮᠳᠡᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠪᠣᠯᠤᠨ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠰᠦᠨ ᠤ ᠠᠵᠤ ᠦᠢᠯᠡᠰ ᠤᠨ ᠲᠥᠯᠥᠪᠵᠢᠭᠦᠯᠭᠡ ᠪᠠᠷ ᠰᠠᠭᠤᠷᠢ ᠪᠣᠯᠭᠠᠭᠰᠠᠨ᠂ ︽ᠤᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠦᠷᠢᠯᠳᠦᠭᠦᠯᠦᠨ᠎ᠡ᠃ ᠭᠤᠣᠯᠳᠠᠯᠭ᠎ᠠ ᠲᠠᠢ ᠵᠦᠢᠯᠡᠰ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠨᠡᠶᠢᠭᠡᠮ ᠤᠨ ᠦᠢᠯᠡᠰ ᠵᠡᠷᠭᠡ ᠭᠤᠣᠯᠳᠠᠯᠭ᠎ᠠ ᠲᠠᠢ ᠠᠵᠢᠯ ᠢ ᠵᠢᠯ ᠬᠤᠪᠢᠶᠠᠨ ᠰᠠᠶᠢᠲᠤᠷ ᠬᠢᠨ᠎ᠠ᠃ ᠡᠳᠦᠷ ᠲᠤ 1500 ᠲᠣᠨ ᠰᠢᠩᠭᠡᠨ ᠲᠦᠯᠦᠪᠳᠦ ᠰᠦ ᠶᠢ ᠰᠢᠢᠳᠪᠦᠷᠢᠯᠡᠬᠦ᠂ ᠵᠢᠯ ᠳᠤ 3 ᠲᠦᠮᠡᠨ ᠲᠣᠨ ᠰᠦᠨ ᠲᠠᠯᠬ᠎ᠠ ᠦᠢᠯᠡᠳᠪᠦᠷᠢᠯᠡᠬᠦ ᠳᠡᠯᠡᠬᠡᠶ ᠶᠢᠨ ᠲᠡᠷᠢᠭᠦᠨ ᠤ ᠪᠣᠬᠢᠷᠲᠤᠯ ᠥᠬᠡᠶ ᠣᠶᠤᠨᠴᠢ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠤᠯᠤᠰ ᠤᠨ ᠲᠠᠰ ᠤᠨ ᠰᠦᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠳᠡᠯᠡᠬᠡᠶ ᠶᠢᠨ ᠲᠡᠷᠢᠭᠦᠨ ᠲᠠᠰ ᠤᠨ ᠢᠳᠡᠭᠡᠨ ᠤ ᠠᠵᠤ ᠦᠢᠯᠡᠰ ᠤᠨ ᠰᠤᠳᠤᠯᠤᠨ ᠨᠡᠭᠡᠭᠡᠬᠦ ᠲᠥᠪ᠂ ᠳᠡᠯᠡᠬᠡᠶ ᠶᠢᠨ ᠲᠡᠷᠢᠭᠦᠨ ᠲᠠᠰ ᠤᠨ ᠰᠦᠨ ᠦᠢᠯᠡᠰ ᠤᠨ ᠲᠣᠮᠣ ᠳ᠋ᠠᠶᠢᠲ᠋ᠠ ᠶᠢᠨ ᠲᠥᠪ ᠵᠡᠷᠭᠡ ᠲᠥᠷᠥᠯ ᠵᠦᠢᠯ ᠢ ᠡᠬᠢᠯᠡᠭᠦᠯᠦᠨ᠎ᠡ᠃ ᠭᠤᠤᠯ ᠪᠣᠯᠬᠤ ᠣᠷᠣᠨ ᠤ ᠳᠣᠲᠣᠷᠠᠬᠢ ᠤᠰᠤ᠂ ᠴᠠᠬᠢᠯᠭᠠᠨ᠂ ᠵᠠᠮ᠂ ᠬᠡᠶ᠂ ᠳᠤᠯᠠᠭᠠᠯᠠᠭ᠎ᠠ ᠵᠡᠷᠭᠡ ᠰᠠᠭᠤᠷᠢ ᠪᠡᠯᠡᠳᠬᠡᠮᠵᠢ ᠶᠢᠨ ᠢᠵᠢ ᠪᠥᠷᠢᠳᠦᠭᠦᠯᠬᠦ ᠢᠨᠵᠧᠨᠧᠷᠢᠩ ᠢ ᠬᠡᠷᠡᠭᠵᠢᠭᠦᠯᠵᠦ᠂ ᠢᠵᠢ ᠪᠥᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ ᠵᠡᠷᠭᠡ ᠨᠡᠶᠢᠭᠡᠮ ᠤᠨ ᠠᠵᠢᠯ ᠦᠢᠯᠡᠰ ᠤᠨ ᠢᠵᠢ ᠪᠥᠷᠢᠳᠦᠭᠦᠯᠬᠦ ᠪᠠ ᠠᠵᠢᠯᠲᠠᠨ ᠠᠵᠢᠯᠴᠢᠨ ᠤ ᠠᠮᠢᠳᠤᠷᠠᠯ ᠤᠨ ᠲᠣᠭᠤᠷᠢᠭ᠂ ᠳᠡᠭᠡᠳᠦ ᠲᠠᠰ ᠤᠨ ᠴᠢᠳᠠᠪᠤᠷᠢᠲᠠᠨ ᠤ ᠣᠷᠣᠨ ᠰᠠᠭᠤᠴᠠ ᠶᠢᠨ ᠲᠣᠭᠤᠷᠢᠭ᠂ ᠬᠤᠳᠠᠯᠳᠤᠭᠠᠨ ᠤ ᠲᠣᠭᠤᠷᠢᠭ ᠵᠡᠷᠭᠡ ᠠᠮᠢᠳᠤᠷᠠᠯ ᠤᠨ ᠢᠵᠢ ᠪᠥᠷᠢᠳᠦᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠣᠶᠤᠨᠴᠢ ᠦᠢᠯᠡᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠦᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ᠂ ᠬᠤᠳᠠᠯᠳᠤᠭᠠᠨ ᠤ ᠢᠵᠢ ᠪᠥᠷᠢᠳᠦᠭᠦᠯᠦᠯᠲᠡ ᠶᠢ ᠨᠢᠭᠡ ᠴᠤᠭᠴᠠᠵᠢᠭᠤᠯᠤᠭᠰᠠᠨ ᠴᠢᠨᠠᠷ ᠰᠠᠶᠢᠲᠠᠶ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃      ︵ᠭᠤᠷᠪᠠ︶ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ      ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠴᠡᠯᠡᠭᠡᠷ ᠲᠠᠯ᠎ᠠ︾ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠬᠠᠷ᠎ᠠ ᠤᠰᠤ ᠨᠠᠭᠤᠷ ᠤᠨ ᠣᠷᠭᠠᠨᠢᠭ ᠵᠢᠭᠠᠰᠤ᠂ ᠺᠧᠨᠪᠠᠨ ᠠᠮᠲᠠᠲᠤ ᠬᠡᠮᠬᠡ᠂ ᠴᠠᠲ᠋ᠠᠢᠵᠢ ᠶᠢᠨ ᠣᠷᠭᠠᠨᠢᠭ ᠲᠤᠲᠤᠷᠭ᠎ᠠ᠂ ᠪᠢᠴᠢᠭᠡᠴᠢ ᠶᠢᠨ ᠰᠣᠩᠭᠢᠨ᠎ᠠ ᠵᠡᠷᠭᠡ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ᠂ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭ᠎ᠠ ᠨᠡᠮᠡᠭᠳᠡᠭᠦᠯᠬᠦ ᠢᠨᠵᠧᠨᠧᠷᠢᠩ ᠢ 1.7 ᠲᠦᠮᠡᠨ ᠮᠦ ᠬᠡᠷᠡᠭᠵᠢᠭᠦᠯᠪᠡ᠃ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠪᠠ ᠤᠯᠤᠰ ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠵᠡᠷᠭᠡ ᠤᠯᠤᠰ ᠤᠨ ᠳᠣᠲᠣᠭᠠᠳᠤ ᠶᠢᠨ ᠣᠷᠦ᠋ᠢᠯᠠᠭᠰᠠᠨ ᠤᠰᠤᠨ ᠲᠤᠲᠤᠷᠭ᠎ᠠ ᠶᠢᠨ ᠰᠤᠳᠤᠯᠭᠠᠨ ᠤ ᠪᠦᠯᠬᠦᠮ ᠯᠦᠭᠡ ᠶᠢᠨ ᠬᠠᠷᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠵᠢᠷ ᠲᠤ ᠲᠡᠰᠪᠦᠷᠢᠲᠡᠶ ᠤᠰᠤᠨ ᠲᠤᠲᠤᠷᠭ᠎ᠠ ᠲᠠᠷᠢᠬᠤ ᠶᠢ ᠦᠷᠭᠦᠯᠵᠢᠯᠡᠨ ᠳᠡᠯᠭᠡᠷᠡᠭᠦᠯᠵᠦ᠂ ᠤᠰᠤᠨ ᠲᠤᠲᠤᠷᠭ᠎ᠠ ᠶᠢᠨ ᠲᠠᠷᠢᠮᠠᠯ ᠤᠨ ᠬᠢᠷᠢ ᠬᠡᠮᠵᠢᠶ᠎ᠡ ᠪᠠ ᠠᠵᠤ ᠠᠬᠤᠶ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠮᠢᠳᠤ ᠭᠠᠭ᠋ᠠᠶ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠠᠮᠢᠳᠤ ᠭᠠᠭ᠋ᠠᠶ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠲᠡᠮᠵᠢᠨ ᠵᠣᠷᠢᠭᠵᠢᠭᠤᠯᠤᠨ᠎ᠠ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠲᠥᠷᠥᠯ ᠵᠦᠢᠯ ᠪᠠ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠵᠦ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠲᠠᠷᠢᠶᠠᠴᠢᠨ᠂ ᠲᠤᠰᠬᠠᠶ ᠠᠵᠢᠯ ᠤᠨ ᠬᠤᠷᠰᠢᠶ᠎ᠠ᠂ ᠬᠥᠲᠥᠴᠢ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠬᠥᠬᠡᠬᠤᠲᠠ ᠶᠢᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠲᠠᠢ ᠬᠠᠮᠵᠢᠯᠴᠠᠨ ᠡᠯ᠎ᠡ ᠲᠥᠷᠥᠯ ᠤᠨ ᠦᠵᠡᠰᠬᠦᠯᠡᠩ ᠢ ᠳᠠᠭᠠᠭᠠᠨ ᠡᠷᠭᠢᠯᠡᠵᠦ᠂ ᠥᠪᠥᠷ ᠮᠣᠩᠭᠤᠯ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠬᠦ ᠪᠠ ᠪᠣᠷᠣᠯᠠᠭᠤᠯᠬᠤ ᠲᠠᠪᠴᠠᠩ ᠢ ᠪᠣᠶ ᠪᠣᠯᠭᠠᠨ᠎ᠠ      ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠭᠦᠨᠵᠡᠭᠡᠶ ᠠᠬᠢᠭᠤᠯᠤᠨ᠎ᠠ᠃ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠵᠤ᠂ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠦᠬᠦᠰᠢᠷᠡᠮᠡᠯ︾ ᠠᠵᠤ ᠠᠬᠤᠶᠢᠯᠠᠯ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ ᠢᠯᠭᠠᠷᠠᠭᠤᠯᠬᠤ ᠡᠷᠴᠢᠮ ᠢ ᠴᠢᠩᠭᠠᠷᠠᠭᠤᠯᠤᠨ᠂ ᠨᠢᠭᠡ ᠪᠦᠯᠦᠭ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠬᠠᠭᠠᠵᠤ ᠵᠣᠭᠰᠣᠭᠠᠵᠤ᠂ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢ ᠨᠡᠭᠦᠯᠭᠡᠬᠦ ᠠᠵᠢᠯ ᠢ ᠡᠬᠢᠯᠡᠭᠦᠯᠵᠦ᠂ 3 ᠲᠡᠭᠰᠢ ᠳᠥᠷᠪᠡᠯᠵᠢᠨ ᠺᠢᠯᠣᠮᠧᠲᠷ ᠤᠨ ᠴᠢᠨᠠᠷ ᠰᠠᠶᠢᠲᠠᠶ ᠬᠥᠭᠵᠢᠯᠲᠡ ᠶᠢᠨ ᠤᠷᠢᠳᠠᠪᠠᠷ ᠵᠢᠱᠢᠶ᠎ᠡ ᠦᠵᠡᠭᠦᠯᠬᠦ ᠣᠷᠣᠨ᠂ ᠳᠡᠭᠡᠳᠦ ᠲᠠᠰ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠣᠷᠣᠨ ᠢ ᠭᠤᠤᠯᠳᠠᠯᠭ᠎ᠠ ᠲᠠᠢ ᠪᠠᠶᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠨ ᠳ᠋ᠢᠩ ᠳ᠋ᠢᠶᠠᠨ ᡂᠢ᠂ ᠳᠤᠮᠳᠠ ᠯᠢᠲ᠋ᠢ ᠶᠢᠨ ᠬᠤᠶᠠᠳᠤᠭᠠᠷ ᠬᠤᠭᠤᠴᠠᠭᠠᠨ ᠤ ᠲᠠᠰᠤᠯᠤᠪᠴᠢ ᠪᠦᠷᠬᠦᠪᠴᠢ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠤᠷᠤᠭᠰᠢᠲᠠᠶ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠯᠥᠩ ᠵᠢᠶ ᠶᠢᠨ ᠴᠡᠪᠡᠷ ᠡᠨᠧᠷᠭᠢ ᠶᠢᠨ ᠰᠤᠷᠪᠤᠯᠵᠢ ᠶᠢᠨ ᠭᠡᠷᠡᠯ ᠢᠶᠠᠷ ᠴᠠᠬᠢᠯᠭᠠᠨ ᠭᠠᠷᠭᠠᠬᠤ᠂ ᠵᠠᠭᠤᠨ ᠲᠷᠢᠲ᠋ᠣᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠣᠯᠠᠨ ᠲᠠᠯᠠᠰᠲᠤ ᠴᠠᠬᠢᠭᠤᠷ ᠤᠨ ᠬᠡᠷᠴᠢᠮᠡᠯ ᠂ ᠵᠥᠩ ᠶᠤᠸᠠᠢ ᠵᠢᠤᠢ ᠲᠠᠢ ᠣᠯᠠᠨ ᠴᠢᠳᠠᠮᠵᠢᠲᠤ ᠭᠠᠯ ᠤᠨᠲᠠᠷᠠᠭᠠᠬᠤ ᠭᠠᠯ ᠤᠨᠲᠠᠷᠠᠭᠠᠬᠤ ᠡᠮ᠂ ᠵᠢᠦ ᠵᠧᠦ ᠳᠤ ᠨᠡᠪᠲᠡᠷᠡᠬᠦ ᠡᠮ ᠡᠮᠨᠡᠯᠭᠡ ᠶᠢᠨ ᠡᠳ᠋ ᠪᠠᠷᠠᠭᠠᠨ ᠤ ᠭᠦᠢᠯᠭᠡᠭᠡ᠂ ᠵᠥᠩ ᠲᠦᠩ ᠲᠦᠷᠭᠡᠨ ᠬᠦᠷᠭᠡᠯᠲᠡ᠂ ᠵᠢᠶᠠ ᠱᠧᠩ ᠬᠤᠶᠠᠳᠤᠭᠠᠷ ᠬᠤᠭᠤᠴᠠᠭ᠎ᠠ ᠵᠡᠷᠭᠡ ᠵᠦᠢᠯᠡᠰ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠳᠥᠭᠡᠨ ᠪᠠᠶᠢᠭᠤᠯᠬᠤ ᠶᠢ ᠲᠥᠯᠬᠢᠨ ᠠᠬᠢᠭᠤᠯᠤᠨ᠎ᠠ᠃ ᠬᠠᠶᠢᠷᠠᠭᠤᠴᠠᠶ ᠡᠮ ᠡᠮᠨᠡᠯᠭᠡ ᠶᠢᠨ ᠡᠳ᠋ ᠪᠠᠷᠠᠭᠠᠨ ᠤ ᠭᠦᠢᠯᠭᠡᠭᠡ ᠶᠢ ᠴᠢᠷᠮᠠᠶᠢᠨ ᠪᠡᠶᠡᠯᠡᠭᠦᠯᠵᠦ᠂ ᠪᠥᠸᠧ ᠤᠣ ᠰᠢᠨ᠎ᠡ ᠡᠨᠧᠷᠭᠢ ᠶᠢᠨ ᠳ᠋ᠢᠶᠠᠨ ᡂᠢ ᠵᠡᠷᠭᠡ ᠲᠥᠷᠥᠯ ᠵᠦᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃ ᠳᠡᠪᠡᠯ ᠲᠠᠢ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠥᠲᠥᠭᠡᠨ ᠪᠠᠶᠢᠭᠤᠯᠤᠨ᠎ᠠ᠃ ᠰᠢᠷ᠎ᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠳᠥᠷᠪᠡᠨ ᠵᠤᠷᠪᠤᠰ 270 ᠲᠠᠸᠠᠷ ᠤᠨ ᠪᠤᠲ᠋ᠤᠨ ᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ ᠳᠠᠭᠤᠰᠬᠠᠵᠤ᠂ ᠬᠤᠶᠠᠷ ᠵᠤᠷᠪᠤᠰ 4000 ᠬᠡᠯᠪᠡᠷᠢ ᠶᠢᠨ ᠪᠠᠷᠤᠭᠰᠢᠨ ᠪᠤᠲ᠋ᠤᠨ ᠤ ᠦᠢᠯᠡᠳᠪᠦᠷᠢᠯᠡᠯ ᠤᠨ ᠱᠤᠭᠤᠮ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠬᠠᠷ᠎ᠠ ᠤᠰᠤ ᠠᠴᠠ  ᠶᠢᠨ ᠱᠠᠨ ᠬᠦᠷᠬᠦ ᠨᠡᠭᠡᠭᠡᠨ ᠬᠥᠭᠵᠢᠭᠦᠯᠦᠯᠲᠡ ᠶᠢᠨ ᠣᠷᠣᠨ ᠤ ᠤᠰᠤ ᠬᠠᠩᠭᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠶᠢᠨ ᠱᠠᠨ ᠤᠰᠤ ᠬᠠᠩᠭᠠᠬᠤ ᠦᠢᠯᠡᠳᠪᠦᠷᠢ ᠶᠢ ᠰᠢᠨ᠎ᠡ ᠪᠠᠷ ᠪᠠᠶᠢᠭᠤᠯᠤᠨ᠎ᠠ᠃      ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠪᠥᠬᠦ ᠣᠷᠤᠨ ᠤ ᠵᠢᠭᠤᠯᠴᠢᠯᠠᠯ᠂ ︽ᠵᠢᠭᠤᠯᠴᠢᠯᠠᠯ +︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠎ᠠ᠃ ᠴᠡᠯᠡᠭᠡᠷ ᠲᠠᠯ᠎ᠠ ᠰᠣᠶᠣᠯ ᠵᠢᠭᠤᠯᠴᠢᠯᠠᠯ ᠤᠨ ᠣᠷᠣᠨ ᠤ ᠨᠤᠭᠤ ᠭᠠᠵᠠᠷ ᠤᠨ ᠵᠢᠭᠤᠯᠴᠢᠯᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠤᠯᠴᠢᠯᠠᠯ ᠤᠨ ᠰᠢᠨ᠎ᠡ ᠵᠠᠭᠪᠤᠷ ᠢ ᠰᠦᠪᠡᠭᠴᠢᠯᠡᠵᠦ᠂ ᠭᠤᠷᠪᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠮᠠᠷᠠᠰᠤᠨ ᠤᠷᠤᠯᠳᠤᠭᠠᠨ ᠤ ᠠᠵᠢᠯᠯᠠᠭ᠎ᠠ ᠶᠢ ᠪᠡᠯᠡᠳᠬᠡᠨ ᠡᠷᠭᠢᠯᠡᠵᠦ᠂ ᠤᠷᠤᠯᠳᠤᠭᠠᠨ ᠤ ᠨᠥᠯᠥᠭᠡᠯᠡᠬᠦ ᠬᠦᠴᠦᠨ ᠪᠠ ᠮᠠᠨ ᠤ ᠬᠤᠰᠢᠭᠤᠨ ᠤ ᠠᠯᠳᠠᠷᠰᠢᠯ ᠢ ᠳᠡᠭᠡᠭᠰᠢᠯᠡᠭᠦᠯᠦᠨ᠎ᠡ᠃ ᠤᠯᠠᠭᠠᠨᠬᠦᠦ ᠶᠢᠨ ᠬᠠᠭᠤᠴᠢᠨ ᠰᠠᠭᠤᠴᠠ᠂ ᠵᠢᠷᠭᠠᠯ ᠤᠨ ᠬᠠᠭᠤᠴᠢᠨ ᠰᠠᠭᠤᠴᠠ ᠵᠡᠷᠭᠡ ᠬᠤᠪᠢᠰᠬᠠᠯ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠦᠮᠡᠳ ᠤᠨ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠬᠤᠪᠢᠰᠬᠠᠯ ᠤᠨ ᠡᠬᠢ ᠪᠠᠶᠠᠯᠢᠭ ᠢ ᠪᠠᠶᠠᠯᠢᠭᠵᠢᠭᠤᠯᠬᠤ ᠳᠤ ᠲᠦᠰᠢᠭᠯᠡᠨ᠂ ᠴᠡᠭ ᠢ ᠬᠤᠯᠪᠣᠯᠳᠤᠭᠤᠯᠤᠨ ᠱᠤᠭᠤᠮ ᠪᠣᠯᠭᠠᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠤᠢ ᠪᠣᠯᠭᠠᠨ᠎ᠠ᠃ ᠲᠠᠶᠢᠵᠢ ᠲᠠᠯ᠎ᠠ ᠶᠢᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠂ ᠲᠠᠪᠤᠨᠰᠠᠶᠢᠨ ᠬᠤᠲᠠ ᠶᠢᠨ ᠱᠠᠲᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠢᠭᠤᠯᠴᠢᠯᠠᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠡᠵᠡᠩᠨᠡᠯᠲᠡ ᠶᠢᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠪᠥᠬᠦ ᠵᠢᠯ ᠳᠤ 300 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 5 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢᠶᠠᠷ ᠲᠥᠪ ᠪᠣᠯᠭᠠᠭᠰᠠᠨ᠂ ᠡᠷᠬᠢᠨ ᠲᠣᠭᠤᠷᠢᠨ ᠤ ᠰᠢᠶᠠᠩ ᠪᠠᠯᠭᠠᠰᠤ᠂ ᠲᠣᠰᠬᠤᠨ ᠢ ᠨᠥᠯᠥᠭᠡᠯᠡᠭᠰᠡᠨ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠯᠳᠦᠭᠦᠯᠦᠨ᠎ᠡ ᠤᠯᠤᠰ ᠤᠨ ᠬᠤᠲᠠ ᠬᠥᠳᠡᠭᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠳᠡᠮᠵᠢᠯᠭᠡ ᠬᠠᠩᠭᠠᠨ᠎ᠠ᠃      ︵ᠳᠥᠷᠪᠡ︶ ᠬᠤᠲᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ      ᠬᠤᠲᠠ ᠪᠠᠯᠭᠠᠰᠤᠨ ᠤ ᠪᠥᠲᠥᠭᠡᠨ ᠪᠠᠢᠭᠤᠯᠤᠯᠲᠠ ᠶᠢᠨ ᠬᠠᠮᠢᠶᠠᠷᠤᠯᠲᠠ ᠶᠢᠨ ᠴᠠᠭᠠᠰᠤᠴᠢ ᠪᠠᠯᠭᠠᠰᠤᠨ ᠤ ᠨᠣᠭᠤᠭᠠᠨ ᠬᠥᠷᠥᠰᠥ᠂ ᠭᠠᠯ ᠤᠨᠲᠠᠷᠠᠭᠠᠬᠤ᠂ ᠢᠯᠴᠢ ᠬᠠᠩᠭᠠᠬᠤ᠂ ᠰᠢᠲᠠᠮᠠᠬᠠᠶ ᠬᠡᠶ ᠶᠢᠨ ᠲᠤᠰᠬᠠᠶ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠴᠠᠭᠠᠰᠤᠴᠢ ᠪᠠᠯᠭᠠᠰᠤᠨ ᠤ ᠳᠣᠲᠣᠷᠠᠬᠢ ᠽᠢ ᠶᠤᠸᠠᠨ ᠬᠤᠤ ᠲᠢᠩ᠂ ᠴᠢᠩᠬᠤᠸᠠ ᠬᠦᠷᠢᠶᠡᠯᠡᠩ ᠤᠨ ᠭᠤᠷᠪᠠᠳᠤᠭᠠᠷ ᠬᠤᠭᠤᠴᠠᠭᠠᠨ ᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ ᠪᠠ 7 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠵᠦ᠂ ᠴᠠᠭᠠᠰᠤᠴᠢ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠲᠠᠯᠠᠪᠤᠷ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ᠂ ᠬᠠᠭᠤᠷᠠᠶ ᠵᠣᠷᠯᠣᠩ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ ᠃ ︽ᠬᠤᠸᠠᠷ ᠬᠠᠳᠬᠤᠬᠤ︾ ᠬᠦᠴᠦ ᠣᠷᠣᠭᠤᠯᠵᠤ ᠪᠠᠶᠢᠭᠠᠳ ᠴᠠᠭᠠᠰᠤᠴᠢ ᠪᠠᠯᠭᠠᠰᠤ᠂ ᠪᠢᠴᠢᠭᠡᠴᠢ ᠪᠠᠯᠭᠠᠰᠤ᠂ ᠲᠠᠶᠢᠭ᠎ᠠ ᠮᠤᠳᠤ ᠶᠢᠨ ᠮᠠᠯᠵᠢᠬᠤ ᠪᠠᠯᠭᠠᠰᠤ᠂ ᠪᠠᠶ ᠮᠢᠶᠣᠣ ᠽᠢ ᠪᠠᠯᠭᠠᠰᠤ ᠵᠡᠷᠭᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡᠨᠲᠡ ᠪᠠᠶᠢᠭ᠎ᠠ ᠬᠤᠲᠠ ᠪᠠᠯᠭᠠᠰᠤ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠲᠠᠰᠤᠷᠠᠯᠲᠠ ᠥᠬᠡᠶ ᠨᠥᠬᠦᠪᠥᠷᠢᠯᠡᠬᠦ᠂ ᠵᠠᠰᠠᠬᠤ ᠪᠠ ᠲᠡᠭᠦᠯᠳᠡᠷᠵᠢᠭᠦᠯᠵᠦ᠂ ᠨᠠᠷᠢᠯᠢᠭ ᠣᠨᠣᠴᠠᠲᠠᠶ ᠪᠥᠭᠡᠳ ᠪᠥᠬᠦ ᠲᠠᠯ᠎ᠠ ᠶᠢᠨ ᠪᠠᠷᠢᠮᠵᠢᠶ᠎ᠠ ᠶᠢᠨ ᠵᠢᠷᠤᠮᠵᠢᠯ ᠤᠨ ᠰᠢᠰᠲ᠋ᠧᠮᠵᠢ ᠶᠢ ᠪᠦᠷᠢᠯᠳᠦᠭᠦᠯᠵᠦ᠂ ᠬᠤᠲᠠ ᠪᠠᠯᠭᠠᠰᠤ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠡᠯᠡᠭᠡᠷ ᠲᠠᠯ᠎ᠠ ᠶᠡᠭᠡ ᠵᠡᠭᠡᠯᠢ ᠶᠢᠨ ᠬᠤᠶᠠᠷ ᠬᠠᠵᠠᠭᠤ ᠶᠢᠨ ᠵᠢᠵᠢᠭ ᠵᠡᠭᠡᠯᠢ ᠭᠤᠳᠤᠮᠵᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠤᠳᠠ ᠪᠠᠯᠭᠠᠰᠤᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠬᠤᠳᠠ ᠬᠥᠳᠡᠭᠡ ᠶᠢᠨ ᠠᠭᠤᠯᠵᠠᠷ ᠬᠡᠰᠡᠭ᠂ ᠠᠷᠤ ᠵᠡᠭᠡᠯᠢ ᠪᠠᠭ᠎ᠠ ᠭᠤᠳᠤᠮᠵᠢ ᠲᠡᠶᠢᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠰᠢ ᠭᠧᠤ ᠭᠤᠣᠯ ᠤᠨ ᠵᠠᠮ᠂ ᠵᠦ ᠡᠯ ᠭᠧᠤ ᠭᠤᠣᠯ ᠤᠨ ᠵᠠᠮ᠂ ᠠᠷᠠᠳ ᠤᠨ ᠳᠤᠮᠳᠠ ᠬᠡᠰᠡᠭ ᠤᠨ ᠡᠷᠬᠢᠨ ᠲᠣᠭᠤᠷᠢᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠦᠨ᠎ᠡ᠃ ᠳᠣᠯᠣᠳᠤᠭᠠᠷ ᠡᠭᠡᠯᠵᠢ ᠶᠢᠨ ᠵᠠᠭᠠᠭ ᠱᠤᠭᠤᠮ ᠢ ᠬᠠᠮᠲᠤᠷᠠᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠣᠷᠣᠨ ᠬᠤᠪᠢᠶᠠᠷᠢᠯᠠᠯ ᠤᠨ ᠭᠠᠵᠠᠷ ᠤᠨ ᠨᠡᠷ᠎ᠡ ᠪᠠ ᠵᠠᠭᠠᠭ ᠱᠤᠭᠤᠮ ᠤᠨ ᠬᠠᠮᠢᠶᠠᠷᠤᠯᠲᠠ ᠶᠢᠨ ᠬᠠᠤᠯᠢ ᠪᠠᠷ ᠵᠠᠰᠠᠬᠤ᠂ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠪᠠᠯᠭᠠᠰᠤ ᠲᠣᠰᠬᠤᠨ ᠢᠶᠠᠷ ᠵᠢᠯᠣᠭᠤᠳᠣᠯᠭ᠎ᠠ ᠪᠣᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠳᠥᠯᠭᠢᠨ ᠠᠬᠢᠭᠤᠯᠤᠨ᠎ᠠ᠃ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠵᠣᠷᠯᠣᠩ ᠤᠨ ᠬᠤᠪᠢᠰᠬᠠᠯ︾᠂ ᠠᠶᠢᠯ ᠲᠣᠰᠬᠤᠨ ᠤ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠠᠵᠢᠯᠯᠠᠭ᠎ᠠ ᠶᠢ ᠠᠬᠢᠭᠤᠯᠤᠨ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠬᠤᠤᠷ ᠥᠬᠡᠶ ᠪᠣᠯᠭᠠᠨ ᠰᠢᠢᠳᠪᠦᠷᠢᠯᠡᠬᠦ ᠪᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ᠂ ᠬᠠᠮᠲᠤ ᠨᠡᠶᠢᠳᠡ᠂ ᠲᠠᠷᠢᠶᠠᠴᠢᠨ ᠡᠷᠦᠭᠡ ᠪᠠ ᠨᠡᠶᠢᠭᠡᠮ ᠤᠨ ᠬᠦᠴᠦᠨ ᠢ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠳᠤ ᠤᠯᠠᠨ ᠡᠰᠢᠵᠢᠬᠦᠯᠦᠨ ᠣᠷᠣᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠤᠢᠢᠯᠠᠭᠠᠭᠳᠠᠬᠤᠨ ᠢ ᠪᠤᠢ ᠪᠣᠯᠭᠠᠵᠤ᠂ ᠲᠣᠰᠬᠤᠨ ᠤ ᠠᠷᠠᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠥᠪᠡᠷ ᠤᠨ ᠭᠡᠷ ᠣᠷᠣᠨ ᠢᠶᠠᠨ ᠥᠪᠡᠷ ᠢᠶᠠᠨ ᠬᠠᠮᠢᠶᠠᠷᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠢᠶᠠᠨ ᠤ ᠵᠠᠮ ᠤᠨ 038 ᠴᠠᠭᠠᠰᠤᠴᠢ ᠠᠴᠠ ᠪᠸᠢ ᠱᠢ ᠵᠸᠦ ᠬᠥᠷᠬᠦ ᠬᠡᠰᠡᠭ ᠤᠨ ᠵᠠᠰᠠᠮᠠᠯ ᠵᠠᠮ ᠢ ᠲᠠᠰ ᠳᠡᠪᠰᠢᠭᠦᠯᠦᠨ ᠥᠭᠡᠷᠡᠴᠢᠯᠡᠬᠦ᠂ ᠬᠥᠬᠡᠬᠤᠲᠠ ᠠᠴᠠ ᠮᠤᠤᠳᠠᠢ ᠬᠥᠷᠬᠦ ᠵᠠᠰᠠᠮᠠᠯ ᠵᠠᠮ ︵ᠱᠠ ᠯᠢᠶᠠᠩ ᠠᠴᠠ ᠳ᠋ᠠ ᠪᠠ ᠵᠢᠤᠢ ᠬᠥᠷᠬᠦ ᠬᠡᠰᠡᠭ︶᠂ ᠦᠴᠤᠸᠠᠨ ᠰᠢᠶᠠᠨ ᠤ ᠯᠢᠦ ᠭᠸᠤ ᠮᠤᠨ ᠠᠴᠠ ᠪᠢᠴᠢᠭᠡᠴᠢ ᠬᠥᠷᠬᠦ ᠵᠠᠰᠠᠮᠠᠯ ᠵᠠᠮ ᠵᠡᠷᠭᠡ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠢᠳᠡᠪᠬᠢᠲᠡᠶ ᠠᠬᠢᠭᠤᠯᠤᠨ᠎ᠠ᠃      ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠴᠡᠯᠡᠭᠡᠷ ᠲᠠᠯ᠎ᠠ ᠨᠤᠲᠤᠭ ᠤᠨ ᠠᠮᠢ ᠠᠬᠤᠢ ᠶᠢᠨ ᠬᠥᠨᠳᠡᠢ︾ ᠶᠢ ᠴᠣᠭᠴᠠᠯᠠᠵᠤ᠂ ︽ᠴᠡᠯᠡᠭᠡᠷ ᠲᠠᠯ᠎ᠠ ᠨᠤᠲᠤᠭ ᠤᠨ ᠠᠮᠢ ᠠᠬᠤᠢ ᠶᠢᠨ ᠬᠥᠨᠳᠡᠢ︾ ᠶᠢ ᠴᠣᠭᠴᠠᠯᠠᠵᠤ᠂ ᠴᠡᠯᠡᠭᠡᠷ ᠲᠠᠯ᠎ᠠ ᠶᠢᠨ ᠦᠵᠡᠮᠵᠢ ᠶᠢ ᠲᠠᠬᠢᠨ ᠢᠯᠡᠷᠡᠭᠦᠯᠦᠨ᠎ᠡ᠃ ᠠᠶᠠᠨᠳᠠᠭᠠᠨ ᠰᠡᠷᠭᠦᠭᠡᠬᠦ ᠵᠠᠷᠴᠢᠮ ᠢ ᠪᠠᠷᠢᠮᠲᠠᠯᠠᠨ᠂ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠳᠠᠯᠠᠨ ᠬᠠᠷ᠎ᠠ ᠠᠭᠤᠯᠠ ᠶᠢᠨ 7 ᠵᠤᠷᠪᠤᠰ ᠭᠤᠤ ᠶᠢᠨ ᠰᠢᠰᠲ᠋ᠧᠮ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠾᠦᠤᠤ ᠵᠠᠶ ᠭᠧᠦ ᠶᠢᠨ ᠦᠶᠡᠷ ᠢ ᠰᠡᠷᠭᠡᠶᠢᠯᠡᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠢᠨᠵᠧᠨᠧᠷᠢᠩ ᠢ ᠪᠡᠶᠡᠯᠡᠭᠦᠯᠦᠨ᠎ᠡ᠃ ᠠᠵᠤ ᠠᠬᠤᠶ᠂ ᠵᠠᠰᠠᠭ ᠵᠠᠬᠢᠷᠭᠠᠨ᠂ ᠬᠠᠤᠯᠢ ᠴᠠᠭᠠᠵᠠ ᠵᠡᠷᠭᠡ ᠠᠷᠭ᠎ᠠ ᠪᠠᠷᠢᠯ ᠢ ᠬᠡᠷᠡᠭᠯᠡᠨ᠂ ᠤᠰᠤ ᠠᠷᠪᠢᠯᠠᠬᠤ᠂ ᠤᠰᠤ ᠬᠡᠷᠡᠭᠯᠡᠬᠦ᠂ ᠤᠰᠤ ᠵᠠᠰᠠᠬᠤ᠂ ᠤᠰᠤ ᠬᠠᠮᠢᠶᠠᠷᠬᠤ᠂ ᠤᠰᠤ ᠬᠠᠮᠠᠭᠠᠯᠠᠬᠤ ᠬᠠᠮ ᠠᠷᠭ᠎ᠠ ᠪᠠᠷᠢᠯ ᠢ ᠬᠦᠴᠦᠯᠡᠨ ᠰᠠᠶᠢᠲᠤᠷ ᠬᠢᠵᠦ᠂ ︽ᠬᠤᠶᠠᠷ ᠭᠤᠤᠯ ᠬᠤᠶᠠᠷ ᠰᠤᠪᠠᠭ︾ ᠤᠨ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠂ ︽ᠨᠢᠭᠡ ᠲᠡᠯᠡᠶ ᠳᠥᠷᠪᠡᠨ ᠬᠥᠮᠥᠷᠭᠡ︾ ᠶᠢᠨ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢ ᠴᠢᠩᠭᠠᠳᠬᠠᠵᠤ᠂ ᠬᠠᠷ᠎ᠠ ᠤᠰᠤ ᠨᠠᠭᠤᠷ ᠢ ᠰᠡᠷᠭᠦᠭᠡᠨ ᠵᠠᠰᠠᠬᠤ᠂ ᠤᠯᠠᠭᠠᠨ ᠪᠥᠴᠡᠲᠡᠨ ᠤ ᠤᠰᠤᠨ ᠴᠥᠭᠦᠷᠥᠮ᠂ ᠸᠠᠨ ᠵᠢᠶᠠ ᠭᠧᠤ ᠤᠰᠤᠨ ᠴᠥᠭᠦᠷᠥᠮ ᠤᠨ ᠬᠤᠷᠠᠭᠰᠠᠨ ᠢ ᠴᠡᠪᠡᠷᠯᠡᠬᠦ ᠵᠢᠯ ᠤ ᠡᠭᠦᠷᠭᠡ ᠶᠢ ᠪᠡᠶᠡᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠤᠯᠢ ᠠᠴᠠ ᠵᠥᠷᠢᠴᠡᠨ ᠬᠡᠲᠦ ᠮᠠᠯᠲᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠤᠰᠤ ᠠᠷᠪᠢᠯᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠤᠰᠤᠨ ᠤ ᠱᠠᠲᠤᠯᠢᠭ ᠦᠨ᠎ᠡ ᠶᠢ ᠬᠡᠷᠡᠭᠵᠢᠭᠦᠯᠵᠦ᠂ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠡᠷᠭᠢ ᠶᠢᠨ ᠱᠤᠭᠤᠮ ᠢ ᠵᠠᠭᠠᠭᠯᠠᠬᠤ ᠠᠵᠢᠯ ᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢ ᠭᠤᠶᠤᠵᠢᠭᠤᠯᠬᠤ ᠶᠢ ᠬᠡᠷᠡᠭᠵᠢᠭᠦᠯᠦᠨ᠂ ᠣᠶ ᠮᠣᠳᠣ ᠶᠢ ᠨᠥᠬᠦᠵᠦ ᠳᠠᠷᠢᠬᠤ᠂ ᠠᠷᠠᠴᠢᠯᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠢᠯᠪᠠᠷ ᠪᠤᠰᠤ ᠪᠠᠷ ᠣᠯᠤᠭᠰᠠᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠪᠡᠶᠡᠯᠡᠭᠦᠯᠵᠦ᠂ ︽ᠭᠤᠷᠪᠠᠨ ᠤᠯᠠᠭᠠᠨ ᠱᠤᠭᠤᠮ︾ ᠢ ᠡᠷᠡᠰ ᠪᠠᠲᠤ ᠰᠠᠬᠢᠪᠠ᠃ ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠴᠢᠬᠤᠯᠠ ᠴᠠᠭ ᠬᠤᠭᠤᠴᠠᠭ᠎ᠠ ᠪᠠ ᠭᠤᠤᠯᠳᠠᠯᠭ᠎ᠠ ᠲᠠᠢ ᠣᠷᠣᠨ ᠪᠦᠰᠡ ᠶᠢᠨ ᠣᠶ ᠰᠢᠭᠤᠶ ᠶᠢᠨ ᠭᠠᠯ ᠰᠡᠷᠭᠡᠶᠢᠯᠡᠬᠦ ᠶᠢ ᠰᠠᠶᠢᠲᠤᠷ ᠠᠳᠬᠤᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃      ︵ᠵᠢᠷᠭᠤᠭ᠎ᠠ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ      ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢ ᠶᠢᠨ ᠫᠢᠩ ᠶᠡᠷᠦᠩᠬᠡᠶ ᠱᠦᠵᠢ ᠶᠢᠨ ︽ᠪᠥᠬᠦᠳᠡ ᠶᠢ ᠬᠠᠮᠤᠷᠬᠤ᠂ ᠦᠨᠳᠦᠰᠦᠨ ᠵᠦᠢᠯ ᠢ ᠪᠠᠲᠤᠯᠠᠬᠤ᠂ ᠤᠯᠠᠨ ᠲᠡᠰ ᠳᠠᠪᠬᠤᠷᠭ᠎ᠠ᠂ ᠦᠷᠭᠦᠯᠵᠢᠯᠡᠬᠦ ᠴᠢᠭᠯᠡᠯᠲᠡ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ︾ ᠱᠠᠭᠠᠷᠳᠠᠯᠭ᠎ᠠ ᠶᠢ ᠡᠷᠡᠰ ᠲᠤᠤᠱᠯᠠᠭᠤᠯᠤᠨ᠎ᠠ᠃ ︽ᠳᠥᠷᠪᠡᠨ ᠳᠦᠷᠢᠮ ᠨᠢᠭᠡ ᠮᠥᠩᠭᠦ︾ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠰᠡᠷᠭᠡᠶᠢᠯᠡᠨ᠎ᠡ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠬᠤᠷᠢᠶᠠᠬᠤ ᠶᠣᠰᠣᠲᠠᠶ ᠶᠢ ᠨᠢ ᠴᠥᠮ ᠬᠤᠷᠢᠶᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠣᠨᠴᠠᠭᠠᠶ ᠬᠠᠮᠲᠤᠯᠢᠭ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠬᠢᠷᠢ ᠲᠦᠪᠰᠢᠨ ᠢ ᠲᠠᠰᠤᠷᠠᠯᠲᠠ ᠥᠬᠡᠶ ︽ᠠᠪᠤᠷᠠᠯ ᠲᠣᠬᠢᠶᠠᠯᠳᠤᠪᠠᠯ ᠵᠠᠪᠠᠯ ᠬᠢᠨᠠᠬᠤ︾ ᠵᠠᠷᠴᠢᠮ ᠢ ᠪᠠᠷᠢᠮᠲᠠᠯᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨ ᠬᠦ ᠪᠠᠲᠤᠯᠠᠨ᠎ᠠ᠃ ︽ᠠᠯᠪᠠᠨ ᠠᠴᠠ ᠡᠷᠭᠢᠯᠡᠭᠰᠡᠨ ᠠᠷᠠᠳ ᠠᠴᠠ ᠡᠵᠡᠩᠨᠡᠭᠰᠡᠨ︾ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠵᠦ᠂ ᠵᠣᠯ ᠵᠢᠷᠭᠠᠯ ᠤᠨ ᠬᠦᠷᠢᠶᠡᠯᠡᠩ ᠤᠨ ᠵᠢᠷᠤᠮᠵᠢᠭᠰᠠᠨ ᠡᠵᠡᠩᠨᠡᠯᠲᠡ ᠶᠢ ᠠᠬᠢᠭᠤᠯᠤᠨ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠶᠡᠬᠡᠪᠡᠷ ᠳᠡᠮᠵᠢᠵᠦ᠂ ᠬᠤᠰᠢᠭᠤᠨ ᠤ ᠭᠤᠷᠪᠠᠳᠤᠭᠠᠷ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠲᠣᠭᠤᠷᠢᠭ ᠤᠨ ᠢᠵᠢ ᠪᠥᠷᠢᠳᠦᠭᠰᠡᠨ ᠬᠡᠤᠬᠡᠳ ᠤᠨ ᠶᠢᠨ ᠱᠠᠨ ᠰᠤᠷᠭᠠᠭᠤᠯᠢ᠂ ᠭᠤᠷᠪᠠᠨ ᠬᠤᠶᠠᠷ ᠲᠥᠪ ᠬᠡᠦᠬᠡᠳ ᠤᠨ ᠴᠡᠴᠡᠷᠯᠢᠭ ᠢ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠭᠤᠷᠢ ᠰᠤᠷᠭᠠᠨ ᠬᠥᠮᠦᠵᠢᠯ ᠢ ᠪᠠᠲᠤᠳᠬᠠᠨ᠂ ᠬᠡᠪ ᠴᠢᠨᠠᠷ ᠤᠨ ᠰᠤᠷᠭᠠᠨ ᠬᠥᠮᠦᠵᠢᠯ ᠢ ᠰᠠᠶᠢᠲᠤᠷ ᠠᠳᠬᠤᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠦᠢ ᠵᠣᠬᠢᠰᠲᠠᠶ ᠪᠠᠷ ᠲᠣᠬᠢᠷᠠᠭᠤᠯᠤᠨ᠎ᠠ᠃ ᠠᠷᠠᠳ ᠤᠨ ᠳᠤᠮᠳᠠᠬᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠠᠬᠢᠭᠤᠯᠵᠤ᠂ ᠮᠣᠩᠭᠤᠯ ᠬᠡᠯᠡᠨ ᠤ ᠵᠢᠭᠠᠨ ᠰᠤᠷᠭᠠᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠤᠨ᠎ᠠ᠃ ᠶᠢᠨ ᠱᠠᠨ ᠰᠤᠷᠭᠠᠭᠤᠯᠢ ᠤᠯᠤᠰ ᠤᠨ ᠲᠠᠰ ᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠴᠢᠷᠮᠠᠶᠢᠨ ᠪᠠᠶᠢᠭᠤᠯᠤᠨ᠎ᠠ᠃ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠠ ᠣᠯᠠᠨ ᠲᠦᠮᠡᠨ ᠤ ᠴᠢᠨᠠᠷᠲᠠᠶ ᠠᠮᠤᠷ ᠲᠦᠪᠰᠢᠨ ᠤ ᠬᠡᠷᠡᠭ ᠡᠭᠦᠰᠬᠦ ᠶᠢ ᠲᠠᠰᠤ ᠵᠣᠭᠰᠣᠭᠠᠨ᠎ᠠ᠃      ᠠᠷᠠᠳ ᠨᠡᠶᠢᠲᠡ ᠶᠢᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠰᠢᠨ᠎ᠡ ᠨᠢᠭᠡ ᠡᠭᠡᠯᠵᠢ ᠶᠢᠨ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠰᠢᠭᠤᠨ ᠬᠡᠪᠴᠢᠶᠡᠨ ᠳᠣᠲᠣᠷ᠎ᠠ ᠣᠯᠠᠩᠬᠢ ᠲᠣᠭᠠᠨ ᠤ ᠣᠯᠠᠨ ᠲᠦᠮᠡᠨ ᠤ ᠡᠪᠡᠳᠴᠢᠨ ᠦᠵᠡᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ ᠲᠣᠭᠠᠴᠢᠯᠠᠭᠰᠠᠨ ᠡᠭᠦᠳᠡᠨ ᠡᠮᠨᠡᠯᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠵᠦᠢᠯ ᠤᠨ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠨ᠎ᠠ᠃ ︽ᠨᠠᠰᠤᠲᠠᠶᠢᠴᠤᠳ᠂ ᠶᠠᠳᠠᠭᠤ ᠬᠦᠴᠢᠷᠳᠡᠯ ᠲᠠᠢ ᠬᠥᠮᠦᠰ ᠢ ᠬᠠᠶᠢᠷᠠᠯᠠᠨ ᠬᠠᠯᠠᠮᠵᠢᠯᠠᠬᠤ ᠭᠡᠷᠡᠯ ᠭᠡᠭᠡ ᠶᠢᠨ ᠠᠶᠠᠯᠠᠯ︾ ᠤᠨ ᠵᠦᠢᠯᠡᠰ ᠢ ᠦᠷᠭᠦᠯᠵᠢᠯᠡᠨ ᠬᠡᠷᠡᠭᠵᠢᠭᠦᠯᠦᠨ᠎ᠡ᠃ ᠬᠢᠲᠠᠳ ᠮᠣᠩᠭᠤᠯ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠬᠤ᠂ ᠬᠠᠮᠠᠭᠠᠯᠠᠬᠤ᠂ ᠨᠡᠭᠡᠭᠡᠨ ᠬᠥᠭᠵᠢᠭᠦᠯᠬᠦ ᠠᠵᠢᠯ ᠢ ᠨᠡᠮᠡᠭᠳᠡᠭᠦᠯᠵᠦ᠂ ᠣᠨᠣᠰᠢᠯᠠᠨ ᠡᠮᠨᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠣᠨᠳᠣᠣ ᠭᠠᠵᠠᠷ ᠲᠤ ᠲᠠᠰᠤᠯᠤᠨ ᠪᠤᠳᠤᠬᠤ ᠠᠵᠢᠯ ᠢ ᠲᠦᠯᠬᠢᠨ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠢ ᠣᠨᠳᠣᠣ ᠭᠠᠵᠠᠷ ᠲᠤ ᠲᠠᠰᠤᠯᠤᠨ ᠪᠤᠳᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ ᠰᠢᠶ᠋ᠳᠪᠦᠷᠢᠯᠡᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠬᠥᠬᠡᠬᠤᠲᠠ ᠶᠢᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠵᠡᠭᠡᠯᠢ ᠶᠢ 2 ᠵᠤᠷᠪᠤᠰ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠳᠡᠯᠭᠡᠭᠦᠷ ᠢ 30 ᠰᠢᠨ᠎ᠡ ᠪᠠᠷ ᠨᠡᠮᠡᠭᠳᠡᠭᠦᠯᠦᠨ᠎ᠡ᠃      ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠲᠡᠭ ᠤᠨ ᠦᠵᠡᠯᠲᠡ ᠶᠢ ᠭᠦᠨᠵᠡᠭᠡᠶ ᠦᠢᠯᠡᠳᠦᠯᠭᠡᠵᠢᠭᠦᠯᠵᠦ᠂ ᠪᠦᠭᠦ ᠬᠤᠰᠢᠭᠤᠨ ᠤ ᠠᠷᠠᠳ ᠲᠦᠮᠡᠨ ᠤ ᠨᠤᠲᠤᠭ ᠤᠨ ᠵᠡᠭᠦᠨᠲᠡᠨ ᠢᠶᠠᠨ ᠬᠠᠶᠢᠷᠠᠯᠠᠬᠤ᠂ ᠨᠤᠲᠤᠭ ᠤᠨ ᠵᠡᠭᠦᠨᠲᠡᠨ ᠢᠶᠠᠨ ᠪᠦᠲᠦᠭᠡᠨ ᠪᠠᠶᠢᠭᠤᠯᠬᠤ ᠡᠵᠡᠨ ᠬᠥᠮᠦᠨ ᠤ ᠤᠬᠠᠮᠰᠠᠷ ᠢ ᠤᠯᠠᠮ ᠨᠢᠭᠡ ᠠᠯᠬᠤᠮ ᠬᠥᠭᠵᠢᠭᠡᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ ᠠᠳᠬᠤᠵᠤ᠂ ᠨᠣᠮ ᠤᠨ ᠰᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠰᠣᠶᠣᠯ ᠤᠨ ᠦᠷᠲᠡᠭᠡ ᠭᠡᠷ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠮᠵᠢᠵᠤ᠂ ᠨᠡᠶᠢᠭᠡᠮ ᠤᠨ ᠬᠦᠴᠦᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠪᠢᠰᠬᠠᠯ ᠤᠨ ᠰᠣᠶᠣᠯ ᠪᠠ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠤᠰᠢᠭᠤᠨ ᠤ ᠶᠠᠪᠤᠳᠠᠯ ᠤᠨ ᠶᠠᠮᠤᠨ᠂ ᠯᠢ ᠰᠤᠨ ᠤ ᠬᠠᠭᠤᠴᠢᠨ ᠰᠠᠭᠤᠴᠠ ᠶᠢ ᠰᠡᠯᠪᠢᠨ ᠵᠠᠰᠠᠵᠤ ᠳᠡᠯᠭᠡᠨ ᠦᠵᠡᠭᠦᠯᠦᠨ᠎ᠡ᠃ ᠤᠯᠠᠭᠠᠨᠮᠥ᠋ᠴᠢᠷ ᠤᠨ ᠡᠩᠨᠡᠭᠡ ᠶᠢᠨ ᠪᠠᠶᠢᠭᠤᠯᠤᠯᠲᠠ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠪᠠ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯ ᠢ ᠴᠢᠩᠭᠠᠳᠬᠠᠵᠤ᠂ ᠦᠨᠳᠦᠰᠦᠲᠡᠨ ᠤ ᠳᠠᠭᠤᠤ ᠪᠥᠵᠢᠭᠲᠦ ᠵᠦᠴᠦᠭᠡ ︽ᠲᠦᠮᠡᠳ ᠬᠤᠷᠢᠮ ᠤᠨ ᠶᠣᠰᠣᠯᠠᠯ︾ ᠢ ᠨᠠᠶᠢᠷᠠᠭᠤᠯᠤᠨ ᠵᠢᠭᠰᠠᠭᠠᠵᠤ ᠳᠠᠭᠤᠰᠬᠠᠨ᠎ᠠ᠃ ︽ᠲᠦᠮᠡᠳ ᠵᠡᠭᠦᠨ ᠬᠤᠰᠢᠭᠤᠨ ᠤ ᠣᠶᠢᠯᠠᠯᠭ᠎ᠠ︾ ︵1983 — 2016︶ ᠪᠣᠯᠤᠨ ︽ᠲᠦᠮᠡᠳ ᠵᠡᠭᠦᠨ ᠬᠤᠰᠢᠭᠤᠨ ᠤ ᠣᠨ ᠤ ᠣᠶᠢᠯᠠᠯᠭ᠎ᠠ︾ ︵2018 ᠳ᠋ᠤᠭᠠᠷ ᠪᠣᠲᠢ᠂ 2019 ᠳ᠋ᠦᠭᠡᠷ ᠪᠣᠲᠢ︶ ᠶᠢ ᠨᠠᠶᠢᠷᠠᠭᠤᠯᠤᠨ ᠬᠡᠪᠯᠡᠭᠦᠯᠬᠦ ᠠᠵᠢᠯ ᠢ ᠪᠡᠶᠡᠯᠡᠭᠦᠯᠦᠨ᠎ᠡ᠃      ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠰᠦᠪᠡᠭᠴᠢ ᠶᠢ ᠣᠶᠢᠯᠠᠭᠠᠬᠤ᠂ ᠴᠤᠭᠯᠠᠭᠤᠯᠬᠤ ᠪᠠ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠡᠳ᠋ ᠮᠥᠩᠭᠦ ᠳᠤ ᠴᠣᠬᠢᠯᠲᠠ ᠥᠭᠴᠦ ᠴᠢᠰᠤ ᠤᠷᠤᠰᠬᠠᠬᠤ ᠶᠢ ᠲᠠᠰᠤᠯᠵᠤ᠂ ᠭᠦᠨᠵᠡᠭᠡᠢ ᠠᠭᠤᠳᠠᠯᠤᠨ ᠲᠦᠢᠯᠪᠤᠷᠢᠲᠠᠢ ᠪᠠᠶᠢᠴᠠᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠬᠠᠤᠯᠢ ᠪᠤᠰᠤ ᠪᠠᠷ ᠡᠯᠡᠰᠦ ᠮᠠᠯᠲᠠᠵᠤ ᠰᠢᠷᠣᠶ ᠠᠪᠬᠤ ᠪᠠ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠬᠢᠨᠠᠨ ᠬᠠᠮᠢᠶᠠᠷᠴᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠤᠭᠲᠤᠬᠤ ᠳᠠᠬᠢᠨ ᠬᠢᠨᠠᠬᠤ ᠠᠵᠢᠯ ᠢ ᠰᠠᠶᠢᠲᠤᠷ ᠬᠢᠨ᠎ᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠢᠳᠡᠪᠬᠢᠲᠡᠶ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃      ︵ᠳᠣᠯᠤᠭ᠎ᠠ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ      ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠠᠭᠤᠯᠭᠠᠬᠤ ᠶᠣᠰᠣᠲᠠᠶ ᠶᠢ ᠨᠢ ᠵᠠᠪᠠᠯ ᠲᠦᠢᠯᠪᠤᠷᠢᠲᠠᠶ ᠲᠠᠯᠪᠢᠵᠤ᠂ ᠬᠠᠮᠢᠶᠠᠷᠬᠤ ᠶᠣᠰᠣᠲᠠᠶ ᠶᠢ ᠨᠢ ᠵᠠᠪᠠᠯ ᠪᠣᠳᠠᠲᠠᠶ ᠬᠠᠮᠢᠶᠠᠷᠴᠤ᠂ ᠦᠢᠯᠡᠴᠢᠯᠡᠬᠦ ᠶᠣᠰᠣᠲᠠᠶ ᠶᠢ ᠨᠢ ᠵᠠᠪᠠᠯ ᠰᠠᠶᠢᠲᠤᠷ ᠦᠢᠯᠡᠴᠢᠯᠡᠵᠦ᠂ ᠪᠥᠬᠦ ᠬᠤᠰᠢᠭᠤᠨ ᠤ ᠪᠣᠶ ᠪᠥᠬᠦᠶ ᠠᠯᠪᠠᠨ ᠲᠤᠰᠢᠶᠠᠯᠲᠠᠨ ᠴᠥᠮ ︽ᠬᠥᠮᠦᠨ ᠪᠣᠯᠭᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠬᠥᠮᠦᠨ ᠪᠣᠯᠭᠠᠨ ᠬᠦᠴᠦᠨ ᠴᠢᠳᠠᠯ ᠢᠶᠠᠨ ᠡᠷᠭᠦᠬᠦ︾ ᠣᠶᠢᠯᠠᠭᠠᠭᠳᠠᠬᠤᠨ ᠢ ᠪᠣᠶ ᠪᠣᠯᠭᠠᠬᠤ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠵᠣᠬᠢᠶᠠᠨ ᠪᠠᠶᠢᠭᠤᠯᠤᠨ ᠳᠠᠭᠤᠰᠬᠠᠵᠤ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠤᠷᠢᠳᠠᠪᠠᠷ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠵᠤ᠂ ︽ᠬᠢᠨᠠᠨ ᠵᠥᠪᠰᠢᠶᠡᠷᠡᠬᠦ ᠵᠦᠢᠯᠡᠰ ᠢᠶᠠᠷ ᠬᠠᠮᠤᠭ ᠤᠨ ᠪᠠᠭ᠎ᠠ᠂ ᠠᠵᠢᠯ ᠤᠨ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢᠶᠠᠷ ᠬᠠᠮᠤᠭ ᠤᠨ ᠰᠢᠯᠢᠳᠡᠭ᠂ ᠠᠵᠤ ᠠᠬᠤᠶᠢᠯᠠᠯ ᠪᠠ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠᠷ ᠬᠠᠮᠤᠭ ᠤᠨ ᠥᠨᠳᠥᠷ︾ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠵᠦ᠂ ᠨᠢᠭᠡ ᠯᠡ ᠡᠭᠦᠳᠡ ᠪᠠᠷ ᠣᠷᠣᠬᠤ ︾ ᠶᠢ ᠬᠡᠪ ᠤᠨ ᠪᠠᠶᠢᠳᠠᠯ ᠪᠣᠯᠭᠠᠨ᠎ᠠ᠃ ᠡᠷᠬᠡ ᠲᠡᠭᠰᠢ ᠲᠥᠪ ᠭᠤᠣᠯᠴᠢ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠶᠡᠭᠡ ᠪᠠᠷ ᠪᠤᠢ ᠪᠣᠯᠭᠠᠵᠤ᠂ ︽ᠬᠤᠶᠠᠷ ᠢ ᠲᠣᠬᠢᠶᠠᠯᠳᠤᠯ ᠢᠶᠠᠷ ᠬᠢᠵᠦ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠨᠠᠷᠢᠯᠢᠬᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠬᠠᠤᠯᠢᠵᠢᠭᠤᠯᠬᠤ᠂ ᠵᠢᠷᠤᠮᠵᠢᠭᠤᠯᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠮᠥᠷᠳᠡᠨ ᠦᠢᠯᠡᠴᠢᠯᠡᠬᠦ ᠶᠢ ᠴᠢᠩᠭᠠᠷᠠᠭᠤᠯᠤᠨ᠂ ︽ᠨᠢᠭᠡ ᠲᠥᠷᠥᠯ ᠵᠦᠢᠯ᠂ ᠨᠢᠭᠡ ᠬᠤᠰᠢᠭᠤᠨ ᠤ ᠲᠠᠰ ᠤᠨ ᠤᠳᠤᠷᠢᠳᠤᠯᠭ᠎ᠠ᠂ ᠨᠢᠭᠡ ᠠᠵᠢᠯ ᠤᠨ ᠲᠤᠰᠬᠠᠶ ᠠᠩᠭᠢ︾ ᠶᠢᠨ ᠳᠠᠭᠠᠭᠠᠴᠢᠯᠠᠨ ᠬᠤᠯᠪᠣᠭᠠᠯᠠᠬᠤ ᠲᠥᠷᠥᠯ ᠵᠦᠢᠯ ᠤᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠲᠡᠳᠬᠦᠨ ᠲᠡᠮᠵᠢᠨ᠎ᠠ᠃      ︵ᠨᠠᠢᠮᠠ︶ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ      ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠷᠢᠮ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠲᠦᠷᠢᠮ ᠤᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠲᠦᠷᠢᠮ ᠢ ᠬᠡᠷᠡᠭᠵᠢᠭᠦᠯᠬᠦ ᠶᠢᠨ ᠦᠯᠢᠬᠡᠷ ᠳᠠᠭᠤᠷᠢᠶᠠᠯ ᠪᠤᠯᠵᠤ᠂ ᠪᠦᠬᠦ ᠨᠡᠶᠢᠭᠡᠮ ᠢᠶᠠᠷ ᠢᠶᠠᠨ ᠤᠬᠠᠮᠰᠠᠷ ᠠᠴᠠ ᠪᠠᠨ ᠲᠦᠷᠢᠮ ᠢ ᠬᠦᠨᠳᠦᠳᠬᠡᠬᠦ᠂ ᠲᠦᠷᠢᠮ ᠢ ᠴᠢᠩᠭ᠎ᠠ ᠬᠡᠷᠡᠭᠵᠢᠭᠦᠯᠬᠦ᠂ ᠲᠦᠷᠢᠮ ᠢ ᠡᠷᠡᠰ ᠬᠠᠮᠠᠭᠠᠯᠠᠬᠤ ᠶᠢ ᠳᠠᠶᠢᠴᠢᠯᠠᠬᠤ ᠬᠡᠷᠡᠭᠲᠡᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠥᠯᠥᠭᠡᠯᠡᠭᠴᠢᠳ ᠤᠨ ᠰᠠᠨᠠᠭᠤᠯᠭ᠎ᠠ ᠪᠠ ᠭᠡᠰᠢᠭᠦᠳ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠨᠤᠲᠠᠯᠠᠯᠲᠠ ᠪᠠ ᠡᠮᠦᠨᠡᠬᠢ ᠬᠤᠭᠤᠴᠠᠭᠠᠨ ᠤ ᠬᠢᠨᠠᠨ ᠬᠠᠷᠭᠤᠭᠤᠯᠤᠯᠲᠠ ᠶᠢ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠠᠷᠠᠳᠴᠢᠯᠠᠯᠲᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠪᠣᠳᠠᠲᠠᠶ ᠠᠵᠢᠯᠯᠠᠬᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠦᠨᠡᠨ ᠦᠭᠡ ᠬᠡᠯᠡᠬᠦ᠂ ᠪᠣᠳᠠᠲᠤ ᠶᠠᠪᠤᠳᠠᠯ ᠢ ᠪᠣᠳᠣᠯᠬᠢᠯᠠᠬᠤ᠂ ᠪᠣᠳᠠᠲᠠᠶ ᠠᠷᠭ᠎ᠠ ᠤᠬᠠᠭᠠᠨ ᠭᠠᠷᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠭᠲᠠᠭᠰᠠᠨ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠠᠭ ᠲᠤᠬᠠᠶ ᠳᠤᠨᠢ ᠡᠬᠢᠯᠡᠭᠦᠯᠵᠦ᠂ ᠵᠣᠭᠰᠣᠴᠠ ᠥᠨᠳᠥᠷ᠂ ᠠᠷᠭ᠎ᠠ ᠪᠣᠳᠣᠯᠭ᠎ᠠ ᠬᠤᠯᠠ᠂ ᠬᠠᠷᠠᠯᠲᠠ ᠣᠨᠣᠪᠴᠢᠲᠠᠶ᠂ ᠠᠷᠭ᠎ᠠ ᠬᠡᠮᠵᠢᠶ᠎ᠡ ᠪᠣᠳᠠᠲᠠᠶ ᠪᠠᠶᠢᠬᠤ ᠶᠢ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠦᠨᠡᠨ ᠬᠦ ᠢᠷᠡᠭᠡᠳᠦᠶ ᠶᠢᠨ ᠨᠢᠭᠡ ᠬᠤᠭᠤᠴᠠᠭᠠᠨ ᠤ ᠪᠥᠬᠦ ᠬᠤᠰᠢᠭᠤᠨ ᠤ ᠠᠵᠢᠯ ᠢ ᠵᠢᠯᠣᠭᠤᠳᠬᠤ ᠵᠢᠷᠤᠮᠯᠠᠯ ᠪᠠ ᠬᠥᠲᠥᠯᠪᠦᠷᠢ ᠪᠣᠯᠭᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠵᠣᠷᠢᠭᠲᠠᠶ ᠪᠠᠷ ᠦᠨᠡᠨ ᠢ ᠪᠠᠷᠢᠮᠲᠠᠯᠠᠨ ᠬᠠᠲᠠᠭᠤ ᠲᠠᠢ ᠬᠠᠯᠳᠠᠵᠤ᠂ ᠨᠢᠭᠡ ᠪᠦᠯᠦᠭ ᠬᠦᠴᠢᠷ ᠲᠦᠪᠡᠭᠲᠡᠶ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ᠃ ᠦᠷ᠎ᠡ ᠪᠦᠲᠦᠮᠵᠢ ᠶᠢ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠠᠵᠢᠯ ᠤᠨ ᠬᠠᠷᠢᠭᠤᠴᠠᠯᠭ᠎ᠠ ᠶᠢ ᠰᠡᠷᠡᠮᠵᠢᠯᠡᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠬᠡᠷᠡᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠡᠭᠦᠷᠭᠡᠯᠡᠬᠦ ᠥᠬᠡᠶ᠂ ᠠᠵᠢᠯ ᠬᠢᠬᠦ ᠥᠬᠡᠶ᠂ ᠬᠡᠯᠪᠡᠷᠢ ᠶᠢ ᠡᠷᠬᠢᠮᠯᠡᠬᠦ᠂ ᠶᠣᠰᠣᠨ ᠲᠡᠳᠦᠶ ᠥᠩᠭᠡᠷᠡᠭᠦᠯᠬᠦ᠂ ᠣᠷᠣ ᠮᠥᠷ ᠦᠯᠡᠳᠡᠭᠡᠬᠦ ᠶᠢ ᠴᠢᠬᠤᠯᠠᠴᠢᠯᠠᠬᠤ᠂ ᠦᠷ᠎ᠡ ᠪᠦᠲᠦᠮᠵᠢ ᠶᠢ ᠬᠥᠩᠭᠡᠪᠴᠢᠯᠡᠬᠦ ᠵᠡᠷᠭᠡ ᠲᠣᠪᠤᠶᠢᠮ᠎ᠠ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃      ᠠᠷᠠᠳ ᠤᠨ ᠲᠥᠯᠥᠭᠡ ᠵᠢᠳᠬᠦᠬᠦ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠢᠮᠠᠭᠲᠠ ᠪᠢᠳᠡᠨ ᠤ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠨᠢᠯᠬ᠎ᠠ ᠬᠡᠦᠬᠡᠳ ᠠᠴᠠ ᠰᠤᠷᠭᠠᠨ ᠬᠥᠮᠦᠵᠢᠯ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶ ᠠᠴᠠ ᠲᠡᠳᠬᠦᠮᠵᠢ ᠲᠠᠢ ᠪᠠᠶᠢᠬᠤ ᠲᠠᠯ᠎ᠠ ᠪᠠᠷ ᠰᠢᠨ᠎ᠡ ᠠᠬᠢᠴᠠ ᠲᠠᠢ ᠪᠣᠯᠭᠠᠵᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠰᠠᠶᠢᠲᠤᠷ ᠡᠷᠬᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃      ᠠᠷᠢᠭᠤᠨ ᠴᠢᠬᠡᠴᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠶ ᠭᠦᠢᠴᠡᠳᠬᠡᠵᠦ᠂ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠠᠯᠪᠠᠨ ᠠᠵᠢᠯ ᠤᠨ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠨ᠂ ᠲᠥᠪ ᠤᠨ ︽ᠨᠠᠢᠮᠠᠨ ᠵᠦᠢᠯ ᠤᠨ ᠲᠣᠭᠲᠠᠭᠠᠯ︾ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠲᠥᠪ ᠭᠤᠣᠯᠴᠢ ᠠᠷᠢᠭᠤᠨ ᠴᠢᠬᠡᠴᠢ ᠲᠦᠷᠢ ᠲᠥᠷᠬᠦ ᠪᠠᠷ ᠠᠷᠠᠳ ᠤᠯᠠᠨ ᠤ ᠢᠲᠡᠭᠡᠯ ᠪᠠ ᠳᠡᠮᠵᠢᠯᠭᠡ ᠶᠢ ᠣᠯᠤᠨ᠎ᠠ᠃      ᠲᠥᠯᠥᠭᠡᠯᠡᠭᠴᠢᠳ ᠡ᠂ ᠴᠠᠭ ᠦᠶ᠎ᠡ ᠤᠷᠢᠶᠠᠯᠠᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ ᠪᠠᠶᠢᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠵᠣᠷᠢᠭᠲᠠᠢ ᠪᠠᠷ ᠤᠷᠤᠭᠰᠢᠯᠠᠨ ᠲᠠᠪᠰᠢᠵᠤ᠂ ᠡᠷᠡᠯᠬᠡᠭᠯᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠬᠤ ᠮᠣᠩᠭᠤᠯ ᠮᠤᠷᠢᠨ ᠤ ᠵᠣᠷᠢᠭ ᠰᠠᠨᠠᠭ᠎ᠠ ᠪᠠᠷ ᠲᠦᠮᠡᠳ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕      ᠨᠡᠷ᠎ᠡ ᠦᠭᠡ ᠶᠢᠨ ᠲᠠᠶᠢᠯᠪᠤᠷᠢ      1. ᠭᠤᠷᠪᠠ ᠶᠢ ᠨᠠᠶᠢᠳᠠᠪᠤᠷᠢᠵᠢᠭᠤᠯᠬᠤ᠂ ᠭᠤᠷᠪᠠ ᠶᠢ ᠣᠨᠣᠪᠴᠢᠲᠠᠶ ᠪᠠᠶᠢᠯᠭᠠᠬᠤ᠂ ᠭᠤᠷᠪᠠ ᠶᠢ ᠪᠠᠲᠤᠯᠠᠬᠤ᠄ ᠭᠤᠷᠪᠠ ᠶᠢ ᠨᠠᠶᠢᠳᠠᠪᠤᠷᠢᠵᠢᠭᠤᠯᠬᠤ ᠭᠡᠳᠡᠭ ᠨᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠶᠢ ᠬᠡᠯᠡᠵᠦ ᠪᠠᠶᠢᠨ᠎ᠠ︔ ᠭᠤᠷᠪᠠ ᠳᠤ ᠨᠠᠷᠢᠯᠢᠭ ᠣᠨᠣᠴᠠᠲᠠᠶ ᠭᠡᠳᠡᠭ ᠨᠢ ᠳᠠᠷᠤᠶ ᠨᠠᠷᠢᠯᠢᠭ ᠣᠨᠣᠴᠠᠲᠠᠶ ᠪᠠᠷ ᠢᠯᠭᠠᠨ ᠲᠠᠨᠢᠵᠤ᠂ ᠨᠠᠷᠢᠯᠢᠭ ᠣᠨᠣᠴᠠᠲᠠᠶ ᠪᠠᠷ ᠤᠬᠤᠷᠢᠨ ᠭᠠᠷᠴᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠶᠢ ᠬᠡᠯᠡᠵᠦ ᠪᠠᠶᠢᠨ᠎ᠠ︔ ᠭᠤᠷᠪᠠᠨ ᠪᠠᠲᠤᠯᠠᠭ᠎ᠠ ᠭᠡᠳᠡᠭ ᠨᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠪᠠᠲᠤᠯᠠᠭ᠎ᠠ ᠲᠠᠢ ᠪᠠᠶᠢᠬᠤ ᠶᠢ ᠬᠡᠯᠡᠵᠦ ᠪᠠᠶᠢᠨ᠎ᠠ᠃      2. ᠵᠢᠷᠭᠤᠭ᠎ᠠ ᠶᠢ ᠨᠠᠷᠢᠯᠢᠭ ᠣᠨᠣᠴᠠᠲᠠᠶ᠂ ᠲᠠᠪᠤᠨ ᠨᠢᠭᠡ ᠪᠦᠯᠦᠭ᠄ ᠲᠤᠬᠠᠶᠢᠯᠠᠪᠠᠯ ᠶᠠᠳᠠᠭᠤ ᠶᠢ ᠲᠡᠳᠬᠦᠬᠦ ᠡᠲᠡᠭᠡᠳ ᠢ ᠨᠠᠷᠢᠯᠢᠭ ᠣᠨᠣᠴᠠᠲᠠᠶ ᠪᠠᠶᠢᠯᠭᠠᠬᠤ᠂ ᠠᠷᠭ᠎ᠠ ᠬᠡᠮᠵᠢᠶ᠎ᠡ ᠶᠢ ᠡᠷᠦᠬᠡ ᠳᠤ ᠬᠦᠷᠲᠡᠯ᠎ᠡ ᠨᠠᠷᠢᠯᠢᠭ ᠣᠨᠣᠴᠠᠲᠠᠶ ᠪᠠᠶᠢᠯᠭᠠᠬᠤ᠂ ᠲᠥᠷᠥᠯ ᠵᠦᠢᠯ ᠤᠨ ᠲᠣᠬᠢᠷᠠᠭᠤᠯᠤᠯᠲᠠ ᠶᠢ ᠨᠠᠷᠢᠯᠢᠭ ᠣᠨᠣᠴᠠᠲᠠᠶ ᠪᠠᠶᠢᠯᠭᠠᠬᠤ᠂ ᠪᠠᠯᠠ ᠮᠥᠩᠭᠦ ᠶᠢᠨ ᠬᠡᠷᠡᠭᠯᠡᠯᠲᠡ ᠶᠢ ᠨᠠᠷᠢᠯᠢᠭ ᠣᠨᠣᠴᠠᠲᠠᠶ ᠪᠠᠶᠢᠯᠭᠠᠬᠤ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠬᠥᠮᠦᠨ ᠲᠣᠮᠢᠯᠠᠬᠤ ︵ᠨᠢᠭᠡᠳᠦᠭᠡᠷ ᠱᠦᠵᠢ︶ ᠨᠠᠷᠢᠯᠢᠭ ᠣᠨᠣᠴᠠᠲᠠᠶ ᠪᠠᠶᠢᠯᠭᠠᠬᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠨᠠᠷᠢᠯᠢᠭ ᠣᠨᠣᠴᠠᠲᠠᠶ ᠪᠠᠶᠢᠯᠭᠠᠬᠤ ᠵᠡᠷᠭᠡ ᠪᠣᠯᠤᠨ᠎ᠠ᠃ ᠦᠢᠯᠡᠳᠪᠦᠷᠢᠯᠡᠯ ᠢ ᠬᠥᠭᠵᠢᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠤ᠂ ᠠᠮᠢ ᠠᠬᠤᠢ ᠶᠢᠨ ᠨᠥᠬᠦᠪᠥᠷᠢ ᠪᠠᠷ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠤ᠂ ᠰᠤᠷᠭᠠᠨ ᠬᠥᠮᠦᠵᠢᠯ ᠢ ᠬᠥᠭᠵᠢᠭᠦᠯᠵᠦ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠵᠤ᠂ ᠨᠡᠶᠢᠭᠡᠮ ᠤᠨ ᠪᠠᠲᠤᠯᠠᠭ᠎ᠠ ᠪᠠᠷ ᠨᠢᠭᠡ ᠪᠦᠯᠦᠭ ᠢ ᠪᠠᠲᠤᠯᠠᠨ᠎ᠠ᠃      3. ︽ᠠᠷᠪᠠᠨ ᠵᠦᠢᠯ ᠤᠨ ᠲᠡᠭ ᠢ ᠢᠯᠭᠠᠷᠠᠭᠤᠯᠤᠨ ᠪᠠᠷᠢᠮᠵᠢᠶ᠎ᠠ ᠳᠤ ᠬᠦᠷᠦᠭᠦᠯᠬᠦ︾ ᠠᠵᠢᠯᠯᠠᠭ᠎ᠠ᠄ ᠲᠤᠬᠠᠶᠢᠯᠠᠪᠠᠯ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠶᠢ ᠡᠷᠦᠭᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠬᠡᠷᠡᠭᠵᠢᠭᠦᠯᠦᠭᠰᠡᠨ ᠨᠢ ᠵᠥᠷᠢᠶ᠎ᠡ ᠲᠠᠢ ᠪᠠᠶᠢᠪᠠᠯ ᠲᠡᠭ ᠢ ᠠᠷᠢᠯᠭᠠᠨ᠎ᠠ︔ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠶᠠᠳᠠᠭᠤ ᠶᠢ ᠲᠡᠳᠬᠦᠬᠦ ᠠᠵᠤ ᠦᠶ᠋ᠯᠡᠰ ᠤᠨ ᠲᠥᠷᠥᠯ ᠵᠦᠶ᠋ᠯ ᠢ ᠬᠠᠮᠤᠷᠤᠭᠠᠳᠤᠶ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠬᠦᠨ ᠢ ᠬᠠᠮᠤᠷᠤᠭᠠᠳᠤᠶ ᠪᠠᠶᠢᠬᠤ ᠶᠢ ᠪᠡᠶᠡᠯᠡᠭᠦᠯᠦᠨ᠎ᠡ︔ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠬᠥᠳᠡᠯᠭᠡᠬᠦ ᠬᠦᠴᠦᠨ ᠢᠶᠠᠷ ᠴᠠᠬᠢᠯᠭᠠᠨ ᠬᠡᠷᠡᠭᠯᠡᠬᠦ ᠶᠢ ᠨᠡᠪᠲᠡᠷᠡᠭᠦᠯᠦᠭᠰᠡᠨ ᠥᠬᠡᠶ᠂ ᠶᠠᠳᠠᠭᠤ ᠬᠦᠴᠢᠷᠳᠡᠯᠲᠡᠶ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠪᠠᠷᠢᠮᠵᠢᠶ᠎ᠠ ᠳᠤ ᠭᠦᠷᠦᠭᠰᠡᠨ ᠥᠬᠡᠶ ᠶᠢ ᠨᠢ ᠴᠡᠪᠡᠷᠯᠡᠬᠦ ᠶᠢ ᠪᠡᠶᠡᠯᠡᠭᠦᠯᠦᠨ᠎ᠡ︔ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠲᠡᠭ ᠪᠣᠯᠭᠠᠬᠤ ᠶᠢ ᠪᠡᠶᠡᠯᠡᠭᠦᠯᠦᠨ᠎ᠡ︔ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠬᠠᠮᠲᠤ ᠶᠢᠨ ᠠᠵᠤ ᠠᠬᠤᠶ ᠶᠢᠨ ᠲᠡᠭ ᠪᠣᠯᠭᠠᠨ ᠠᠬᠢᠨ ᠨᠡᠮᠡᠭᠳᠡᠭᠦᠯᠬᠦ ᠶᠢ ᠪᠡᠶᠡᠯᠡᠭᠦᠯᠦᠨ᠎ᠡ︔ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶ ᠶᠢᠨ ᠲᠥᠬᠦᠭᠡᠷᠦᠮᠵᠢ᠂ ᠠᠵᠢᠯᠲᠠᠨ᠂ ᠡᠮ ᠵᠡᠷᠭᠡ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠪᠠᠷᠢᠮᠵᠢᠶ᠎ᠠ ᠳᠤ ᠬᠦᠷᠦᠭᠦᠯᠦᠨ᠎ᠡ︔ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠦᠨ᠎ᠡ︔ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠤᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢ ᠥᠭᠡᠷᠡᠴᠢᠯᠡᠬᠦ ᠠᠵᠢᠯ ᠢ ᠠᠬᠢᠭᠤᠯᠤᠨ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠶ ᠪᠥᠬᠦᠶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠳᠤ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠶᠢ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠡᠭ ᠪᠣᠯᠭᠠᠬᠤ ᠶᠢ ᠪᠡᠶᠡᠯᠡᠭᠦᠯᠦᠨ᠎ᠡ︔ ᠪᠥᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠵᠢᠴᠢ ᠥᠪᠡᠷᠲᠡᠭᠡᠨ ᠵᠠᠰᠠᠬᠤ ᠣᠷᠣᠨ ᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠣᠮᠣ ᠳ᠋ᠠᠶᠢᠲ᠋ᠠ ᠶᠢᠨ ᠲᠠᠪᠴᠠᠩ ᠢ ᠠᠰᠢᠭᠯᠠᠨ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠳ᠋ᠠᠶᠢᠲ᠋ᠠ ᠶᠢᠨ ᠶᠠᠰᠤ ᠴᠢᠨᠠᠷ ᠢ ᠪᠠᠷᠢᠮᠵᠢᠶ᠎ᠠ ᠳᠤ ᠬᠦᠷᠭᠡᠨ᠎ᠡ᠃      4. ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠄ ᠳᠠᠷᠤᠶ ᠭᠤᠣᠯ ᠮᠥᠷᠡᠨ ᠤ ᠳᠠᠷᠤᠭ᠎ᠠ ᠶᠢᠨ ᠳᠦᠷᠢᠮ ᠪᠠ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠲᠣᠪᠴᠢ ᠨᠡᠷᠡᠶᠢᠳᠦᠯ ᠪᠣᠯᠤᠨ᠎ᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠨᠢ ᠳᠠᠷᠤᠶ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠠᠴᠠ ︽ᠭᠤᠣᠯ ᠮᠥᠷᠡᠨ ᠤ ᠳᠠᠷᠤᠭ᠎ᠠ︾ ᠶᠢᠨ ᠲᠤᠰᠢᠶᠠᠯ ᠢ ᠡᠭᠦᠷᠭᠡᠯᠡᠵᠦ᠂ ᠵᠣᠬᠢᠴᠠᠩᠭᠤᠶ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠬᠤ ᠪᠠ ᠬᠠᠮᠠᠭᠠᠯᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠤᠳᠤᠷᠢᠳᠤᠨ᠎ᠠ᠃ ᠨᠠᠭᠤᠷ ᠤᠨ ᠳᠠᠷᠤᠭ᠎ᠠ ᠶᠢᠨ ᠲᠦᠷᠢᠮ ᠭᠡᠳᠡᠭ ᠨᠢ ᠨᠠᠭᠤᠷ ᠲᠣᠭᠤᠷᠢᠮ ᠤᠨ ᠬᠠᠮᠤᠭ ᠤᠨ ᠳᠡᠭᠡᠳᠦ ᠳᠠᠪᠬᠤᠷᠭ᠎ᠠ ᠶᠢᠨ ᠨᠠᠭᠤᠷ ᠤᠨ ᠳᠠᠷᠤᠭ᠎ᠠ ᠠᠴᠠ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠵᠦ᠂ ᠨᠠᠭᠤᠷ ᠲᠣᠭᠤᠷᠢᠮ ᠤᠨ ᠬᠠᠮᠢᠶᠠᠷᠤᠯᠲᠠ ᠬᠠᠮᠠᠭᠠᠯᠠᠯᠲᠠ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠪᠤᠰᠤᠳ ᠡᠯ᠎ᠡ ᠱᠠᠲᠤᠨ ᠤ ᠨᠠᠭᠤᠷ ᠤᠨ ᠳᠠᠷᠤᠭ᠎ᠠ ᠠᠴᠠ ᠨᠠᠭᠤᠷ ᠲᠣᠭᠤᠷᠢᠮ ᠤᠨ ᠲᠤᠰ ᠬᠠᠷᠢᠶ᠎ᠠ ᠣᠷᠣᠨ ᠳᠠᠬᠢ ᠬᠠᠮᠢᠶᠠᠷᠤᠯᠲᠠ ᠬᠠᠮᠠᠭᠠᠯᠠᠯᠲᠠ ᠳᠤ ᠰᠢᠭᠤᠳ ᠬᠠᠷᠢᠭᠤᠴᠠᠯᠭ᠎ᠠ ᠶᠢ ᠡᠭᠦᠷᠭᠡᠯᠡᠵᠦ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠭᠤᠷ ᠲᠣᠭᠤᠷᠢᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠡᠯᠡᠵᠦ ᠪᠠᠶᠢᠨ᠎ᠠ᠃      5. ︽ᠲᠠᠪᠤᠨ ᠥᠩᠭᠡᠲᠦ ᠲᠦᠮᠡᠳ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ᠄ ᠲᠤᠬᠠᠶᠢᠯᠠᠪᠠᠯ ᠴᠠᠭᠠᠨ ᠰᠦ ᠶᠢᠨ ᠦᠢᠯᠡᠰ᠂ ᠪᠣᠬᠢᠷᠲᠤᠯ ᠥᠬᠡᠶ ᠲᠠᠷᠢᠶᠠᠯᠠᠩ᠂ ᠬᠤᠪᠢᠰᠬᠠᠯ ᠤᠨ ᠵᠢᠭᠤᠯᠴᠢᠯᠠᠯ᠂ ᠠᠯᠲᠠᠨ ᠰᠢᠷᠭᠠᠯ ᠬᠥᠳᠡᠭᠡ ᠲᠣᠰᠬᠤᠨ᠂ ᠬᠥᠬᠡ ︵ᠬᠠᠷ᠎ᠠ ᠤᠰᠤ ᠪᠠᠷ ᠲᠥᠯᠥᠭᠡᠯᠡᠭᠦᠯᠦᠭᠰᠡᠨ︶ ᠠᠮᠢ ᠠᠬᠤᠶ ᠵᠡᠷᠭᠡ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠠᠵᠤ ᠦᠢᠯᠡᠰ ᠤᠨ ᠬᠡᠯᠬᠢᠶ᠎ᠡ ᠶᠢᠨ ᠬᠠᠮᠤᠷᠬᠤ ᠬᠡᠪᠴᠢᠶ᠎ᠡ ᠶᠢ ᠤᠷᠲᠤᠳᠬᠠᠵᠤ᠂ ᠬᠥᠳᠡᠭᠡ ᠲᠣᠰᠬᠤᠨ ᠤ ᠭᠤᠷᠪᠠᠨ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠂ ︽ᠪᠦᠳᠦᠭᠦᠯᠢᠭ︾ ᠲᠡᠮᠳᠡᠭᠲᠦ᠂ ︽ᠣᠨᠴᠣᠭᠤᠶ︾ ᠲᠡᠮᠳᠡᠭᠲᠦ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃      6. ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ᠄ ᠲᠤᠬᠠᠶᠢᠯᠠᠪᠠᠯ ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠬᠡᠢ ᠢᠳᠡᠭᠡᠨ᠂ ᠣᠷᠭᠠᠨᠢᠭ ᠢᠳᠡᠭᠡᠨ ︵ᠲᠠᠷᠢᠶᠠᠯᠠᠩ ᠤᠨ ᠪᠦᠲᠦᠭᠡᠭᠳᠡᠬᠦᠨ︶ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ ᠤᠨ ᠶᠡᠷᠦᠩᠬᠡᠶ ᠨᠡᠷᠡᠶᠢᠳᠦᠯ ᠪᠣᠯᠤᠨ᠎ᠠ᠃      7. ᠨᠡᠷᠡᠳᠦ ᠣᠨᠴᠠ ᠰᠢᠯᠢᠳᠡᠭ ᠰᠢᠨ᠄ ︽ᠨᠡᠷ᠎ᠡ︾ ᠭᠡᠳᠡᠭ ᠨᠢ ᠨᠡᠷ᠎ᠡ ᠲᠠᠢ ᠪᠠᠶᠢᠬᠤ ᠶᠢ ᠬᠡᠯᠡᠵᠦ ᠪᠠᠶᠢᠨ᠎ᠠ︔ ︽ᠣᠨᠴᠠᠭᠠᠶ︾ ᠭᠡᠳᠡᠭ ᠨᠢ ᠲᠤᠬᠠᠶ ᠶᠢᠨ ᠭᠠᠵᠠᠷ ᠤᠨ ᠣᠨᠴᠠ ᠭᠠᠷᠤᠯᠲᠠ ᠶᠢ ᠬᠡᠯᠡᠵᠦ ᠪᠠᠶᠢᠨ᠎ᠠ︔ ︽ᠰᠢᠯᠢᠳᠡᠭ︾ ᠭᠡᠳᠡᠭ ᠨᠢ ᠦᠢᠯᠡᠳᠬᠦᠨ ᠤ ᠶᠠᠰᠤ ᠴᠢᠨᠠᠷ ᠨᠢ ᠴᠢᠨᠠᠷ ᠰᠠᠶᠢᠲᠠᠶ᠂ ᠶᠠᠰᠤ ᠴᠢᠨᠠᠷ ᠨᠢ ᠰᠠᠶᠢᠨ︔ ︽ᠰᠢᠨ᠎ᠡ︾ ᠭᠡᠳᠡᠭ ᠨᠢ ᠰᠢᠨ᠎ᠡ ᠰᠣᠷᠭᠤᠭ᠂ ᠣᠨᠴᠠᠯᠢᠭ ᠲᠠᠢ᠂ ᠰᠢᠨ᠎ᠡ ᠲᠧᠭᠨᠢᠭ ᠮᠡᠷᠭᠡᠵᠢᠯ᠂ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠪᠤᠶᠢᠵᠢᠭᠤᠯᠵᠤ ᠭᠠᠷᠭᠠᠭᠰᠠᠨ ᠦᠢᠯᠡᠳᠬᠦᠨ ᠢ ᠬᠡᠯᠡᠵᠦ ᠪᠠᠶᠢᠨ᠎ᠠ᠃      8. ᠵᠣᠷᠯᠣᠩ ᠤᠨ ᠬᠤᠪᠢᠰᠬᠠᠯ᠄ ᠡᠨᠡ ᠨᠢ ᠬᠥᠭᠵᠢᠵᠦ ᠪᠠᠶᠢᠭ᠎ᠠ ᠤᠯᠤᠰ ᠤᠨ ᠵᠣᠷᠯᠣᠩ ᠢ ᠥᠭᠡᠷᠡᠴᠢᠯᠡᠬᠦ‍ ᠨᠢᠭᠡ ᠵᠦᠶ᠋ᠯ ᠤᠨ ᠠᠷᠭ᠎ᠠ ᠬᠡᠮᠵᠢᠶ᠎ᠡ ᠶᠢ ᠵᠢᠭᠠᠵᠤ ᠪᠣᠶ᠂ ᠵᠣᠷᠯᠣᠩ ᠪᠣᠯ ᠪᠣᠯᠪᠠᠰᠤᠨ ᠢ ᠬᠡᠮᠵᠢᠬᠦ ᠴᠢᠬᠤᠯᠠ ᠪᠡᠯᠭᠡ ᠲᠡᠮᠳᠡᠭ ᠮᠥᠨ᠂ ᠵᠣᠷᠯᠣᠩ ᠤᠨ ᠡᠷᠡᠭᠦᠯ ᠬᠠᠮᠠᠭᠠᠯᠠᠯ ᠤᠨ ᠪᠠᠶᠢᠳᠠᠯ ᠢ ᠰᠠᠶᠢᠵᠢᠷᠠᠭᠤᠯᠬᠤ ᠨᠢ ᠡᠲᠡᠭᠡᠷ ᠤᠯᠤᠰ ᠤᠨ ᠠᠷᠠᠳ ᠲᠦᠮᠡᠨ ᠤ ᠡᠷᠡᠭᠦᠯ ᠮᠡᠨᠳᠦ ᠪᠠ ᠣᠷᠴᠢᠨ ᠠᠬᠤᠶ ᠶᠢᠨ ᠪᠠᠶᠢᠳᠠᠯ ᠲᠠᠢ ᠰᠢᠭᠤᠳ ᠬᠤᠯᠪᠣᠭᠳᠠᠨ᠎ᠠ ᠭᠡᠵᠦ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠡᠤᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ ᠬᠠᠮᠤᠭ ᠡᠷᠲᠡ ᠳᠤᠷᠠᠳᠤᠨ ᠭᠠᠷᠭᠠᠵᠠᠶ᠃      9. ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ᠄ ᠲᠤᠬᠠᠶᠢᠯᠠᠪᠠᠯ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠵᠠᠰᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠨ᠎ᠡ᠃      10. ︽ᠳᠥᠷᠪᠡᠨ ᠳᠦᠷᠢᠮ ᠨᠢᠭᠡ ᠮᠥᠩᠭᠦ︾ ᠶᠢᠨ ᠳᠦᠷᠢᠮ᠄ ᠳᠠᠷᠤᠶ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠵᠢᠯ ᠬᠢᠬᠦ ᠨᠢᠭᠡᠴᠢ ᠬᠥᠳᠡᠯᠮᠦᠷᠢ ᠶᠢᠨ ᠭᠡᠷ᠎ᠡ ᠲᠣᠭᠲᠠᠬᠤ᠂ ᠠᠵᠢᠯ ᠳᠤ ᠭᠠᠷᠬᠤ ᠶᠢ ᠳᠠᠩᠰᠠᠯᠠᠬᠤ᠂ ᠬᠥᠯᠥᠰᠥᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠪᠠᠷᠢᠯᠭ᠎ᠠ ᠶᠢᠨ ᠵᠦᠢᠯᠡᠰ ᠤᠨ ᠬᠡᠯᠲᠡᠰ ᠲᠤ ᠬᠥᠳᠡᠯᠮᠦᠷᠢ ᠴᠠᠯᠢᠩ ᠤᠨ ᠬᠠᠮᠢᠶᠠᠷᠤᠭᠴᠢ ᠶᠢ ᠲᠣᠬᠢᠷᠠᠭᠤᠯᠬᠤ ᠲᠦᠷᠢᠮ᠂ ᠬᠥᠯᠥᠰᠥᠨ ᠠᠵᠢᠯᠴᠢᠨ ᠤ ᠴᠠᠯᠢᠩ ᠪᠣᠯᠤᠨ ᠪᠠᠷᠢᠯᠭ᠎ᠠ ᠶᠢᠨ ᠵᠣᠭᠤᠰ ᠢ ᠲᠠᠩᠰᠠ ᠬᠤᠪᠢᠶᠠᠨ ᠬᠠᠮᠢᠶᠠᠷᠬᠤ ᠲᠦᠷᠢᠮ᠂ ᠪᠠᠩᠬᠢ ᠠᠴᠠ ᠬᠥᠯᠥᠰᠥᠨ ᠠᠵᠢᠯᠴᠢᠨ ᠤ ᠴᠠᠯᠢᠩ ᠢ ᠰᠠᠷ᠎ᠠ ᠪᠠᠷ ᠣᠷᠣᠯᠠᠨ ᠲᠠᠷᠬᠠᠭᠠᠬᠤ ᠲᠦᠷᠢᠮ᠂ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠬᠥᠯᠥᠰᠥᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠲᠦᠷᠢᠮ ᠢ ᠨᠠᠶᠢᠳᠠᠪᠤᠷᠢᠵᠢᠭᠤᠯᠵᠤ᠂ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠲᠤᠰᠢᠶᠠᠨ᠎ᠠ᠃      11. ᠲᠤᠮᠤ ᠰᠠᠷᠠᠪᠴᠢᠨ ᠭᠡᠷ᠄ ᠲᠤᠬᠠᠶᠢᠯᠠᠪᠠᠯ ᠵᠠᠷᠢᠮ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ᠂ ᠬᠤᠪᠢ ᠬᠥᠮᠦᠨ ᠵᠢᠴᠢ ᠵᠣᠬᠢᠶᠠᠨ ᠪᠠᠶᠢᠭᠤᠯᠤᠯᠲᠠ ᠲᠠᠷᠢᠶᠠᠯᠠᠩ ᠤᠨ ᠲᠥᠬᠦᠭᠡᠷᠦᠮᠵᠢ ᠪᠤᠶᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠦᠳᠦᠭᠡᠨ ᠪᠠᠶᠢᠭᠤᠯᠬᠤ ᠨᠡᠷ᠎ᠡ ᠪᠠᠷ ᠬᠠᠤᠯᠢ ᠲᠣᠭᠲᠠᠭᠠᠯ ᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠴᠢᠨᠠᠭᠰᠢᠯᠠᠪᠠᠯ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ᠂ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠦᠢᠯᠡ ᠠᠵᠢᠯᠯᠠᠭ᠎ᠠ ᠶᠢ ᠬᠡᠯᠡᠵᠦ ᠪᠠᠶᠢᠨ᠎ᠠ᠃      12. ︽ᠭᠤᠷᠪᠠᠨ ᠵᠦᠢᠯ ᠤᠨ ᠠᠯᠪᠠᠨ ᠤ ᠵᠠᠷᠤᠳᠠᠯ᠄ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠳᠠᠨ ᠤ ᠠᠯᠪᠠᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠵᠠᠷᠤᠳᠠᠯ᠂ ᠠᠯᠪᠠᠨ ᠶᠠᠪᠤᠳᠠᠯ ᠤᠨ ᠲᠡᠷᠭᠡ ᠬᠤᠳᠠᠯᠳᠤᠨ ᠠᠪᠬᠤ ᠪᠠ ᠠᠵᠢᠯᠯᠠᠭᠤᠯᠬᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠵᠠᠷᠤᠳᠠᠯ ᠠᠴᠠ ᠪᠤᠢ ᠪᠣᠯᠤᠭᠰᠠᠨ ᠬᠡᠷᠡᠭᠯᠡᠭᠡ ᠶᠢ ᠵᠢᠭᠠᠵᠤ ᠪᠠᠶᠢᠨ᠎ᠠ᠃      13. ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ᠄ ᠲᠤᠬᠠᠶᠢᠯᠠᠪᠠᠯ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠠᠵᠢᠯ ᠪᠣᠯᠤᠨ᠎ᠠ᠃      14. ︽1351︾ ᠮᠠᠯᠵᠢᠯ ᠤᠨ ᠲᠠᠯᠠᠪᠠᠢ᠄ ᠲᠡᠵᠢᠭᠡᠵᠦ ᠪᠠᠶᠢᠭ᠎ᠠ ᠲᠤᠭ᠎ᠠ ᠲᠣᠯᠣᠭᠠᠶ ᠨᠢ ᠮᠢᠩᠭ᠎ᠠ᠂ ᠭᠤᠷᠪᠠᠨ ᠮᠢᠩᠭ᠎ᠠ᠂ ᠲᠠᠪᠤᠨ ᠮᠢᠩᠭ᠎ᠠ᠂ ᠲᠦᠮᠡᠨ ᠦᠨᠢᠶ᠎ᠡ ᠲᠠᠢ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ᠃      15. ᠪᠥᠬᠦ ᠴᠠᠷᠠᠭᠠᠨ ᠤ ᠵᠢᠭᠤᠯᠴᠢᠯᠠᠯ᠄ ᠥᠭᠡᠷ᠎ᠡ ᠪᠠᠷ ᠬᠡᠯᠡᠪᠡᠯ ᠵᠣᠬᠢᠬᠤ ᠣᠷᠣᠨ ᠤ ᠳᠣᠲᠣᠷ᠎ᠠ᠂ ᠵᠤᠭᠠᠴᠠᠯ ᠤᠨ ᠦᠢᠯᠡᠰ ᠢᠶᠠᠷ ᠳᠠᠪᠠᠭᠤᠯᠢᠭ ᠠᠵᠤ ᠦᠢᠯᠡᠰ ᠢᠶᠠᠨ ᠪᠣᠯᠭᠠᠵᠤ᠂ ᠣᠷᠣᠨ ᠪᠦᠰᠡ ᠶᠢᠨ ᠳᠣᠲᠣᠷᠠᠬᠢ ᠠᠵᠤ ᠠᠬᠤᠶ ᠨᠡᠶᠢᠭᠡᠮ ᠤᠨ ᠡᠬᠢ ᠪᠠᠶᠠᠯᠢᠭ ᠢᠯᠠᠩᠭᠤᠶ᠎ᠠ ᠵᠢᠭᠤᠯᠴᠢᠯᠠᠯ ᠤᠨ ᠡᠬᠢ ᠪᠠᠶᠠᠯᠢᠭ᠂ ᠬᠤᠯᠪᠣᠭᠳᠠᠯ ᠪᠦᠬᠦᠢ ᠠᠵᠤ ᠦᠢᠯᠡᠰ᠂ ᠠᠮᠢ ᠠᠬᠤᠶ ᠶᠢᠨ ᠣᠷᠴᠢᠨ ᠲᠣᠭᠤᠷᠢᠨ᠂ ᠣᠯᠠᠨ ᠨᠡᠶᠢᠲᠡ ᠶᠢᠨ ᠦᠢᠯᠡᠴᠢᠯᠡᠭᠡ᠂ ᠪᠠᠶᠢᠭᠤᠯᠤᠮᠵᠢ ᠲᠣᠭᠲᠠᠴᠠ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠪᠣᠯᠪᠠᠰᠤᠨ ᠬᠡᠪ ᠴᠢᠨᠠᠷ ᠵᠡᠷᠭᠡ ᠶᠢ ᠪᠦᠬᠦ ᠲᠠᠯ᠎ᠠ ᠪᠠᠷ᠂ ᠰᠢᠰᠲ᠋ᠧᠮᠵᠢᠭᠦᠯᠦᠨ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠᠷ ᠳᠠᠮᠵᠢᠭᠤᠯᠤᠨ᠂ ᠣᠷᠣᠨ ᠪᠦᠰᠡ ᠶᠢᠨ ᠡᠬᠢ ᠪᠠᠶᠠᠯᠢᠭ ᠢ ᠣᠷᠭᠠᠨᠢᠭ ᠢᠶᠠᠷ ᠡᠮᠬᠢᠯᠡᠨ ᠨᠡᠶᠢᠯᠡᠭᠦᠯᠬᠦ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠵᠢᠭᠤᠯᠴᠢᠯᠠᠯ ᠤᠨ ᠦᠢᠯᠡᠰ ᠢᠶᠠᠷ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠳᠠᠶᠢᠴᠢᠯᠠᠬᠤ ᠪᠠ ᠠᠬᠢᠭᠤᠯᠬᠤ ᠨᠢᠭᠡ ᠵᠦᠢᠯ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠨᠢᠭᠡ ᠵᠦᠢᠯ ᠤᠨ ᠰᠢᠨ᠎ᠡ ᠣᠶᠢᠯᠠᠭᠠᠭᠳᠠᠬᠤᠨ ᠪᠠ ᠬᠡᠪ ᠵᠠᠭᠪᠤᠷ ᠢ ᠪᠡᠶᠡᠯᠡᠭᠦᠯᠦᠨ᠎ᠡ᠃      16. ᠵᠢᠭᠤᠯᠴᠢᠯᠠᠯ +᠄ ᠵᠢᠭᠤᠯᠴᠢᠯᠠᠯ ᠤᠨ ᠦᠢᠯᠡᠰ ᠤᠨ ᠬᠥᠳᠡᠯᠭᠡᠬᠦ ᠬᠦᠴᠦᠨ᠂ ᠠᠭᠤᠰᠤᠯᠴᠠᠬᠤ ᠴᠢᠳᠠᠪᠤᠷᠢ ᠵᠢᠴᠢ ᠲᠦᠷᠭᠡᠳᠬᠡᠬᠦ᠂ ᠬᠤᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠤᠯᠴᠢᠯᠠᠯ + ᠲᠠᠷᠢᠶᠠᠯᠠᠩ᠂ ᠠᠵᠤ  ᠦᠢᠯᠡᠳᠪᠦᠷᠢ᠂ ᠵᠠᠮ ᠬᠠᠷᠢᠯᠴᠠᠭ᠎ᠠ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠵᠡᠷᠭᠡ ᠶᠢ ᠶᠡᠬᠡᠪᠡᠷ ᠬᠥᠭᠵᠢᠭᠦᠯᠦᠨ᠂ ᠬᠠᠮᠢᠶ᠎ᠠ ᠪᠥᠬᠦᠶ ᠠᠵᠤ ᠦᠢᠯᠡᠰ ᠪᠠ ᠬᠦᠷᠢᠶ᠎ᠡ ᠴᠠᠷᠠᠭ᠎ᠠ ᠶᠢᠨ ᠬᠥᠭᠵᠢᠯᠲᠡ ᠳᠤ ᠵᠢᠭᠤᠯᠴᠢᠯᠠᠯ ᠤᠨ ᠲᠠᠪᠴᠠᠩ ᠬᠠᠩᠭᠠᠵᠤ᠂ ︽ᠵᠢᠭᠤᠯᠴᠢᠯᠠᠯ︾ ᠤᠨ ᠵᠢᠭᠦᠷ ᠤᠷᠭᠤᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠲᠡᠳᠡᠨ ᠤ ᠬᠥᠭᠵᠢᠯᠲᠡ ᠶᠢᠨ ᠬᠢᠷᠢ ᠬᠡᠮᠵᠢᠶ᠎ᠡ ᠪᠠ ᠶᠡᠷᠦᠩᠬᠡᠶᠢᠯᠡᠭᠰᠡᠨ ᠦᠨ᠎ᠡ ᠥᠷᠲᠡᠭ ᠢ ᠳᠡᠭᠡᠭᠰᠢᠯᠡᠭᠦᠯᠬᠦ ᠶᠢ ᠵᠢᠭᠠᠵᠤ ᠪᠣᠶ᠃      17. ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠠᠵᠢᠯᠯᠠᠭ᠎ᠠ᠄ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ᠂ ᠲᠣᠰᠬᠤᠨ ᠤ ᠳᠣᠲᠣᠷᠠᠬᠢ ᠨᠠᠭᠤᠷ ᠤᠨ ᠭᠤᠤ ᠶᠢ ᠴᠡᠪᠡᠷᠯᠡᠬᠦ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠠᠭᠠᠰᠤ ᠪᠣᠬᠢᠷ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠴᠡᠪᠡᠷᠯᠡᠬᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠨᠥᠯᠥᠭᠡᠯᠡᠬᠦ ᠮᠠᠭᠤ ᠳᠠᠳᠬᠠᠯ ᠢ ᠬᠤᠪᠢᠷᠠᠭᠤᠯᠬᠤ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠵᠢᠭᠠᠵᠤ ᠪᠠᠶᠢᠨ᠎ᠠ᠃      18. ᠬᠤᠶᠠᠷ ᠭᠤᠣᠯ ᠬᠤᠶᠠᠷ ᠭᠤᠤ᠄ ᠳᠠᠷᠤᠶ ᠳ᠋ᠠ ᠡᠾᠸᠢ ᠾᠧ ᠭᠤᠣᠯ᠂ ᠪᠠᠭ᠎ᠠ ᠡᠾᠸᠢ ᠾᠧ ᠭᠤᠣᠯ᠂ ᠪᠠᠶ ᠱᠢ ᠳᠧᠦ ᠭᠤᠤ᠂ ᠾᠦᠤᠤ ᠵᠠᠶ ᠭᠧᠤ ᠶᠢ ᠬᠡᠯᠡᠵᠦ ᠪᠠᠶᠢᠨ᠎ᠠ᠃ ᠬᠤᠶᠠᠷ ᠭᠤᠣᠯ ᠬᠤᠶᠠᠷ ᠭᠤᠤ᠄ ᠲᠤᠬᠠᠶᠢᠯᠠᠪᠠᠯ ᠳ᠋ᠠ ᠡᠾᠸᠢ ᠾᠧ ᠭᠤᠣᠯ᠂ ᠪᠠᠭ᠎ᠠ ᠡᠾᠸᠢ ᠾᠧ ᠭᠤᠣᠯ᠂ ᠪᠠᠶ ᠱᠢ ᠳᠧᠦ ᠭᠤᠤ᠂ ᠾᠦᠤᠤ ᠵᠠᠶ ᠭᠧᠤ ᠶᠢ ᠬᠡᠯᠡᠵᠦ ᠪᠠᠶᠢᠨ᠎ᠠ᠃      19. ᠨᠢᠭᠡ ᠲᠠᠯᠠᠢ ᠶᠢᠨ ᠲᠦᠷᠪᠡᠨ ᠬᠥᠮᠥᠷᠭᠡ᠄ ᠲᠤᠬᠠᠶᠢᠯᠠᠪᠠᠯ ᠬᠠᠷ᠎ᠠ ᠤᠰᠤ᠂ ᠬᠠᠶ ᠯᠢᠦ ᠤᠰᠤᠨ ᠴᠥᠭᠦᠷᠥᠮ᠂ ᠸᠠᠨ ᠵᠢᠶᠠ ᠭᠧᠤ ᠤᠰᠤᠨ ᠴᠥᠭᠦᠷᠥᠮ᠂ ᠤᠯᠠᠭᠠᠨ ᠪᠦᠴᠡᠳᠡᠨ ᠤ ᠤᠰᠤᠨ ᠴᠥᠭᠦᠷᠥᠮ᠂ ᠡᠦ ᠢ ᠤᠰᠤᠨ ᠴᠥᠭᠦᠷᠥᠮ ᠢ ᠬᠡᠯᠡᠵᠦ ᠪᠠᠶᠢᠨ᠎ᠠ᠃ ᠡᠨᠡ ᠨᠢ ᠳᠠᠷᠤᠶ ᠬᠠᠷ᠎ᠠ ᠤᠰᠤ᠂ ᠬᠠᠶ ᠯᠢᠦ ᠤᠰᠤᠨ ᠴᠥᠭᠦᠷᠥᠮ᠂ ᠸᠠᠨ ᠵᠢᠶᠠ ᠭᠧᠤ ᠤᠰᠤᠨ ᠴᠥᠭᠦᠷᠥᠮ᠂ ᠤᠯᠠᠭᠠᠨ ᠪᠦᠴᠡᠳᠡᠨ ᠤ ᠤᠰᠤᠨ ᠴᠥᠭᠦᠷᠥᠮ᠂ ᠡᠦ ᠢ ᠤᠰᠤᠨ ᠴᠥᠭᠦᠷᠥᠮ ᠢ ᠬᠡᠯᠡᠵᠦ ᠪᠠᠶᠢᠨ᠎ᠠ᠃      20. ᠭᠤᠷᠪᠠᠨ ᠵᠤᠷᠪᠤᠰ ᠤᠯᠠᠭᠠᠨ ᠱᠤᠭᠤᠮ᠄ ᠲᠤᠬᠠᠶᠢᠯᠠᠪᠠᠯ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠤᠯᠠᠭᠠᠨ ᠱᠤᠭᠤᠮ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠱᠤᠭᠤᠮ ᠤᠨ ᠤᠯᠠᠭᠠᠨ ᠱᠤᠭᠤᠮ ᠪᠣᠯᠤᠨ᠎ᠠ᠃      21. ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠨ᠎ᠠ᠄ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠤ ᠪᠠᠶᠢᠴᠠᠭᠠᠭᠳᠠᠬᠤ ᠡᠲᠡᠭᠡᠳ ᠢ ᠲᠠᠰᠢᠷᠠᠮ ᠳᠠᠭᠠᠤ ᠰᠣᠩᠭᠤᠨ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠠᠰᠢᠷᠠᠮ ᠳᠠᠭᠠᠤ ᠰᠣᠩᠭᠤᠨ ᠲᠣᠮᠢᠯᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠶ᠋ᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠨ᠎ᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号