ᠲᠦᠮᠡᠳ ᠵᠡᠭᠦᠨ ᠬᠤᠰᠢᠭᠤ᠄ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠬᠤᠳᠠᠯᠳᠤᠭᠠᠴᠢᠨ ᠤᠷᠢᠵᠤ᠂ ᠵᠥᠪᠳᠡᠯᠴᠡᠬᠡᠷ ᠢᠶᠠᠷ 60 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠪᠠ︕
ᠨᠡᠶᠢᠲᠡᠯᠡᠭᠰᠡᠨ ᠴᠠᠭ᠄
2021/11/15
     11 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠦᠯᠵᠢᠶᠡᠨ ᠳᠡᠭᠡᠷᠡᠬᠢ ᠵᠥᠪᠳᠡᠯᠴᠡᠬᠡᠷ ᠤᠨ ᠬᠤᠷᠠᠯ ᠵᠢᠴᠢ ᠲᠥᠷᠥᠯ ᠵᠦᠢᠯ ᠤᠨ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ ᠤᠨ ᠵᠢᠯᠣᠭᠤᠳᠬᠤ ᠭᠠᠵᠠᠷ ᠲᠤ ᠶᠠᠪᠤᠭᠳᠠᠪᠠ᠃      ᠲᠣᠰ ᠤᠳᠠᠭᠠᠨ ᠤ ᠭᠡᠷ᠎ᠡ ᠲᠣᠭᠲᠠᠭᠰᠠᠨ 10 ᠲᠥᠷᠥᠯ ᠵᠦᠢᠯ ᠨᠢ ᠰᠦ ᠶᠢᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ︵ᠰᠦ ᠶᠢᠨ ᠦᠢᠯᠡᠰ᠂ ᠲᠠᠷᠢᠶᠠᠯᠠᠩ᠂ ᠮᠠᠯ ᠠᠵᠤ ᠠᠬᠤᠶ᠂ ᠡᠪᠡᠰᠦᠨ ᠤ ᠦᠢᠯᠡᠰ᠂ ᠲᠡᠵᠢᠭᠡᠯ ᠪᠣᠷᠳᠤᠭ᠎ᠠ᠂ ᠡᠵᠡᠩᠨᠡᠨ ᠪᠣᠷᠣᠯᠠᠭᠤᠯᠤᠯᠲᠠ︶ ᠵᠢᠴᠢ ᠰᠢᠨ᠎ᠡ ᠡᠨᠧᠷᠭᠢ ᠶᠢᠨ ᠬᠦᠷᠢᠶ᠎ᠡ ᠴᠠᠷᠠᠭ᠎ᠠ ᠵᠡᠷᠭᠡ ᠶᠢ ᠬᠠᠮᠤᠷᠴᠤ᠂ ᠵᠥᠪᠳᠡᠯᠴᠡᠬᠡᠷ ᠢᠶᠠᠷ ᠨᠡᠶᠢᠲᠡ 60 ᠭᠠᠷᠤᠶ ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠤᠭᠰᠠᠨ ᠪᠠᠶᠢᠨ᠎ᠠ᠃      ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠢ ᠵᠡᠷᠭᠡᠪᠡᠷ ᠵᠥᠪᠳᠡᠯᠴᠡᠬᠦ ᠵᠠᠭᠪᠤᠷ ᠢ ᠬᠡᠷᠡᠭᠯᠡᠨ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠣᠯᠠᠨ ᠲᠠᠯ᠎ᠠ ᠪᠠᠷ ᠬᠤᠯᠪᠣᠯᠳᠤᠭᠤᠯᠤᠨ ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠵᠥᠩ ᠼᠠᠢ ᠰᠢᠨᠵᠢᠯᠡᠬᠦ ᠤᠬᠠᠭᠠᠨ ᠮᠡᠷᠭᠡᠵᠢᠯ᠂ ᠰᠠᠨ ᠷᠧᠨ ᠰᠢᠩ ᠵᠠᠭᠤᠴᠢᠯᠠᠭᠤᠷ᠂ ᠭᠦᠸᠧ ᠨᠧᠩ ᠰᠢᠨᠵᠢᠯᠡᠬᠦ ᠤᠬᠠᠭᠠᠨ ᠤ ᠲᠣᠭᠤᠷᠢᠭ᠂ ᠵᠧᠩ ᠪᠠᠩ ᠪᠦᠯᠦᠭᠯᠡᠯ ᠵᠡᠷᠭᠡ 4 ᠠᠵᠤ ᠠᠬᠤᠶᠢᠯᠠᠯ ᠲᠠᠢ ᠰᠦᠯᠵᠢᠶᠡᠨ ᠳᠡᠭᠡᠷᠡᠬᠢ ᠬᠡᠯᠡᠯᠴᠡᠭᠡᠷ ᠬᠢᠬᠦ ᠶᠢᠨ ᠬᠠᠮᠲᠤ ᠭᠡᠷ᠎ᠡ ᠲᠣᠭᠲᠠᠵᠤ᠂ ᠢᠯᠢ ᠪᠦᠯᠦᠭᠯᠡᠯ᠂ ᠵᠧᠩ ᠱᠢ ᠠᠮᠢ ᠠᠬᠤᠶ᠂ ᠪᠧᠨ ᠢ ᠮᠠᠯ ᠠᠵᠤ ᠠᠬᠤᠶ ᠵᠡᠷᠭᠡ 6 ᠠᠵᠤ ᠠᠬᠤᠶᠢᠯᠠᠯ ᠲᠠᠢ ᠲᠤᠬᠠᠶ ᠶᠢᠨ ᠲᠠᠯᠠᠪᠤᠷ ᠲᠤ ᠭᠡᠷ᠎ᠡ ᠲᠣᠭᠲᠠᠪᠠ᠃      ᠤᠢᠢᠷ᠎ᠠ ᠶᠢᠨ ᠵᠢᠯ ᠳᠤ᠂ ᠲᠦᠮᠡᠳ ᠵᠡᠭᠦᠨ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠢᠯᠢ ᠶᠢᠨ ᠤᠳᠤ ᠦᠶ᠎ᠡ ᠶᠢᠨ ᠤᠶᠤᠨᠲᠤ ᠠᠮᠤ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠰᠦ ᠶᠢᠨ ᠠᠵᠤ ᠦᠢᠯᠡᠰ ᠢᠶᠠᠷ ᠭᠤᠣᠯ ᠪᠣᠯᠭᠠᠭᠰᠠᠨ ᠠᠵᠤ ᠦᠢᠯᠡᠰ ᠤᠨ ᠪᠦᠯᠦᠭᠵᠢᠯ ᠤᠨ ᠪᠦᠷᠢᠯᠳᠦᠬᠦ ᠶᠢ ᠲᠦᠷᠭᠡᠳᠬᠡᠨ ᠠᠬᠢᠭᠤᠯᠵᠠᠢ᠃ ᠢᠯᠠᠩᠭᠤᠶ᠎ᠠ ᠡᠨᠡ ᠵᠢᠯ ᠠᠴᠠ ᠨᠠᠰᠢ᠂ ᠲᠦᠮᠡᠳ ᠵᠡᠭᠦᠨ ᠬᠤᠰᠢᠭᠤᠨ ᠤ ᠬᠢᠨ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠯᠡᠯ︾ ᠢ ᠪᠤᠶ ᠪᠣᠯᠭᠠᠨ ᠪᠤᠶᠢᠵᠢᠭᠤᠯᠵᠤ᠂ ᠰᠦ ᠶᠢᠨ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠵᠡᠷᠭᠡ ᠶᠢᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠳᠠᠭᠠᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠢᠳᠡᠪᠬᠢᠲᠡᠶ ᠥᠷᠨᠢᠭᠦᠯᠵᠦ᠂ ᠤᠷᠢᠳ ᠬᠤᠵᠢᠳ ᠡᠯ᠎ᠡ ᠲᠥᠷᠥᠯ ᠤᠨ 65 ᠲᠣᠮᠣ ᠬᠡᠯᠪᠡᠷᠢ ᠶᠢᠨ ᠠᠵᠤ ᠠᠬᠤᠶᠢᠯᠠᠯ ᠲᠠᠢ ᠵᠣᠯᠭᠠᠭᠤᠯᠵᠤ᠂ 44 ᠲᠣᠮᠣ ᠬᠡᠯᠪᠡᠷᠢ ᠶᠢᠨ ᠠᠵᠤ ᠠᠬᠤᠶᠢᠯᠠᠯ ᠲᠠᠢ ᠭᠡᠷ᠎ᠡ ᠲᠣᠭᠲᠠᠵᠤ᠂ 30 ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠪᠡ᠂ ᠡᠲᠡᠭᠡᠷ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠨᠢ ᠲᠦᠮᠡᠳ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠭᠦᠸᠧ ᡁᠢ ᠭᠠᠩ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠵᠣᠣ ᠯᠢ ᠮᠢᠨ ᠵᠢᠴᠢ ᠬᠤᠲᠠ ᠬᠤᠰᠢᠭᠤᠨ ᠤ ᠬᠠᠮᠢᠶ᠎ᠠ ᠪᠥᠬᠦᠶ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠭᠡᠷ᠎ᠡ ᠲᠣᠭᠲᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠶᠣᠰᠣᠯᠠᠯ ᠳᠤ ᠣᠷᠣᠯᠴᠠᠪᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号