ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2021/12/20
     ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠪᠥᠬᠦ ᠬᠤᠰᠢᠭᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠺᠠᠳ᠋ᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠺᠠᠳ᠋ᠷ ᠤᠨ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠵᠦᠶ ᠵᠣᠬᠢᠰᠲᠠᠶ ᠰᠢᠯᠵᠢᠯᠲᠡ᠂ ᠪᠦᠲᠦᠮᠵᠢᠲᠡᠶ ᠵᠣᠯᠭᠠᠯᠳᠤᠭᠤᠯᠬᠤ ᠶᠢ ᠳᠥᠯᠭᠢᠨ ᠠᠬᠢᠭᠤᠯᠤᠨ᠎ᠠ᠃ 12 ᠰᠠᠷ᠎ᠠ ᠶᠢᠨ 17 ᠤ ᠡᠳᠦᠷ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠶᠠᠪᠤᠭᠳᠠᠪᠠ᠃      ᠲᠤᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 1 ᠡᠳᠦᠷ ᠪᠣᠯᠤᠨ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠣᠯᠠᠨ ᠤᠯᠤᠰ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠰᠢ ᠰᠦᠸᠧ ᠵᠦᠦ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ ᠤᠨ ᠳᠠᠷᠤᠭ᠎ᠠ ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠭᠦᠸᠧ ᠶᠢ ᠤᠷᠢᠵᠤ᠂ ᠲᠣᠰ ᠲᠣᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠠᠶᠢᠯᠤᠮᠵᠢ᠂ ᠶᠠᠳᠠᠭᠤ ᠬᠦᠴᠢᠷᠳᠡᠯᠲᠡᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠵᠢᠴᠢ ᠪᠠᠯᠠ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠵᠤ ᠂ ᠬᠢᠴᠢᠶᠡᠯ ᠵᠢᠭᠠᠬᠤ ᠶᠢ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠮᠬᠢᠯᠡᠨ ᠳᠢᠭᠯᠡᠵᠦ᠂ ᠠᠵᠢᠯ ᠤᠨ ᠲᠤᠷᠰᠢᠯᠭ᠎ᠠ ᠪᠠᠨ ᠬᠤᠪᠢᠶᠠᠯᠴᠠᠨ᠂ ᠬᠤᠷᠠᠯ ᠳᠤ ᠣᠷᠣᠯᠴᠠᠭᠰᠠᠳ ᠲᠤ ᠬᠤᠶᠢᠰᠢᠳᠠ ᠶᠢᠨ ᠠᠵᠢᠯ ᠤᠨ ᠴᠢᠭᠯᠡᠯ ᠢ ᠲᠣᠳᠣᠷᠬᠠᠶ ᠵᠢᠭᠠᠵᠤ ᠥᠭᠴᠡᠶ᠃      ᠬᠤᠷᠠᠯ ᠳᠤ ᠣᠷᠣᠯᠴᠠᠭᠰᠠᠳ᠄ ᠲᠤᠰ ᠤᠳᠠᠭᠠᠨ ᠤ ᠪᠣᠯᠪᠠᠰᠤᠷᠠᠯ ᠨᠢ ᠮᠠᠰᠢ ᠴᠢᠩᠭ᠎ᠠ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠪᠠ ᠠᠵᠢᠯᠯᠠᠭᠠᠨ ᠤ ᠴᠢᠨᠠᠷ ᠲᠠᠢ ᠪᠠᠶᠢᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠠᠵᠢᠯ ᠤᠨ ᠴᠢᠳᠠᠪᠤᠷᠢ ᠶᠢᠨ ᠨᠢᠭᠡ ᠤᠳᠠᠭᠠᠨ ᠤ ᠪᠦᠬᠦ ᠲᠠᠯ᠎ᠠ ᠶᠢᠨ ᠳᠡᠭᠡᠭᠰᠢᠯᠡᠯᠲᠡ ᠮᠥᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠣᠯᠪᠠᠰᠤᠷᠠᠯ ᠤᠨ ᠣᠯᠤᠭᠰᠠᠨ ᠣᠯᠤᠯᠲᠠ ᠪᠠ ᠦᠷ᠎ᠡ ᠪᠦᠲᠦᠭᠡᠯ ᠢᠶᠠᠨ ᠠᠵᠢᠯ ᠤᠨ ᠳᠤᠮᠳᠠ ᠪᠠᠨ ᠠᠭᠤᠰᠬᠠᠵᠤ᠂ ᠪᠣᠳᠠᠲᠠᠶ ᠠᠵᠢᠯᠯᠠᠭ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠯᠪᠠᠰᠤᠷᠠᠯ ᠤᠨ ᠠᠩᠭᠢ ᠶᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠠᠵᠤ ᠦᠢᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠶᠢᠨ ᠰᠤᠷᠲᠠᠯ ᠪᠣᠯᠪᠠᠰᠤᠨ ᠂ ᠵᠠᠰᠠᠯᠲᠠ ᠪᠦᠲᠦᠮᠵᠢᠲᠡᠶ᠂ ᠠᠮᠢᠳᠤᠷᠠᠯ ᠴᠢᠨᠡᠭᠡᠯᠢᠭ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠶᠢᠨ ᠲᠥᠯᠥᠭᠡ ᠲᠠᠰᠤᠷᠠᠯᠲᠠ ᠥᠬᠡᠶ ᠴᠢᠷᠮᠠᠶᠢᠨ᠎ᠠ᠃      ᠳᠡᠳ᠋ ᠬᠤᠰᠢᠭᠤᠨ ᠳᠠᠷᠤᠭ᠎ᠠ ᠠᠨᠳᠠ ᠠᠩᠭᠢ ᠡᠬᠢᠯᠡᠬᠦ ᠶᠣᠰᠣᠯᠠᠯ ᠢ ᠡᠷᠭᠢᠯᠡᠵᠦ᠂ ᠡᠯ᠎ᠡ ᠰᠢᠶᠠᠩ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠪᠥᠬᠦ ᠬᠤᠰᠢᠭᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠠᠵᠢᠯᠯᠠᠬᠤ ᠭᠡᠰᠢᠭᠦᠳ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号