ᠸᠧᠶ ᠬᠤᠩ ᠵᠢᠶᠦ᠋ᠨ ᠳᠤᠭᠤᠶᠢᠯᠠᠩ ᠳᠠᠭᠠᠭᠤᠯᠤᠨ ᠭᠠᠨᠰᠦ ᠮᠤᠵᠢ ᠳᠤ ᠬᠦᠷᠴᠦ ᠲᠥᠷᠥᠯ ᠵᠦᠢᠯ ᠤᠨ ᠪᠠᠶᠢᠴᠠᠭᠠᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/12/22
     ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠨ ᠤ ᠬᠤᠰᠢᠭᠤᠨ ᠤ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ᠂ ᠡᠪᠡᠰᠦ ᠪᠡᠯᠴᠢᠭᠡᠷ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠥᠯᠥᠪᠵᠢᠭᠦᠯᠬᠦ ᠶᠢᠨ ᠲᠥᠯᠥᠭᠡ ᠂ 12 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠶ ᠬᠤᠩ ᠵᠢᠶᠦ᠋ᠨ ᠳᠤᠭᠤᠶᠢᠯᠠᠩ ᠳᠠᠭᠠᠭᠤᠯᠤᠨ ᠭᠠᠨᠰᠦ ᠮᠤᠵᠢ ᠳᠤ ᠬᠦᠷᠴᠦ ᠲᠥᠷᠥᠯ ᠵᠦᠢᠯ ᠤᠨ ᠪᠠᠶᠢᠴᠠᠭᠠᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠪᠡ᠃      ᠭᠠᠨᠰᠦ ᠮᠤᠵᠢ ᠶᠢᠨ ᠡᠪᠡᠰᠦᠨ ᠤ ᠦᠢᠯᠡᠰ ᠤᠨ ᠨᠡᠶᠢᠭᠡᠮᠯᠢᠭ ᠤᠨ ᠡᠯ᠎ᠡ ᠪᠦᠷᠢᠯᠳᠦᠬᠦᠨ ᠠᠵᠤ ᠠᠬᠤᠶᠢᠯᠠᠯ ᠤᠨ ᠲᠦᠷᠦᠯ ᠵᠦᠢᠯ ᠤᠨ ᠲᠠᠨᠢᠯᠴᠠᠭᠤᠯᠭ᠎ᠠ ᠳᠤ᠂ ᠸᠧᠢ ᠬᠤᠩ ᠵᠢᠶᠦ᠋ᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠵᠢᠴᠢ ᠰᠦ᠋ ᠶᠢᠨ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠮᠠᠯᠵᠢᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠵᠡᠷᠭᠡ ᠲᠠᠯ᠎ᠠ ᠪᠠᠷ ᠨᠠᠷᠢᠨ ᠨᠢᠭᠲᠠ ᠲᠠᠨᠢᠯᠴᠠᠭᠤᠯᠵᠠᠢ᠃ ᠲᠡᠷᠡ ᠵᠢᠭᠠᠵᠤ ᠭᠠᠷᠭᠠᠭᠰᠠᠨ ᠨᠢ᠂ ᠭᠠᠨᠰᠦ ᠮᠤᠵᠢ ᠡᠪᠡᠰᠦ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠪᠠᠶᠢᠨ᠎ᠠ᠂ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠰᠤᠷᠤᠯᠴᠠᠯᠭ᠎ᠠ ᠪᠠᠷ ᠳᠡᠮᠵᠢᠨ᠂ ᠬᠥᠭᠵᠢᠯᠲᠡ ᠶᠢᠨ ᠰᠡᠳᠬᠢᠮᠵᠢ ᠪᠠᠨ ᠥᠷᠭᠡᠳᠬᠡᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ ᠂ ᠭᠠᠨᠰᠦ ᠶᠢᠨ ᠡᠪᠡᠰᠦᠨ ᠤ ᠦᠶ᠋ᠯᠡᠰ ᠤᠨ ᠨᠡᠶᠢᠭᠡᠮᠯᠢᠭ ᠠᠴᠠ ᠲᠦᠮᠡᠳ ᠵᠡᠭᠦᠨ ᠬᠤᠰᠢᠭᠤᠨ ᠳᠤ ᠨᠠᠩ ᠣᠯᠠᠨ ᠳᠡᠮᠵᠢᠯᠭᠡ ᠪᠠ ᠠᠩᠬᠠᠷᠤᠯ ᠲᠠᠯᠪᠢᠬᠤ ᠶᠢ ᠬᠦᠰᠡᠵᠦ ᠪᠠᠶᠢᠨ᠎ᠠ ᠭᠡᠵᠡᠶ᠃ ᠡᠭᠦᠨ ᠤ ᠬᠠᠮᠲᠤ᠂ ᠲᠡᠷᠡ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠴᠢᠩ ᠰᠡᠳᠬᠢᠯ ᠤᠨ ᠤᠷᠢᠯᠭ᠎ᠠ ᠪᠠᠨ ᠳᠡᠪᠰᠢᠭᠦᠯᠵᠦ᠂ ᠬᠤᠶᠠᠷ ᠲᠠᠯ᠎ᠠ ᠪᠠᠷ ᠢᠶᠠᠨ ᠡᠪᠡᠰᠦ ᠪᠡᠯᠴᠢᠭᠡᠷ ᠲᠠᠷᠢᠬᠤ ᠪᠠ ᠡᠳ᠋ᠰᠢᠭᠦᠯᠬᠦ ᠵᠡᠷᠭᠡ ᠬᠦᠷᠢᠶᠡᠨ ᠳᠤ ᠭᠦᠨᠵᠡᠭᠡᠢ ᠤᠯᠤᠯᠴᠠᠨ ᠰᠣᠯᠢᠯᠴᠠᠵᠤ᠂ ᠬᠠᠮᠲᠤᠪᠠᠷ ᠬᠠᠮᠲᠤᠷᠠᠯᠴᠠᠵᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠪᠡ᠃      ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠪᠠᠷᠠᠭᠤᠨ ᠣᠷᠣᠨ ᠤ ᠼᠤᠤ ᠸᠠᠩ ᠮᠠᠯ ᠠᠵᠤ ᠠᠬᠤᠢ ᠶᠢᠨ ᠺᠣᠮᠫᠠᠨᠢ᠂ ᠲᠢᠶᠠᠨ ᠶᠤᠸᠠᠨ ᠮᠦ ᠭᠧ ᠡᠪᠡᠰᠦᠨ ᠤ ᠦᠢᠯᠡᠰ ᠤᠨ ᠪᠦᠯᠦᠭᠯᠡᠯ ᠳᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠤᠨ ᠡᠪᠡᠰᠦᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠤᠢᠢᠯᠠᠭᠠᠭᠰᠠᠨ ᠪᠥᠭᠡᠳ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠤᠷᠠᠯᠳᠤᠭᠤᠯᠵᠠᠢ᠃ ᠭᠤᠤᠯᠳᠠᠭᠤ ᠡᠪᠡᠰᠦ ᠳᠠᠷᠢᠬᠤ ᠪᠠ ᠡᠪᠡᠰᠦ ᠪᠣᠷᠳᠤᠭ᠎ᠠ ᠡᠳ᠋ᠰᠢᠭᠦᠯᠬᠦ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠭ᠎ᠠ ᠪᠠ ᠰᠤᠳᠤᠯᠤᠨ ᠶᠠᠷᠢᠯᠴᠠᠭ᠎ᠠ ᠬᠢᠵᠦ᠂ ᠸᠧᠶ ᠬᠤᠩ ᠵᠢᠶᠦ᠋ᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠲᠦᠮᠡᠳ ᠵᠡᠭᠦᠨ ᠬᠤᠰᠢᠭᠤᠨ ᠤ ᠭᠠᠵᠠᠷ ᠵᠦᠶ ᠶᠢᠨ ᠳᠠᠪᠠᠭᠤᠯᠢᠭ᠂ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠪᠠ᠃ ᠲᠡᠷᠡ᠂ ᠲᠦᠮᠡᠳ ᠵᠡᠭᠦᠨ ᠬᠤᠰᠢᠭᠤᠨ ᠤ ᠬᠢᠨ ᠬᠠᠮᠤᠭ ᠤᠨ ᠦᠨᠡᠨᠴᠢ ᠰᠡᠳᠬᠢᠯ ᠢᠶᠠᠷ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠬᠠᠮᠤᠭ ᠤᠨ ᠰᠠᠶᠢᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠡᠭᠦᠳᠴᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃      ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠲᠦᠮᠡᠳ ᠵᠡᠭᠦᠨ ᠬᠤᠰᠢᠭᠤ ᠥᠨᠢ ᠤᠳᠠᠭᠠᠨ ᠲᠡᠤᠬᠡ ᠲᠠᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ ᠪᠠᠶᠢᠳᠠᠭ᠂ ᠲᠣᠰ ᠤᠳᠠᠭᠠᠨ ᠤ ᠬᠡᠯᠡᠯᠴᠡᠭᠡᠷ ᠰᠣᠯᠢᠯᠴᠠᠭ᠎ᠠ ᠪᠠᠷ ᠳᠡᠮᠵᠢᠨ᠂ ᠲᠦᠮᠡᠳ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠠᠵᠤ ᠦᠢᠯᠡᠰ ᠤᠨ ᠪᠠᠶᠢᠷᠢᠰᠢᠯ᠂ ᠬᠥᠭᠵᠢᠯᠲᠡ ᠶᠢᠨ ᠳᠠᠪᠠᠭᠤᠯᠢᠭ ᠢ ᠠᠩᠬ᠎ᠠ ᠠᠯᠬᠤᠮ ᠣᠶᠢᠯᠠᠭᠠᠵᠤ᠂ ᠲᠦᠮᠡᠳ ᠵᠡᠭᠦᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠣᠶᠢᠷ᠎ᠠ ᠶᠢᠨ ᠬᠤᠭᠤᠴᠠᠭᠠᠨ ᠳᠤ ᠰᠢᠨᠵᠢᠯᠡᠨ ᠪᠠᠶᠢᠴᠠᠭᠠᠬᠤ ᠪᠦᠯᠬᠦᠮ ᠵᠣᠬᠢᠶᠠᠨ ᠪᠠᠶᠢᠭᠤᠯᠵᠤ ᠮᠠᠨ ᠤ ᠬᠤᠰᠢᠭᠤᠨ ᠳᠤ ᠪᠠᠯᠠ ᠣᠷᠣᠭᠤᠯᠤᠨ ᠰᠢᠨᠵᠢᠯᠡᠨ ᠪᠠᠶᠢᠴᠠᠭᠠᠬᠤ ᠪᠠᠷ ᠪᠠᠶᠢᠨ᠎ᠠ᠃      ᠠᠷᠠᠯᠵᠢᠶᠠᠴᠢᠨ ᠤᠷᠢᠬᠤ ᠳᠤᠮᠳᠠ ᠸᠧᠶ ᠬᠤᠩ ᠵᠢᠶᠦ᠋ᠨ ᠢ ᠰᠢᠨᠵᠢᠯᠡᠨ ᠪᠠᠶᠢᠴᠠᠭᠠᠬᠤ ᠳᠠᠭᠠᠨ ᠵᠢᠭᠠᠵᠤ ᠭᠠᠷᠭᠠᠭᠰᠠᠨ ᠨᠢ᠂ ᠲᠦᠮᠡᠳ ᠵᠡᠭᠦᠨ ᠬᠤᠰᠢᠭᠤᠨ ᠤ ᠬᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠤᠨ ᠰᠦ ᠰᠠᠭᠠᠯᠢ ᠶᠢᠨ ᠦᠢᠯᠡᠰ ᠤᠨ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠪᠣᠯᠤᠨ ᠣᠷᠣᠨ ᠤ ᠲᠥᠪ ᠤᠨ ᠰᠦ ᠶᠢᠨ ᠦᠢᠯᠡᠰ ᠢ ᠬᠥᠭᠵᠢᠭᠦᠯᠬᠦ ᠭᠤᠣᠯ ᠳᠠᠶᠢᠨ ᠤ ᠲᠠᠯᠠᠪᠤᠷ ᠤᠨ ᠨᠢᠭᠡ ᠪᠣᠯᠤᠭᠰᠠᠨ ᠤ ᠬᠤᠪᠢ ᠳᠤ᠂ ᠲᠦᠮᠡᠳ ᠵᠡᠭᠦᠨ ᠬᠤᠰᠢᠭᠤ ᠡᠮᠦᠨ᠎ᠡ ᠡᠩᠨᠡᠭᠡᠨ ᠳᠤ ᠶᠠᠪᠤᠵᠤ᠂ ᠪᠣᠳᠠᠲᠠᠶ ᠪᠠᠷ ᠠᠵᠢᠯᠯᠠᠵᠤ᠂ ᠢᠯᠢ ᠶᠢᠨ ᠣᠳᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ ᠢᠶᠠᠷ ᠭᠠᠷᠳᠠᠴᠠ ᠪᠣᠯᠭᠠᠵᠤ᠂ ︽ᠡᠪᠡᠰᠦ ᠰᠠᠶᠢᠨ ᠳᠠᠷᠢᠵᠤ᠂ ᠦᠬᠡᠷ ᠰᠠᠶᠢᠨ ᠲᠡᠵᠢᠭᠡᠵᠦ᠂ ᠰᠦ᠋ ᠰᠠᠶᠢᠨ ᠦᠢᠯᠡᠳᠪᠦᠷᠢᠯᠡᠵᠦ᠂ ᠬᠡᠯᠬᠢᠶ᠎ᠡ ᠰᠠᠶᠢᠨ ᠪᠠᠶᠢᠭᠤᠯᠬᠤ︾ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠴᠠᠭᠠᠨ ᠢᠳᠡᠭᠡ ᠪᠣᠯᠪᠠᠰᠤᠷᠠᠭᠤᠯᠬᠤ᠂ ᠲᠡᠵᠢᠭᠡᠯ ᠡᠪᠡᠰᠦᠨ ᠤ ᠰᠠᠭᠤᠷᠢᠨ ᠭᠠᠵᠠᠷ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠪᠦᠬᠦ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠤᠯᠭ᠎ᠠ ᠲᠦᠷᠦᠭᠦᠯᠡᠨ ᠡᠯᠰᠡᠬᠦ᠂ ᠲᠤᠰᠬᠠᠶ ᠠᠩᠭᠢ ᠪᠠᠷ ᠡᠯᠰᠡᠬᠦ᠂ ᠠᠵᠤ ᠦᠢᠯᠡᠰ ᠤᠨ ᠬᠡᠯᠬᠢᠶ᠎ᠡ ᠪᠠᠷ ᠡᠯᠰᠡᠬᠦ᠂ ᠬᠥᠲᠥᠴᠢ ᠠᠵᠤ ᠠᠬᠤᠶᠢᠯᠠᠯ ᠢᠶᠠᠷ ᠡᠯᠰᠡᠬᠦ ᠵᠡᠷᠭᠡ ᠠᠷᠭ᠎ᠠ ᠬᠡᠯᠪᠡᠷᠢ ᠪᠠᠷ ᠳᠡᠮᠵᠢᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠬᠤᠰᠢᠭᠤᠨ ᠳᠤ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭ᠎ᠠ ᠶᠢ ᠠᠮᠤᠷᠵᠢᠭᠤᠯᠬᠤ᠂ ᠬᠤᠳᠠᠯᠳᠤᠭ᠎ᠠ ᠶᠢ ᠲᠣᠭᠲᠠᠭᠤᠨ ᠪᠠᠶᠢᠯᠭᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ ᠂ ᠡᠭᠦᠨ ᠤ ᠤᠯᠠᠮ ᠢᠶᠠᠷ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠰᠦᠷᠦᠭᠵᠢᠯ ᠢ ᠲᠠᠰᠤᠷᠠᠯᠲᠠ ᠥᠬᠡᠶ ᠪᠤᠶᠢᠵᠢᠭᠤᠯᠤᠨ ᠪᠤᠵᠠᠭᠠᠶᠢᠷᠠᠭᠤᠯᠤᠨ᠎ᠠ᠃      ᠯᠢ ᠶᠣᠥ ᠴᠢᠨ᠂ ᠶᠠᠩ ᠵᠢᠶᠠᠨ ᠵᠦᠩ᠂ ᠠᠨᠳᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号