︹  ᠵᠢᠵᠢᠭ ᠮᠡᠳᠡᠯᠭᠡ ︺ ᠠᠵᠢᠯ ᠤᠨ ᠲᠠᠯᠠᠪᠤᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠬᠡᠷᠬᠢᠨ ᠰᠡᠷᠭᠡᠶᠢᠯᠡᠨ ᠡᠵᠡᠮᠳᠡᠬᠦ ᠪᠣᠶ︖
ᠨᠡᠶᠢᠲᠡᠯᠡᠭᠰᠡᠨ ᠴᠠᠭ᠄
2020/12/2
     ᠠᠰᠠᠭᠤᠯᠲᠠ᠄ ᠳᠠᠮᠵᠢᠭᠤᠯᠤᠨ ᠦᠵᠡᠭᠦᠯᠬᠦ ᠪᠢᠴᠢᠭ ᠮᠠᠲ᠋ᠧᠷᠢᠶᠠᠯ ᠢ ᠬᠡᠷᠬᠢᠨ ᠬᠢᠬᠦ ᠪᠣᠶ︖      ᠬᠠᠷᠢᠭᠤᠯᠲᠠ᠄ ᠴᠠᠭᠠᠰᠤᠨ ᠮᠠᠲ᠋ᠧᠷᠢᠶᠠᠯ ᠳᠠᠮᠵᠢᠭᠤᠯᠬᠤ ᠳᠤ ᠡᠮᠦᠨ᠎ᠡ ᠬᠤᠶᠢᠨ᠎ᠠ ᠭᠠᠷ ᠢᠶᠠᠨ ᠤᠬᠢᠶᠠᠵᠤ᠂ ᠪᠢᠴᠢᠭ ᠮᠠᠲ᠋ᠧᠷᠢᠶᠠᠯ ᠢ ᠳᠠᠮᠵᠢᠭᠤᠯᠤᠨ ᠤᠩᠰᠢᠬᠤ ᠳᠤ ᠠᠮᠠᠪᠴᠢ ᠵᠡᠭᠦᠬᠦ ᠬᠡᠷᠡᠭᠲᠡᠶ᠃      ᠠᠰᠠᠭᠤᠯᠲᠠ᠄ ᠠᠷᠤ ᠲᠠᠯ᠎ᠠ ᠶᠢᠨ ᠠᠵᠢᠯᠲᠠᠨ ᠬᠡᠷᠬᠢᠨ ᠬᠢᠬᠦ ᠪᠣᠶ︖      ᠬᠠᠷᠢᠭᠤᠯᠲᠠ᠄ ᠦᠢᠯᠡᠴᠢᠯᠡᠭᠴᠢ᠂ ᠠᠮᠤᠷ ᠢ ᠬᠠᠮᠠᠭᠠᠯᠠᠭᠴᠢ᠂ ᠠᠷᠢᠭᠤᠨ ᠴᠡᠪᠡᠷᠯᠡᠭᠴᠢ ᠡᠷᠬᠡᠪᠰᠢ ᠠᠮᠠᠪᠴᠢ ᠵᠡᠭᠦᠬᠦ ᠬᠡᠷᠡᠭᠲᠡᠶ᠂ ᠲᠡᠭᠡᠬᠦ ᠮᠥᠷᠲᠡᠭᠡᠨ ᠬᠥᠮᠦᠨ ᠲᠠᠢ ᠠᠮᠤᠷ ᠲᠦᠪᠰᠢᠨ ᠤ ᠵᠠᠶ ᠲᠠᠢ ᠪᠠᠶᠢᠬᠤ ᠬᠡᠷᠡᠭᠲᠡᠶ᠃ ᠬᠤᠭᠤᠯᠠᠨ ᠭᠡᠷ ᠤᠨ ᠬᠤᠳᠠᠯᠳᠤᠨ ᠠᠪᠬᠤ ᠬᠥᠮᠦᠰ ᠪᠤᠶᠤ ᠪᠠᠷᠠᠭ᠎ᠠ ᠬᠠᠩᠭᠠᠬᠤ ᠬᠥᠮᠦᠰ ᠡᠷᠬᠡᠪᠰᠢ ᠠᠮᠠᠪᠴᠢ ᠪᠠ ᠨᠢᠭᠡ ᠯᠡ ᠤᠳᠠᠭ᠎ᠠ ᠶᠢᠨ ᠴᠢᠨᠠᠷᠲᠠᠶ ᠭᠤᠮ ᠪᠡᠭᠡᠯᠡᠶ ᠵᠡᠭᠦᠬᠦ ᠬᠡᠷᠡᠭᠲᠡᠶ᠂ ᠢᠳᠡᠰᠢᠨ ᠤ ᠵᠢᠭᠦᠷᠲᠡᠨ ᠤ ᠲᠦᠭᠦᠬᠡᠶ ᠮᠠᠲ᠋ᠧᠷᠢᠶᠠᠯ ᠳᠤ ᠰᠢᠭᠤᠳ ᠭᠠᠷ ᠬᠦᠷᠦᠯᠴᠡᠬᠦ ᠠᠴᠠ ᠵᠠᠶᠢᠯᠠᠰᠬᠢᠵᠦ᠂ ᠪᠡᠭᠡᠯᠡᠶ ᠪᠠᠨ ᠠᠪᠤᠭᠰᠠᠨ ᠤ ᠳᠠᠷᠠᠭ᠎ᠠ ᠳᠠᠷᠦ᠋ᠢᠬᠠᠨ ᠭᠠᠷ ᠢᠶᠠᠨ ᠤᠬᠢᠶᠠᠵᠤ ᠠᠷᠢᠭᠤᠳᠬᠠᠬᠤ ᠬᠡᠷᠡᠭᠲᠡᠶ᠃ ᠴᠡᠪᠡᠷᠯᠡᠭᠴᠢ ᠠᠵᠢᠯᠯᠠᠬᠤ ᠳᠠᠭᠠᠨ ᠡᠷᠬᠡᠪᠰᠢ ᠨᠢᠭᠡ ᠯᠡ ᠤᠳᠠᠭ᠎ᠠ ᠬᠡᠷᠡᠭᠯᠡᠳᠡᠭ ᠭᠤᠮ ᠪᠡᠭᠡᠯᠡᠶ ᠵᠡᠭᠦᠵᠦ᠂ ᠠᠵᠢᠯ ᠳᠠᠭᠤᠰᠤᠭᠰᠠᠨ ᠤ ᠳᠠᠷᠠᠭ᠎ᠠ ᠭᠠᠷ ᠢᠶᠠᠨ ᠤᠬᠢᠶᠠᠵᠤ ᠠᠷᠢᠭᠤᠳᠬᠠᠬᠤ ᠬᠡᠷᠡᠭᠲᠡᠶ᠃ ᠠᠮᠤᠷ ᠢ ᠬᠠᠮᠠᠭᠠᠯᠠᠬᠤ ᠠᠵᠢᠯᠲᠠᠨ ᠡᠷᠬᠡᠪᠰᠢ ᠠᠮᠠᠪᠴᠢ ᠵᠡᠭᠦᠬᠦ ᠬᠡᠷᠡᠭᠲᠡᠶ᠂ ᠡᠭᠦᠨ ᠤ ᠬᠠᠮᠲᠤ ᠭᠠᠳᠠᠨ᠎ᠠ ᠠᠴᠠ ᠢᠷᠡᠭᠰᠡᠨ ᠬᠥᠮᠦᠰ ᠤᠨ ᠪᠠᠶᠢᠳᠠᠯ ᠢ ᠨᠠᠷᠢᠨ ᠬᠢᠨᠠᠮᠠᠭᠠᠶ ᠯᠠᠪᠯᠠᠨ ᠠᠰᠠᠭᠤᠬᠤ ᠪᠠ ᠳᠠᠩᠰᠠᠯᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ᠠᠰᠠᠭᠤᠯᠲᠠ᠄ ᠠᠯᠪᠠᠨ ᠶᠠᠪᠤᠳᠠᠯ ᠤᠨ ᠰᠤᠷᠪᠤᠯᠵᠢᠯᠠᠭ᠎ᠠ ᠶᠢ ᠬᠡᠷᠬᠢᠨ ᠬᠢᠬᠦ ᠪᠣᠶ︖      ᠬᠠᠷᠢᠭᠤᠯᠲᠠ᠄ ᠠᠮᠠᠪᠴᠢ ᠵᠡᠭᠦᠬᠦ ᠬᠡᠷᠡᠭᠲᠡᠢ᠃ ᠠᠯᠪᠠᠨ ᠠᠰᠠᠷ ᠲᠤ ᠣᠷᠣᠬᠤ ᠠᠴᠠ ᠡᠮᠦᠨ᠎ᠡ ᠤᠷᠢᠳ ᠢᠶᠠᠷ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠨ᠎ᠡ᠃ ᠲᠠᠬᠢᠭᠠᠳ ᠬᠤᠪᠧᠶ ᠳᠤ ᠣᠷᠣᠰᠢᠨ ᠰᠠᠭᠤᠭᠰᠠᠨ ᠲᠡᠤᠬᠡ ᠪᠠᠶᠢᠬᠤ ᠡᠰᠡᠬᠦ᠂ ᠲᠤᠬᠠᠶ ᠶᠢᠨ ᠭᠠᠵᠠᠷ ᠤᠨ ᠬᠥᠮᠦᠰ ᠲᠠᠢ ᠣᠶᠢᠷᠠᠲᠤᠭᠰᠠᠨ ᠡᠰᠡᠬᠦ᠂ ᠬᠠᠯᠠᠭᠤᠷᠠᠬᠤ᠂ ᠬᠠᠨᠢᠶᠠᠬᠤ᠂ ᠠᠮᠢᠰᠬᠤᠯ ᠪᠥᠭᠯᠡᠷᠡᠬᠦ ᠵᠡᠷᠭᠡ ᠡᠪᠡᠳᠴᠢᠨ ᠤ ᠪᠠᠶᠢᠳᠠᠯ ᠪᠠᠶᠢᠬᠤ ᠡᠰᠡᠬᠦ ᠶᠢ ᠲᠠᠨᠢᠯᠴᠠᠭᠤᠯᠤᠨ᠎ᠠ᠃ ᠳᠡᠭᠡᠷ᠎ᠡ ᠳᠤᠷᠠᠳᠤᠭᠰᠠᠨ ᠪᠠᠢᠳᠠᠯ ᠦᠭᠡᠢ᠂ ᠲᠡᠷᠡ ᠮᠥᠷᠲᠡᠭᠡᠨ ᠪᠡᠶ᠎ᠡ ᠶᠢᠨ ᠳᠤᠯᠠᠭᠠᠨ ᠨᠢ 37.2 ᠤᠨ ᠬᠡᠪ ᠤᠨ ᠨᠥᠬᠦᠴᠡᠯ ᠳᠣᠣᠷ᠎ᠠ ᠰᠠᠶ᠋ᠢ ᠠᠰᠠᠷ ᠲᠤ ᠣᠷᠣᠵᠤ ᠠᠵᠢᠯᠯᠠᠵᠤ ᠪᠣᠯᠤᠨ᠎ᠠ᠃      ᠠᠰᠠᠭᠤᠭᠰᠠᠨ ᠨᠢ᠄ ᠬᠤᠭᠤᠯᠠᠨ ᠭᠡᠷ ᠤᠨ ᠬᠤᠭᠤᠯᠠ ᠶᠢ ᠬᠡᠷᠬᠢᠨ ᠬᠢᠬᠦ ᠪᠤᠢ︖      ᠬᠠᠷᠢᠭᠤᠯᠲᠠ᠄ ᠬᠤᠪᠢᠶᠠᠨ ᠬᠤᠭᠤᠯᠠ ᠢᠳᠡᠵᠦ᠂ ᠬᠥᠮᠦᠨ ᠣᠯᠠᠨ ᠴᠤᠭᠯᠠᠷᠠᠬᠤ ᠠᠴᠠ ᠵᠠᠶᠢᠯᠠᠰᠬᠢᠨ᠎ᠡ᠃ ᠬᠤᠭᠤᠯᠠᠨ ᠭᠡᠷ ᠡᠳᠦᠷ ᠪᠦᠷᠢ ᠨᠢᠭᠡ ᠤᠳᠠᠭ᠎ᠠ ᠠᠷᠢᠭᠤᠳᠬᠠᠵᠤ᠂ ᠬᠤᠭᠤᠯᠠᠨ ᠰᠢᠷᠡᠭᠡ ᠰᠠᠨᠳᠠᠯᠢ ᠶᠢ ᠬᠡᠷᠡᠭᠯᠡᠭᠰᠡᠨ ᠤ ᠳᠠᠷᠠᠭ᠎ᠠ ᠠᠷᠢᠭᠤᠳᠬᠠᠨ᠎ᠠ᠃ ᠬᠤᠭᠤᠯᠠᠨ ᠤ ᠬᠡᠷᠡᠭᠰᠡᠯ ᠢ ᠡᠷᠬᠡᠪᠰᠢ ᠥᠨᠳᠥᠷ ᠳᠤᠯᠠᠭᠠᠨ ᠢᠶᠠᠷ ᠠᠷᠢᠭᠤᠳᠬᠠᠬᠤ ᠬᠡᠷᠡᠭᠲᠡᠶ ᠃ ᠠᠵᠢᠯᠯᠠᠬᠤ ᠳᠤᠮᠳᠠ ᠪᠠᠨ ᠠᠷᠢᠭᠤᠨ ᠴᠡᠪᠡᠷ ᠬᠠᠭᠤᠷᠠᠶ ᠪᠠᠶᠢᠬᠤ ᠶᠢ ᠪᠠᠲᠤᠯᠠᠬᠤ ᠬᠡᠷᠡᠭᠲᠡᠶ᠃ ᠲᠦᠭᠦᠬᠡᠶ ᠢᠳᠡᠭᠡᠨ ᠪᠠ ᠪᠤᠯᠭᠤᠭᠰᠠᠨ ᠢᠳᠡᠭᠡᠨ ᠤ ᠬᠡᠷᠡᠭᠰᠡᠯ ᠢ ᠬᠤᠯᠢᠵᠤ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠮᠢᠬᠠᠨ ᠤ ᠲᠥᠷᠦᠯ ᠢ ᠲᠦᠭᠦᠬᠡᠶ ᠪᠠᠷ ᠢᠳᠡᠬᠦ ᠠᠴᠠ ᠵᠠᠶᠢᠯᠠᠰᠬᠢᠬᠦ ᠬᠡᠷᠡᠭᠲᠡᠶ᠃ ᠰᠢᠮ᠎ᠡ ᠲᠡᠵᠢᠭᠡᠯ ᠲᠠᠢ ᠬᠤᠭᠤᠯᠠ ᠬᠢᠵᠦ᠂ ᠰᠢᠩᠭᠡᠨ ᠪᠤᠳᠠᠭ᠎ᠠ ᠢᠳᠡᠬᠦ ᠳᠤ ᠲᠣᠬᠢᠷᠠᠨ᠎ᠠ᠃      ᠠᠰᠠᠭᠤᠯᠲᠠ᠄ ᠠᠯᠪᠠᠨ ᠶᠠᠪᠤᠳᠠᠯ ᠤᠨ ᠬᠤᠳᠠᠯᠳᠤᠨ ᠠᠪᠬᠤ ᠠᠵᠢᠯ ᠢ ᠬᠡᠷᠬᠢᠨ ᠬᠢᠬᠦ ᠪᠣᠶ︖      ᠬᠠᠷᠢᠭᠤᠯᠲᠠ᠄ ᠠᠮᠠᠪᠴᠢ ᠵᠡᠭᠦᠭᠡᠳ ᠭᠠᠳᠠᠭᠰᠢ ᠭᠠᠷᠴᠤ᠂ ᠣᠯᠠᠨ ᠬᠦᠮᠦᠨ ᠠᠴᠠ ᠵᠠᠶᠢᠯᠠᠬᠤ ᠬᠡᠷᠡᠭᠲᠡᠶ᠃ ᠬᠥᠮᠦᠨ ᠲᠠᠢ ᠬᠠᠷᠢᠯᠴᠠᠬᠤ ᠳᠠᠭᠠᠨ 1 ᠮᠧᠲᠷ ᠠᠴᠠ ᠳᠡᠭᠡᠭᠰᠢ ᠵᠠᠶ ᠲᠠᠢ ᠪᠠᠶᠢᠵᠤ᠂ ᠣᠯᠠᠨ ᠨᠡᠶᠢᠲᠡ ᠶᠢᠨ ᠲᠠᠯᠠᠪᠤᠷ ᠲᠤ ᠣᠷᠳᠣ ᠬᠤᠭᠤᠴᠠᠭ᠎ᠠ ᠪᠠᠷ ᠰᠠᠭᠠᠲᠠᠬᠤ ᠥᠬᠡᠶ ᠪᠠᠶᠢᠬᠤ ᠬᠡᠷᠡᠭᠲᠡᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号