ᠲᠦᠮᠡᠳ ᠵᠡᠭᠦᠨ ᠬᠤᠰᠢᠭᠤ ᠲᠦᠮᠡᠳ ᠵᠡᠭᠦᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠪᠣᠯᠪᠠᠰᠤᠨ ᠬᠡᠷ ᠪᠦᠯᠢ ᠶᠢ ᠨᠡᠶᠢᠲᠡᠯᠡᠬᠦ ᠶᠣᠰᠣᠯᠠᠯ ᠵᠢᠴᠢ ᠬᠤᠰᠢᠭᠤᠨ ᠲᠠᠰ ᠤᠨ ᠪᠣᠯᠪᠠᠰᠤᠨ ᠨᠢᠭᠡᠴᠡ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/12/20
     ᠰᠢ ᠶᠢᠨ ᠫᠢᠩ ᠶᠡᠷᠦᠩᠬᠡᠶ ᠱᠦᠵᠢ ᠶᠢᠨ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠭᠡᠷ ᠪᠦᠯᠢ ᠶᠢᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ 12 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠨᠠᠮ ᠵᠠᠰᠠᠭ ᠤᠨ ᠲᠣᠮᠣ ᠠᠰᠠᠷ ᠤᠨ ᠨᠢᠭᠡᠳᠦᠭᠡᠷ ᠬᠤᠷᠠᠯ ᠤᠨ ᠬᠡᠷ ᠲᠤ ᠲᠦᠮᠡᠳ ᠵᠡᠭᠦᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠪᠣᠯᠪᠠᠰᠤᠨ ᠬᠡᠷ ᠪᠦᠯᠢ ᠶᠢ ᠨᠡᠶᠢᠲᠡᠯᠡᠬᠦ ᠶᠣᠰᠣᠯᠠᠯ ᠵᠢᠴᠢ ᠬᠤᠰᠢᠭᠤᠨ ᠤ ᠲᠠᠰ ᠤᠨ ᠪᠣᠯᠪᠠᠰᠤᠨ ᠨᠢᠭᠡᠴᠡ ᠳᠤ ᠫᠠᠶᠢᠰᠠ ᠣᠯᠭᠤᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠪᠠ᠃ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠧᠨ ᠰᠢᠤᠸᠠᠢ ᠹᠧᠩ ᠲᠤᠰ ᠤᠳᠠᠭ᠎ᠠ ᠶᠢᠨ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠮᠠ ᠰᠢᠶᠤᠤ ᠯᠦᠩ ︽ᠲᠦᠮᠡᠳ ᠵᠡᠭᠦᠨ ᠬᠤᠰᠢᠭᠤᠨ ᠤ ᠪᠣᠯᠪᠠᠰᠤᠨ ᠬᠡᠷ ᠪᠦᠯᠢ ᠶᠢ ᠵᠣᠷᠢᠭᠵᠢᠭᠤᠯᠬᠤ ᠪᠠ ᠬᠠᠮᠢᠶᠠᠷᠬᠤ ᠠᠷᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠠᠨ ᠶᠠᠨ ᠮᠢᠨ ︽ᠲᠦᠮᠡᠳ ᠵᠡᠭᠦᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠲᠦᠮᠡᠳ ᠵᠡᠭᠦᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠪᠣᠯᠪᠠᠰᠤᠨ ᠬᠡᠷ ᠪᠦᠯᠢ ᠶᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠵᠦ᠂ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠷᠦᠢ ︽ᠲᠦᠮᠡᠳ ᠵᠡᠭᠦᠨ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠲᠦᠮᠡᠳ ᠵᠡᠭᠦᠨ ᠬᠤᠰᠢᠭᠤᠨ ᠤ ᠪᠣᠯᠪᠠᠰᠤᠨ ᠨᠢᠭᠡᠴᠡ ᠶᠢ ᠨᠡᠷᠡᠶᠢᠳᠬᠦ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠵᠡᠶ᠃ ᠳᠠᠷᠠᠭ᠎ᠠ ᠪᠠᠷ ᠨᠢ 100 ᠪᠣᠯᠪᠠᠰᠤᠨ ᠬᠡᠷ ᠪᠦᠯᠢ ᠶᠢᠨ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃      ᠪᠣᠯᠪᠠᠰᠤᠨ ᠭᠡᠷ ᠪᠦᠯᠢ ᠶᠢᠨ ᠲᠥᠯᠥᠭᠡᠯᠡᠭᠴᠢ ᠷᠧᠨ ᠴᠦᠨ ᠮᠧᠢ᠂ ᠯᠢ ᠶᠠᠨ᠂ ᠵᠠᠩ ᠯᠦ ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃      ᠲᠣᠰ ᠤᠳᠠᠭᠠᠨ ᠤ ᠬᠤᠷᠠᠯ ᠨᠢ ᠪᠠᠰᠠ ᠰᠢᠨ᠎ᠡ ᠪᠠᠷ ᠮᠡᠳᠡᠭᠦᠯᠦᠭᠰᠡᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠲᠦᠮᠡᠳ ᠵᠡᠭᠦᠨ ᠬᠤᠰᠢᠭᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠂ ᠲᠦᠮᠡᠳ ᠵᠡᠭᠦᠨ ᠬᠤᠰᠢᠭᠤᠨ ᠤ ᠶᠢᠨ ᠬᠥ᠋ ᠲᠣᠰᠬᠤᠨ ᠪᠠᠯᠭᠠᠰᠤ ᠶᠢᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠰᠢᠭᠤᠨ ᠤ ᠲᠠᠰ ᠤᠨ 3 ᠪᠣᠯᠪᠠᠰᠤᠨ ᠨᠢᠭᠡᠴᠡ ᠳᠤ ᠫᠠᠶᠢᠰᠠ ᠣᠯᠭᠤᠪᠠ᠃      ᠡᠴᠦᠰ ᠲᠤ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠤᠨ ᠰᠢᠤᠸᠠᠢ ᠹᠤᠩ ᠴᠢᠬᠤᠯᠠ ᠶᠠᠷᠢᠶ᠎ᠠ ᠲᠠᠯᠪᠢᠪᠠ᠃ ᠼᠤᠨ ᠰᠢᠤᠸᠠᠢ ᠹᠤᠩ ᠢᠯᠡᠷᠬᠡᠶᠢᠯᠡᠬᠦ ᠳᠡᠭᠡᠨ᠂ ᠲᠤᠰ ᠤᠳᠠᠭᠠᠨ ᠤ ᠬᠥᠬᠢᠭᠦᠯᠦᠨ ᠰᠠᠶᠢᠰᠢᠶᠠᠭᠰᠠᠨ ᠡᠯ᠎ᠡ ᠡᠷᠦᠬᠡ ᠶᠢᠨ ᠪᠣᠯᠪᠠᠰᠤᠨ ᠭᠡᠷ ᠪᠦᠯᠢ ᠶᠢᠨ ᠬᠢᠨ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠬᠡᠷ ᠪᠦᠯᠢ ᠨᠢᠭᠡᠪᠦᠷᠢ ᠶᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠬᠡᠷ ᠪᠦᠯᠢ ᠶᠢᠨ ᠶᠣᠰᠣ ᠰᠤᠷᠲᠠᠬᠤᠨ ᠤ ᠦᠵᠡᠯᠲᠡ ᠪᠠ ᠬᠡᠷ ᠪᠦᠯᠢ ᠶᠢᠨ ᠪᠣᠯᠪᠠᠰᠤᠨ ᠤ ᠰᠢᠨ᠎ᠡ ᠰᠤᠷᠲᠠᠯ ᠢ ᠪᠣᠶ ᠪᠣᠯᠭᠠᠵᠤ᠂ ᠪᠣᠯᠪᠠᠰᠤᠨ ᠬᠡᠷ ᠪᠦᠯᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠣᠯᠪᠠᠰᠤᠨ ᠬᠡᠷ ᠪᠦᠯᠢ ᠶᠢᠨ ᠬᠥᠮᠦᠵᠢᠯ ᠢ ᠴᠢᠩᠭᠠᠳᠬᠠᠵᠤ᠂ ᠪᠣᠯᠪᠠᠰᠤᠨ ᠬᠡᠷ ᠪᠦᠯᠢ ᠶᠢᠨ ᠰᠤᠷᠲᠠᠯ ᠤᠨ ᠬᠥᠮᠦᠵᠢᠯ ᠢ ᠴᠢᠩᠭᠠᠳᠬᠠᠬᠤ ᠬᠡᠷᠡᠭᠲᠡᠶ᠃ ᠵᠠᠭᠤᠨ ᠡᠷᠦᠬᠡ ᠶᠢᠨ ᠪᠣᠯᠪᠠᠰᠤᠨ ᠬᠡᠷ ᠪᠦᠯᠢ ᠶᠢᠨ ᠲᠡᠷᠢᠭᠦᠨ ᠤ ᠦᠢᠯᠡ ᠠᠵᠢᠯᠯᠠᠭ᠎ᠠ ᠪᠣᠯ ᠮᠠᠨ ᠤ ᠬᠤᠰᠢᠭᠤᠨ ᠤ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠡᠷᠬᠢᠮ ᠨᠠᠨᠳᠢᠨ ᠥᠪ ᠬᠥᠷᠥᠩᠭᠡ ᠮᠥᠨ᠂ ᠮᠥᠨ ᠴᠦ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠮᠥᠨ᠃ ᠡᠯ᠎ᠡ ᠨᠢᠭᠡᠴᠡ᠂ ᠰᠠᠯᠠᠭ᠎ᠠ ᠮᠥᠴᠢᠷ ᠤᠨ ᠬᠢᠨ ᠵᠠᠭᠤᠨ ᠡᠷᠦᠬᠡ ᠶᠢᠨ ᠪᠣᠯᠪᠠᠰᠤᠨ ᠬᠡᠷ ᠪᠦᠯᠢ ᠶᠢᠨ ᠲᠡᠷᠢᠭᠦᠨ ᠤ ᠦᠶ᠋ᠯᠡ ᠠᠵᠢᠯᠯᠠᠭ᠎ᠠ ᠶᠢ ᠪᠥᠬᠦ ᠲᠠᠯ᠎ᠠ ᠪᠠᠷ᠂ ᠣᠯᠠᠨ ᠬᠡᠯᠪᠡᠷᠢ ᠪᠠᠷ ᠥᠷᠭᠡᠨ ᠢᠶᠠᠷ ᠤᠬᠠᠭᠤᠯᠵᠤ᠂ ᠨᠡᠶᠢᠭᠡᠮ ᠳᠠᠶᠠᠭᠠᠷ ᠲᠤ ᠪᠣᠯᠪᠠᠰᠤᠨ ᠬᠡᠷ ᠪᠦᠯᠢ ᠠᠴᠠ ᠰᠤᠷᠤᠯᠴᠠᠬᠤ᠂ ᠪᠣᠯᠪᠠᠰᠤᠨ ᠬᠡᠷ ᠪᠦᠯᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠦᠭ ᠲᠦᠮᠡᠨ ᠡᠷᠦᠬᠡ ᠶᠢᠨ ᠰᠠᠶᠢᠨ ᠰᠠᠶᠢᠬᠠᠨ ᠬᠡᠷ ᠤᠨ ᠰᠤᠷᠲᠠᠯ᠂ ᠰᠠᠶᠢᠨ ᠰᠠᠶᠢᠬᠠᠨ ᠬᠡᠷ ᠤᠨ ᠰᠤᠷᠭᠠᠯ ᠢᠶᠠᠷ ᠪᠥᠬᠦ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠲᠤᠯᠭᠠᠭᠤᠷᠢᠯᠠᠭᠤᠯᠬᠤ ᠬᠡᠷᠡᠭᠲᠡᠶ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠥᠯᠢᠭᠡᠷ ᠳᠠᠭᠤᠷᠢᠶᠠᠯ ᠪᠣᠯᠬᠤ ᠦᠶ᠋ᠯᠡᠳᠦᠯ ᠢᠶᠠᠨ ᠭᠦᠢᠴᠡᠳ ᠪᠠᠳᠠᠷᠠᠭᠤᠯᠵᠤ᠂ ᠬᠡᠷ ᠪᠦᠯᠢ ᠪᠠᠨ ᠰᠠᠶᠢᠲᠤᠷ ᠬᠠᠮᠢᠶᠠᠷᠴᠤ᠂ ᠦᠷ᠎ᠡ ᠬᠡᠤᠬᠡᠳ ᠢᠶᠠᠨ ᠰᠠᠶᠢᠲᠤᠷ ᠬᠠᠮᠢᠶᠠᠷᠴᠤ᠂ ᠲᠦᠭ ᠲᠦᠮᠡᠨ ᠠᠶᠢᠯ ᠡᠷᠦᠬᠡ ᠳᠤ ᠲᠣᠯᠣᠭᠠᠶᠢᠯᠠᠬᠤ ᠬᠡᠷᠡᠭᠲᠡᠶ᠃ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠳ ᠡᠨᠡ ᠤᠳᠠᠭ᠎ᠠ ᠶᠢᠨ ᠬᠤᠷᠠᠯ ᠢᠶᠠᠷ ᠲᠣᠬᠢᠶᠠᠯ ᠪᠣᠯᠭᠠᠨ᠂ ᠪᠣᠯᠪᠠᠰᠤᠨ ᠭᠡᠷ ᠪᠦᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ᠂ ᠡᠯ᠎ᠡ ᠨᠡᠶᠢᠭᠡᠮ ᠤᠨ ᠪᠦᠯᠬᠦᠮ ᠤᠳ ᠬᠠᠮᠲᠤᠪᠠᠷ ᠡᠭᠦᠳᠦᠨ ᠬᠠᠮᠲᠤᠪᠠᠷ ᠪᠠᠶᠢᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠬᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠬᠡᠷ ᠪᠦᠯᠢ ᠶᠢᠨ ᠰᠠᠶᠢᠬᠠᠨ ᠰᠤᠷᠲᠠᠯ ᠢ ᠤᠯᠠᠮᠵᠢᠯᠠᠨ᠂ ᠰᠠᠶᠢᠨ ᠰᠠᠶᠢᠬᠠᠨ ᠬᠡᠷ ᠤᠨ ᠰᠤᠷᠲᠠᠯ ᠢ ᠪᠠᠳᠠᠷᠠᠭᠤᠯᠵᠤ᠂ ᠬᠡᠷ ᠪᠦᠯᠢ ᠨᠢᠭᠡᠪᠦᠷᠢ ᠶᠢᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠥᠷᠭᠡᠨ ᠣᠯᠠᠨ ᠬᠡᠷ ᠪᠦᠯᠢ ᠪᠠ ᠪᠥᠬᠦ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠬᠠᠮᠲᠤᠪᠠᠷ ᠪᠣᠶ ᠪᠣᠯᠭᠠᠬᠤ ᠬᠡᠷᠡᠭᠲᠡᠶ      ᠲᠦᠮᠡᠳ ᠵᠡᠭᠦᠨ ᠬᠤᠰᠢᠭᠤᠨ ᠤ ᠡᠯ᠎ᠡ ᠰᠢᠶᠠᠩ ᠪᠠᠯᠭᠠᠰᠤᠨ ᠤ ᠤᠬᠠᠭᠤᠯᠬᠤ ᠭᠡᠰᠢᠭᠦᠨ᠂ ᠤᠶᠤᠨ ᠤ ᠪᠣᠯᠪᠠᠰᠤᠨ ᠤ ᠵᠥᠪᠯᠡᠯ ᠤᠨ ᠪᠦᠷᠢᠯᠳᠦᠬᠦᠨ ᠨᠢᠭᠡᠴᠡ᠂ ᠡᠯ᠎ᠡ ᠱᠠᠲᠤᠨ ᠤ ᠪᠣᠯᠪᠠᠰᠤᠨ ᠨᠢᠭᠡᠴᠡ ᠶᠢᠨ ᠲᠥᠯᠥᠭᠡᠯᠡᠭᠴᠢ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号