ᠲᠦᠮᠡᠳ ᠵᠡᠭᠦᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/20
     12 ᠰᠠᠷ᠎ᠠ ᠶᠢᠨ 14 ᠤ ᠡᠳᠦᠷ᠂ ᠲᠦᠮᠡᠳ ᠵᠡᠭᠦᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠦᠮᠡᠳ ᠵᠡᠭᠦᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠪᠣᠯᠤᠨ ᠲᠦᠮᠡᠳ ᠵᠡᠭᠦᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠦᠢᠯᠡᠰ ᠤᠨ 2021 — 2025 ᠬᠥᠭᠵᠢᠯᠲᠡ ᠶᠢᠨ ᠲᠥᠯᠥᠪᠵᠢᠭᠦᠯᠭᠡ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠠᠩᠬᠠᠳᠤᠭᠠᠷ ᠬᠤᠭᠤᠴᠠᠭᠠᠨ ᠤ ᠬᠡᠷᠡᠭ ᠬᠢᠨᠠᠭᠴᠢᠳ ᠤᠨ ᠵᠥᠪᠯᠡᠯ ᠤᠨ ᠬᠡᠷᠡᠭ ᠬᠢᠨᠠᠭᠴᠢᠳ ᠤᠨ ᠳᠠᠷᠤᠭ᠎ᠠ᠂ ᠳᠡᠳ᠋ ᠬᠡᠷᠡᠭ ᠬᠢᠨᠠᠭᠴᠢᠳ ᠤᠨ ᠳᠠᠷᠤᠭ᠎ᠠ ᠪᠣᠯᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠨᠡᠶᠢᠭᠡᠮᠯᠢᠭ ᠤᠨ ᠳᠠᠷᠤᠭ᠎ᠠ᠂ ᠪᠠᠶᠢᠩᠭᠤ ᠶᠢᠨ ᠳᠡᠳ᠋ ᠳᠠᠷᠤᠭ᠎ᠠ᠂ ᠨᠡᠶᠢᠭᠡᠮᠯᠢᠭ ᠤᠨ ᠳᠡᠳ᠋ ᠳᠠᠷᠤᠭ᠎ᠠ ᠶᠢ ᠰᠣᠩᠭᠤᠨ ᠭᠠᠷᠭᠠᠪᠠ᠃ ᠶᠦᠨ ᠴᠤᠸᠠᠨ ᠹᠤᠩ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠬᠢᠨᠠᠭᠴᠢᠳ ᠤᠨ ᠵᠥᠪᠯᠡᠯ ᠤᠨ ᠬᠡᠷᠡᠭ ᠬᠢᠨᠠᠭᠴᠢᠳ ᠤᠨ ᠳᠠᠷᠤᠭ᠎ᠠ ᠪᠠᠷ ᠰᠣᠩᠭᠤᠭᠳᠠᠵᠤ᠂ ᠾᠧ ᠯᠢᠩ ᠯᠢᠩ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ ᠪᠠᠷ ᠰᠣᠩᠭᠤᠭᠳᠠᠪᠠ᠃      ᠣᠶᠢᠷ᠎ᠠ ᠶᠢᠨ ᠵᠢᠯ ᠳᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠬᠥᠮᠥᠡᠯᠢᠭ᠂ ᠲᠦᠭᠡᠮᠡᠯ ᠬᠠᠶᠢᠷ᠎ᠠ᠂ ᠬᠠᠨᠳᠢᠪᠯᠠᠬᠤ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠬᠥᠮᠥᠡᠯᠢᠭ᠂ ᠬᠡᠪ ᠢᠶᠠᠨ ᠰᠠᠬᠢᠬᠤ᠂ ᠲᠥᠪ ᠭᠤᠤᠯᠴᠢ᠂ ᠪᠡᠶ᠎ᠡ ᠪᠠᠨ ᠳᠠᠭᠠᠭᠠᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠡᠳᠦᠯᠲᠦ ᠴᠢᠨᠠᠷ᠂ ᠲᠦᠭᠡᠮᠡᠯ ᠴᠢᠨᠠᠷ︾ ᠤᠨ ᠦᠨᠳᠦᠰᠦᠨ ᠵᠠᠷᠴᠢᠮ ᠢ ᠵᠢᠷᠤᠮᠯᠠᠨ᠂ ᠭᠠᠮᠰᠢᠭ ᠠᠴᠠ ᠠᠪᠤᠷᠬᠠᠤ᠂ ᠠᠪᠤᠷᠠᠨ ᠲᠤᠰᠠᠯᠠᠬᠤ᠂ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ᠂ ᠴᠢᠰᠤ ᠪᠦᠲᠦᠭᠡᠬᠦ ᠭᠤᠤᠯ ᠡᠰ ᠤᠨ ᠬᠠᠨᠳᠢᠪᠯᠠᠬᠤ᠂ ᠬᠥᠮᠦᠨ ᠤ ᠪᠡᠶ᠎ᠡ ᠶᠢᠨ ᠡᠷᠬᠡᠲᠡᠨ ᠤ ᠬᠠᠨᠳᠢᠪᠯᠠᠬᠤ ᠪᠠ ᠡᠷᠡᠭᠦᠯ ᠬᠠᠮᠠᠭᠠᠯᠠᠯ ᠤᠨ ᠲᠦᠷᠭᠡᠨ ᠠᠪᠤᠷᠠᠯᠳᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃      ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠶᠢᠨ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠤ ᠶᠦᠩ ᠴᠢᠶᠠᠩ ᠱᠠᠭᠠᠷᠳᠠᠭᠰᠠᠨ ᠨᠢ᠂ ᠬᠤᠰᠢᠭᠤᠨ ᠤ ᠤᠯᠠᠭᠠᠨ ᠵᠠᠭᠠᠯᠠᠮᠠᠶᠢᠲᠠᠨ ᠤ ᠨᠡᠶᠢᠭᠡᠮᠯᠢᠭ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠠᠨ ᠲᠦᠮᠡᠨ ᠤ ᠪᠦᠯᠬᠦᠮ ᠤᠨ ᠬᠦᠢᠭᠵᠢᠯᠲᠠ ᠶᠢᠨ ᠵᠠᠮ ᠢᠶᠠᠷ ᠭᠤᠶᠢᠪᠢᠰᠢ ᠣᠢᠭᠡᠢ ᠵᠠᠮᠨᠠᠬᠤ ᠬᠡᠷᠡᠭᠲᠠᠢ︔ ︽ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠷᠢᠮᠲᠠᠯᠠᠨ ᠴᠢᠩᠭᠠᠳᠬᠠᠬᠤ︾ ᠡᠨᠡᠬᠦ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠷᠢᠭᠤᠴᠠᠯᠭ᠎ᠠ ᠪᠠ ᠡᠭᠦᠷᠭᠡᠯᠡᠯ ᠢ ᠦᠨᠡᠨᠬᠦ ᠢᠯᠡᠷᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠦᠭᠡᠮᠡᠯ ᠬᠠᠶᠢᠷ᠎ᠠ ᠪᠠ ᠬᠠᠶᠢᠷ᠎ᠠ ᠰᠡᠳᠬᠢᠯᠭᠡ ᠶᠢ ᠢᠯᠡᠷᠡᠭᠦᠯᠬᠦ ᠬᠡᠷᠡᠭᠲᠡᠢ︔ ᠤᠯᠠᠭᠠᠨ ᠵᠠᠭᠠᠯᠮᠠᠶᠢᠲᠠᠨ ᠤ ᠢᠷᠠᠭᠤ ᠠᠯᠳᠠᠷᠲᠤ ᠡᠭᠦᠷᠭᠡ ᠶᠢ ᠦᠨᠡᠨᠬᠦ ᠡᠭᠦᠷᠭᠡᠯᠡᠵᠦ᠂ ᠨᠡᠶᠢᠭᠡᠮ ᠳᠤ ᠦᠢᠯᠡᠴᠢᠯᠡᠬᠦ ᠴᠢᠳᠠᠪᠤᠷᠢ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠰᠠᠨᠠᠭᠠᠴᠢᠯᠠᠵᠤ᠂ ᠲᠦᠮᠡᠳ ᠵᠡᠭᠦᠨ ᠬᠤᠰᠢᠭᠤᠨ ᠤ ᠪᠣᠳᠠᠲᠤ ᠪᠠᠶᠢᠳᠠᠯ ᠳᠤ ᠳᠣᠭᠢᠷᠠᠭᠰᠠᠨ ᠠᠪᠤᠷᠠᠨ ᠲᠤᠰᠠᠯᠠᠵᠤ ᠲᠡᠳᠬᠦᠬᠦ ᠰᠢᠨ᠎ᠡ ᠵᠠᠮ ᠢ ᠦᠷᠭᠦᠯᠵᠢᠯᠡᠨ ᠰᠦᠪᠡᠭᠴᠢᠯᠡᠬᠦ ᠬᠡᠷᠡᠭᠲᠡᠶ︔ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ︔ ᠲᠣᠰ ᠤᠳᠠᠭᠠᠨ ᠤ ᠬᠤᠭᠤᠴᠠᠭ᠎ᠠ ᠰᠣᠯᠢᠬᠤ ᠪᠠᠷ ᠰᠢᠨ᠎ᠡ ᠭᠠᠷᠤᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠬᠦ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠂ ᠦᠢᠯᠡᠴᠢᠯᠡᠭᠡ ᠪᠠᠨ ᠳᠡᠭᠡᠭᠰᠢᠯᠡᠭᠦᠯᠬᠦ ᠳᠤᠮᠳᠠ ᠳᠦᠷᠢ ᠲᠥᠷᠬᠦ ᠶᠢ ᠪᠣᠶ ᠪᠣᠯᠭᠠᠵᠤ᠂ ᠮᠠᠨ ᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠯ᠎ᠡ ᠵᠦᠢᠯ ᠤᠨ ᠠᠵᠢᠯ ᠤᠨ ᠲᠤᠰᠬᠠᠶᠢᠵᠢᠯᠲᠠ᠂ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠯᠲᠠ ᠶᠢᠨ ᠬᠢᠷᠢ ᠲᠦᠪᠰᠢᠨ ᠢ ᠲᠦᠷᠭᠡᠳᠬᠡᠨ ᠠᠬᠢᠭᠤᠯᠬᠤ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠯᠢᠦ ᡁᠢ ᠴᠢᠶᠠᠩ᠂ ᠼᠦᠢ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号