︹  ᠵᠢᠵᠢᠭ ᠮᠡᠳᠡᠯᠭᠡ ︺ ᠠᠮᠠᠪᠴᠢ ᠶᠢ ᠬᠡᠷᠬᠢᠨ ᠵᠦᠶ ᠵᠣᠬᠢᠰᠲᠠᠶ ᠬᠡᠷᠡᠭᠯᠡᠬᠦ ᠪᠣᠶ︖
ᠨᠡᠶᠢᠲᠡᠯᠡᠭᠰᠡᠨ ᠴᠠᠭ᠄
2020/12/3
     ᠠᠰᠠᠭᠤᠯᠲᠠ᠄ ᠠᠮᠠᠪᠴᠢ ᠵᠡᠭᠦᠬᠦ ᠪᠣᠯ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠢᠷᠦ᠋ᠰ ᠢ ᠡᠰᠡᠷᠭᠦᠴᠡᠬᠦ ᠦᠨᠳᠦᠰᠦᠨ ᠠᠷᠭ᠎ᠠ ᠪᠠᠷᠢᠯ ᠮᠥᠨ᠂ ᠮᠠᠨ ᠤ ᠭᠠᠷ ᠲᠠᠬᠢ ᠲᠤᠭ᠎ᠠ ᠬᠡᠮᠵᠢᠶ᠎ᠡ ᠬᠢᠵᠠᠭᠠᠷᠲᠠᠶ ᠠᠮᠠᠪᠴᠢ ᠶᠢ ᠬᠡᠷᠬᠢᠨ ᠰᠠᠶᠢᠲᠤᠷ ᠬᠡᠷᠡᠭᠯᠡᠬᠦ ᠪᠣᠶ᠂ ᠬᠡᠷᠬᠢᠨ ᠲᠡᠳᠡᠨ ᠤ ᠬᠡᠷᠡᠭᠯᠡᠬᠦ ᠠᠮᠢ ᠨᠠᠰᠤ ᠶᠢ ᠤᠷᠲᠤᠳᠬᠠᠵᠤ ᠴᠢᠳᠠᠬᠤ ᠪᠣᠶ᠃ ᠪᠠᠰᠠ ᠠᠮᠤᠷ ᠲᠦᠪᠰᠢᠨ ᠪᠦᠲᠦᠮᠵᠢᠲᠡᠶ ᠪᠢᠳᠡᠨ ᠤ ᠡᠷᠡᠭᠦᠯ ᠮᠡᠨᠳᠦ ᠶᠢ ᠬᠠᠮᠠᠭᠠᠯᠠᠵᠤ ᠴᠢᠳᠠᠨ᠎ᠠ ᠦᠦ︖      ᠬᠠᠷᠢᠭᠤᠯᠲᠠ᠄ ᠠᠮᠠᠪᠴᠢ ᠵᠡᠭᠦᠬᠦ ᠡᠰᠡᠬᠦ᠂ ᠶᠠᠮᠠᠷ ᠶᠠᠩᠵᠤ ᠶᠢᠨ ᠠᠮᠠᠪᠴᠢ ᠵᠡᠭᠦᠬᠦ ᠶᠢ ᠥᠪᠡᠷ ᠤᠨ ᠣᠷᠣᠰᠢᠵᠤ ᠪᠠᠶᠢᠭ᠎ᠠ ᠣᠷᠴᠢᠨ ᠲᠣᠭᠤᠷᠢᠨ ᠢᠶᠠᠨ ᠦᠨᠳᠦᠰᠦᠯᠡᠨ ᠲᠣᠭᠲᠠᠭᠠᠨ᠎ᠠ᠃      1. ᠬᠡᠷᠪᠡ ᠭᠠᠭᠴᠠᠭᠠᠷ ᠪᠠᠶᠢᠵᠤ᠂ ᠭᠠᠳᠠᠨᠠᠬᠢ ᠬᠥᠮᠦᠨ ᠲᠠᠢ ᠨᠢᠭᠲᠠ ᠬᠠᠷᠢᠯᠴᠠᠬᠤ ᠥᠬᠡᠶ ᠪᠣᠯ ᠠᠮᠠᠪᠴᠢ ᠵᠡᠭᠦᠬᠦ ᠦᠭᠡᠢ ᠪᠠᠶᠢᠵᠤ ᠪᠣᠯᠤᠨ᠎ᠠ︔ ᠭᠡᠷ ᠬᠤᠲᠠᠯᠠᠭᠠᠷ ᠢᠶᠠᠨ ᠡᠷᠡᠭᠦᠯ ᠡᠩᠬᠡ ᠪᠠᠷ ᠰᠠᠭᠤᠵᠤ ᠬᠤᠪᠢ ᠶᠢᠨ ᠲᠡᠷᠭᠡᠨ ᠳᠡᠭᠡᠷ᠎ᠡ ᠠᠮᠠᠪᠴᠢ ᠵᠡᠭᠦᠬᠦ ᠦᠭᠡᠢ ᠪᠠᠶᠢᠵᠤ ᠪᠣᠯᠤᠨ᠎ᠠ᠃      2. ᠬᠡᠷᠪᠡ ᠣᠷᠣᠵᠤ ᠭᠠᠷᠬᠤ ᠬᠥᠮᠦᠰ ᠣᠯᠠᠨ ᠴᠤᠭᠯᠠᠷᠠᠬᠤ ᠭᠠᠵᠠᠷ᠂ ᠵᠢᠱᠢᠶᠡᠯᠡᠪᠡᠯ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠬᠡᠲᠦ ᠳᠡᠯᠭᠡᠭᠦᠷ ᠠᠴᠠ ᠪᠠᠷᠠᠭ᠎ᠠ ᠬᠤᠳᠠᠯᠳᠤᠨ ᠠᠪᠬᠤ᠂ ᠴᠠᠬᠢᠯᠭᠠᠨ ᠱᠠᠲᠤᠨ ᠳᠤ ᠰᠠᠭᠤᠬᠤ ᠂ ᠪᠢᠲᠡᠭᠦᠮᠵᠢᠯᠡᠨ ᠠᠵᠢᠯᠯᠠᠬᠤ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠰᠠᠭᠤᠵᠤ ᠡᠩ ᠤᠨ ᠡᠮᠨᠡᠯᠭᠡ ᠶᠢᠨ ᠬᠡᠷᠡᠭᠯᠡᠭᠡᠨ ᠤ ᠠᠮᠠᠪᠴᠢ ᠵᠡᠭᠦᠵᠦ ᠪᠣᠯᠤᠨ᠎ᠠ᠃ ᠭᠡᠷ ᠲᠡᠭᠡᠨ ᠬᠠᠷᠢᠭᠰᠠᠨ ᠤ ᠳᠠᠷᠠᠭ᠎ᠠ᠂ ᠠᠮᠠᠪᠴᠢ ᠶᠢ ᠴᠡᠪᠡᠷᠬᠡᠨ᠂ ᠬᠠᠭᠤᠷᠠᠶ ᠰᠠᠯᠬᠢ ᠨᠡᠪᠲᠡᠷᠡᠬᠦ ᠣᠷᠴᠢᠨ ᠲᠣᠭᠤᠷᠢᠨ ᠳᠤ ᠲᠠᠯᠪᠢᠪᠠᠯ ᠠᠶᠠᠨᠳᠠᠭᠠᠨ ᠬᠠᠲᠠᠭᠠᠭᠳᠠᠭ᠃ ᠪᠠᠰᠠ ᠳᠠᠪᠲᠠᠨ ᠬᠡᠷᠡᠭᠯᠡᠵᠦ ᠪᠣᠯᠤᠨ᠎ᠠ᠃      3. ᠬᠥᠮᠦᠨ ᠣᠯᠠᠨ ᠴᠤᠭᠯᠠᠷᠠᠬᠤ ᠲᠠᠯᠠᠪᠤᠷ ᠤᠨ ᠠᠵᠢᠯᠲᠠᠨ᠂ ᠬᠢᠵᠢᠭ ᠤᠨ ᠪᠠᠢᠳᠠᠯ ᠲᠠᠢ ᠬᠤᠯᠪᠣᠭᠳᠠᠬᠤ ᠵᠠᠰᠠᠭ ᠵᠠᠬᠢᠷᠭᠠᠨ ᠤ ᠬᠠᠮᠢᠶᠠᠷᠤᠭᠴᠢ ᠳᠤ᠂ ᠵᠢᠱᠢᠶᠡᠯᠡᠪᠡᠯ ᠴᠠᠭᠳᠠᠭ᠎ᠠ᠂ ᠠᠮᠤᠷ ᠢ ᠬᠠᠮᠠᠭᠠᠯᠠᠬᠤ᠂ ᠲᠦᠷᠭᠡᠨ ᠬᠦᠷᠭᠡᠭᠴᠢ ᠵᠡᠷᠭᠡ᠃ ᠪᠠᠰᠠ ᠡᠩ ᠤᠨ ᠡᠭᠦᠳᠡᠨ ᠡᠮᠨᠡᠯᠭᠡ᠂ ᠡᠪᠡᠳᠴᠢᠲᠡᠨ ᠤ ᠥᠷᠥᠭᠡᠨ ᠤ ᠡᠮᠴᠢ ᠰᠤᠪᠢᠯᠠᠭᠴᠢᠳ᠂ ᠭᠡᠷ ᠲᠤᠨᠢ ᠲᠤᠰᠠᠭᠠᠷᠯᠠᠬᠤ ᠬᠥᠮᠦᠰ ᠵᠢᠴᠢ ᠲᠡᠭᠦᠨ ᠤ ᠭᠡᠷ ᠤᠨ ᠬᠥᠮᠦᠰ᠂ ᠡᠮᠨᠡᠯᠭᠡ ᠳᠤ ᠬᠡᠷᠡᠭᠯᠡᠬᠦ ᠠᠮᠠᠪᠴᠢ ᠵᠡᠭᠦᠬᠦ ᠶᠢ ᠰᠠᠨᠠᠭᠤᠯᠤᠶ᠎ᠠ᠃ ᠡᠨᠡ ᠦᠶ᠎ᠡ ᠳᠤ ᠪᠣᠳᠠᠲᠤ ᠪᠠᠶᠢᠳᠠᠯ ᠢ ᠦᠨᠳᠦᠰᠦᠯᠡᠵᠦ ᠪᠣᠯᠤᠨ᠎ᠠ᠃ ᠠᠮᠠᠪᠴᠢ ᠶᠢᠨ ᠬᠡᠷᠡᠭᠯᠡᠬᠦ ᠴᠠᠭ ᠤᠨ ᠣᠷᠳᠣ ᠪᠠ ᠳᠠᠪᠲᠠᠮᠵᠢ ᠰᠣᠯᠢᠬᠤ ᠴᠠᠭ ᠢ ᠤᠷᠲᠤᠳᠬᠠᠨ᠎ᠠ᠂ ᠭᠡᠪᠡᠴᠦ ᠠᠮᠠᠪᠴᠢ ᠨᠢ ᠡᠪᠳᠡᠷᠡᠬᠦ᠂ ᠪᠢᠲᠡᠭᠦᠮᠵᠢᠯᠡᠬᠦ ᠴᠢᠨᠠᠷᠲᠠᠶ ᠬᠤᠪᠢᠷᠬᠠᠤ ᠵᠥᠷᠢᠶ᠎ᠡ ᠭᠠᠷᠪᠠᠯ᠂ ᠡᠰᠡᠬᠦᠯ᠎ᠡ ᠠᠮᠢᠰᠬᠤᠯ ᠤᠨ ᠰᠠᠭᠠᠲᠠᠭᠤᠯᠬᠤ ᠬᠦᠴᠦ ᠶᠡᠬᠡᠰᠪᠡᠯ ᠡᠷᠬᠡᠪᠰᠢ ᠰᠣᠯᠢᠬᠤ ᠬᠡᠷᠡᠭᠲᠡᠢ᠃      4. ᠮᠠᠨ ᠤ ᠦᠷᠭᠦᠯᠵᠢ ᠬᠡᠯᠡᠳᠡᠭ N95 ᠵᠡᠷᠭᠡ ᠡᠮᠨᠡᠯᠭᠡ ᠶᠢᠨ ᠬᠠᠮᠠᠭᠠᠯᠠᠯᠲᠠ ᠶᠢᠨ ᠠᠮᠠᠪᠴᠢ᠂ ᠡᠷᠡᠭᠦᠯ ᠴᠢᠭᠢᠷᠠᠭ ᠬᠥᠮᠦᠨ ᠤ ᠡᠳᠦᠷ ᠲᠤᠳᠤᠮ ᠤᠨ ᠪᠠᠶᠢᠳᠠᠯ ᠳᠣᠤᠷ᠎ᠠ ᠬᠡᠷᠡᠭ ᠦᠭᠡᠢ ᠶᠤᠮ᠃ ᠭᠡᠪᠡᠴᠦ ᠦᠷᠭᠦᠯᠵᠢ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠲᠠᠢ ᠨᠢᠭᠲᠠ ᠬᠦᠷᠦᠯᠴᠡᠬᠦ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢ ᠳᠤ᠂ ᠬᠠᠷᠢᠨ ᠡᠷᠬᠡᠪᠰᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠮᠠᠨ ᠤ ᠤᠯᠤᠰ ᠠᠴᠠ ᠣᠳᠣᠬᠠᠨ ᠳᠤ ᠡᠮᠨᠡᠯᠭᠡ ᠶᠢᠨ ᠬᠠᠮᠠᠭᠠᠯᠠᠯᠲᠠ ᠶᠢᠨ ᠠᠮᠠᠪᠴᠢ ᠶᠢᠨ ᠦᠢᠯᠡᠳᠪᠦᠷᠢᠯᠡᠯ ᠤᠨ ᠬᠦᠴᠦᠨ ᠬᠢᠵᠠᠭᠠᠷ ᠲᠠᠢ᠂ ᠪᠢᠳᠡ ᠣᠶᠤᠨᠴᠢ ᠪᠠᠷ ᠬᠠᠮᠠᠭᠠᠯᠠᠵᠤ᠂ ᠲᠣᠬᠢᠷᠠᠮᠵᠢᠲᠠᠶ ᠠᠮᠠᠪᠴᠢ ᠵᠡᠭᠦᠵᠦ᠂ N95 ᠶᠢ ᠵᠢᠩᠬᠢᠨᠢ ᠬᠡᠷᠡᠭᠴᠡᠭᠡ ᠲᠠᠢ ᠬᠥᠮᠦᠨ ᠳᠤ ᠦᠯᠡᠳᠡᠭᠡᠵᠦ ᠥᠭᠬᠦᠶ᠎ᠡ᠃        ︵ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠵᠣᠣ ᠨᠠ ᠡᠷᠡᠭᠦᠯ ᠡᠩᠬᠡ ᠳᠤᠮᠳᠠᠳᠤ ᠤᠯᠤᠰ ᠂ ᠲᠥᠪ ᠲᠧᠯ ᠸᠢᠰ ᠤᠨ ᠰᠣᠨᠢᠨ ᠮᠡᠳᠡᠭᠡ ᠶᠢ ᠡᠮᠬᠢᠯᠡᠪᠡ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号