ᠲᠦᠮᠡᠳ ᠵᠡᠭᠦᠨ ᠬᠤᠰᠢᠭᠤ᠄ ᠡᠯ᠎ᠡ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ ᠥᠪᠡᠷ ᠤᠨ ᠰᠦᠷ ᠵᠢᠪᠬᠤᠯᠠᠩᠲᠤ ᠪᠢᠯᠧᠲ ᠢᠶᠠᠨ ᠥᠭᠪᠡ
ᠨᠡᠶᠢᠲᠡᠯᠡᠭᠰᠡᠨ ᠴᠠᠭ᠄
2021/12/3
     11 ᠰᠠᠷ᠎ᠠ ᠶᠢᠨ 26 ᠤ ᠡᠳᠦᠷ ᠪᠣᠯ ᠲᠦᠮᠡᠳ ᠵᠡᠭᠦᠨ ᠬᠤᠰᠢᠭᠤᠨ ᠤ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠢᠯᠧᠲ ᠥᠭᠬᠦ ᠡᠳᠦᠷ ᠪᠣᠯᠤᠨ᠎ᠠ᠂ ᠠᠷᠠᠳ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠪᠣᠯ ᠪᠥᠬᠦ ᠬᠤᠰᠢᠭᠤᠨ ᠤ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠴᠢᠬᠤᠯᠠ ᠦᠢᠯᠡᠳᠦᠯᠭᠡ ᠮᠥᠨ᠃ ᠥᠨᠥᠳᠦᠷ᠂ ᠪᠦᠭᠦ ᠬᠤᠰᠢᠭᠤᠨ ᠤ 24 ᠲᠦᠮᠡ ᠭᠠᠷᠤᠶ ᠰᠤᠩᠬᠤᠭᠤᠯᠢ ᠶᠢᠨ ᠠᠷᠠᠳ ᠲᠤᠰ ᠲᠤᠰ 123 ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠤᠩᠬᠤᠭᠤᠯᠢ ᠶᠢᠨ ᠲᠣᠭᠤᠷᠢᠭ ᠪᠠ 345 ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠤᠩᠬᠤᠭᠤᠯᠢ ᠶᠢᠨ ᠲᠣᠭᠤᠷᠢᠭ ᠲᠤ ᠥᠪᠡᠷ ᠤᠨ ᠭᠠᠷ ᠲᠠᠬᠢ ᠠᠷᠢᠭᠤᠨ ᠲᠠᠷᠬᠠᠨ ᠪᠥᠭᠡᠳ ᠲᠥᠪ ᠶᠡᠬᠡᠮᠰᠦᠭ ᠫᠢᠶᠣᠣ ᠪᠠᠨ ᠥᠭᠴᠦ᠂ ᠦᠨᠳᠦᠰᠦᠨ ᠬᠠᠤᠯᠢ ᠠᠴᠠ ᠣᠯᠭᠤᠭᠰᠠᠨ ᠠᠷᠠᠳᠴᠢᠯᠠᠯ ᠤᠨ ᠡᠷᠬᠡ ᠪᠠᠨ ᠭᠦᠢᠴᠡᠳ ᠬᠡᠷᠡᠭᠵᠢᠭᠦᠯᠵᠦ᠂ ᠥᠪᠡᠷ ᠤᠨ ᠰᠡᠳᠬᠢᠯ ᠬᠠᠨᠤᠮᠵᠢᠲᠠᠶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠨ ᠰᠤᠩᠬᠤᠨ ᠭᠠᠷᠭᠠᠪᠠ᠃      ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠧᠶ ᠬᠤᠩ ᠵᠢᠶᠦ᠋ᠨ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠠᠴᠠ ᠪᠣᠯᠵᠣ᠂ ᠪᠤᠰᠤᠳ ᠰᠣᠩᠭᠤᠭᠤᠯᠢ ᠶᠢᠨ ᠠᠷᠠᠳ ᠲᠤ ᠨᠠᠶᠢᠳᠠᠵᠤ ᠴᠠᠰᠤᠴᠢ ᠪᠠᠯᠭᠠᠰᠤᠨ ᠤ ᠴᠡᠯᠡᠭᠡᠷ ᠲᠠᠯ᠎ᠠ ᠨᠡᠶᠢᠭᠡᠮ ᠲᠣᠭᠤᠷᠢᠭ ᠤᠨ ᠰᠣᠩᠭᠤᠭᠤᠯᠢ ᠶᠢᠨ ᠲᠣᠭᠤᠷᠢᠭ ᠤᠨ ᠬᠤᠰᠢᠭᠤᠨ ᠨᠠᠮ ᠵᠠᠰᠠᠭ ᠤᠨ ᠲᠣᠮᠣ ᠠᠰᠠᠷ ᠤᠨ ᠪᠢᠯᠧᠲ ᠥᠭᠬᠦ ᠥᠷᠲᠡᠭᠡ ᠳᠤ ᠪᠢᠯᠧᠲ ᠥᠭᠭᠦᠭᠦᠯᠪᠡ᠃ ᠵᠣᠣ ᠯᠢ ᠮᠢᠨ᠂ ᠴᠠᠩ ᠵᠢᠶᠠᠨ ᠵᠢᠶᠦ᠋ᠨ᠂ ᠵᠢᠶᠠ ᠶᠢᠨ ᠹᠧᠩ᠂ ᠷᠦᠩ ᠶᠤᠸᠠᠨ ᠫᠢᠩ᠂ ᠴᠧᠨ ᠰᠢ ᠯᠤ᠋᠂ ᠵᠣᠣ ᠶᠦᠩ ᠴᠢᠶᠠᠩ ᠵᠡᠷᠭᠡ ᠬᠤᠰᠢᠭᠤᠨ ᠤ ᠤᠳᠤᠷᠢᠳᠤᠯᠭ᠎ᠠ ᠡᠩ ᠤᠨ ᠰᠣᠩᠭᠤᠭᠤᠯᠢ ᠶᠢᠨ ᠠᠷᠠᠳ ᠤᠨ ᠬᠤᠪᠢ ᠪᠠᠷ ᠴᠠᠰᠤᠴᠢ ᠪᠠᠯᠭᠠᠰᠤᠨ ᠤ ᠴᠡᠯᠡᠭᠡᠷ ᠲᠠᠯ᠎ᠠ ᠨᠡᠶᠢᠭᠡᠮ ᠲᠣᠭᠤᠷᠢᠭ ᠤᠨ ᠰᠣᠩᠭᠤᠭᠤᠯᠢ ᠶᠢᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠪᠢᠯᠧᠲ ᠥᠭᠬᠦ ᠥᠷᠲᠡᠭᠡ ᠳᠤ ᠪᠢᠯᠧᠲ ᠥᠭᠪᠡ᠃      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠦ ᡁᠢ ᠴᠢᠶᠠᠩ ᠡᠨᠡ ᠵᠢᠯ ᠤᠨ 9 ᠰᠠᠷ᠎ᠠ ᠳᠤ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠰᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠡᠯᠡᠳᠬᠡᠯ ᠤᠨ ᠱᠠᠲᠤ᠂ ᠰᠣᠩᠭᠤᠭᠤᠯᠢ ᠶᠢᠨ ᠠᠷᠠᠳ ᠢ ᠪᠦᠷᠢᠳᠬᠡᠬᠦ ᠱᠠᠲᠤ ᠪᠠ ᠲᠥᠯᠥᠭᠡᠯᠡᠭᠴᠢ ᠶᠢᠨ ᠵᠢᠱᠢᠭᠳᠡᠭᠴᠢ ᠶᠢ ᠲᠠᠨᠢᠯᠴᠠᠭᠤᠯᠤᠨ ᠲᠣᠭᠲᠠᠭᠠᠬᠤ ᠱᠠᠲᠤᠨ ᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ ᠪᠡᠶᠡᠯᠡᠭᠦᠯᠵᠡᠶ᠃ ᠣᠳᠣᠬᠠᠨ ᠳᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠨᠢᠭᠡᠨᠲᠡ ᠲᠥᠯᠥᠭᠡᠯᠡᠭᠴᠢ ᠶᠢᠨ ᠰᠣᠩᠭᠤᠭᠤᠯᠢ ᠶᠢᠨ ᠱᠠᠲᠤᠨ ᠳᠤ ᠣᠷᠣᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠡᠷᠡᠰ ᠭᠤᠶᠢᠪᠢᠰᠢ ᠥᠬᠡᠶ ᠪᠠᠷ ᠬᠥᠭᠵᠢᠭᠦᠯᠵᠦ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠯᠠᠪᠳᠠᠭᠤᠨ ᠢᠶᠠᠷ ᠠᠬᠢᠭᠤᠯᠤᠨ ᠂ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠵᠤ᠂ ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠣᠨᠣᠪᠴᠢᠲᠠᠶ ᠰᠣᠩᠭᠤᠵᠤ᠂ ᠴᠢᠩᠭ᠎ᠠ ᠰᠣᠩᠭᠤᠵᠤ᠂ ᠪᠣᠳᠠᠲᠠᠶ ᠪᠠᠷ ᠰᠣᠩᠭᠤᠵᠤ᠂ ᠰᠢᠨ᠎ᠡ ᠨᠢᠭᠡ ᠬᠤᠭᠤᠴᠠᠭᠠᠨ ᠤ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠪᠡᠯᠡᠳᠬᠡᠯ ᠠᠵᠢᠯ ᠢ ᠰᠠᠶᠢᠲᠤᠷ ᠬᠢᠨ᠎ᠠ᠃     ᠰᠤᠷᠪᠤᠯᠵᠢᠯᠠᠭᠴᠢ ᠡᠯ᠎ᠡ ᠰᠣᠩᠭᠤᠭᠤᠯᠢ ᠶᠢᠨ ᠲᠣᠭᠤᠷᠢᠭ ᠲᠤ ᠣᠯᠵᠤ ᠦᠵᠡᠭᠰᠡᠨ ᠨᠢ᠂ ᠰᠣᠩᠭᠤᠭᠤᠯᠢ ᠶᠢᠨ ᠲᠤᠬᠠᠶ ᠶᠢᠨ ᠲᠠᠯᠠᠪᠠᠶ ᠳᠤ ᠲᠥᠪ ᠶᠡᠬᠡᠮᠰᠦᠭ᠂ ᠠᠷᠠᠳᠴᠢᠯᠠᠯ ᠲᠠᠢ ᠪᠥᠭᠡᠳ ᠡᠶ᠎ᠡ ᠵᠣᠬᠢᠴᠠᠯ ᠲᠠᠢ ᠠᠭᠤᠷ ᠠᠮᠢᠰᠬᠤᠯ ᠪᠢᠯᠬᠠᠵᠤ᠂ ᠠᠵᠢᠯᠲᠠᠳ ᠰᠣᠩᠭᠤᠭᠤᠯᠢ ᠶᠢᠨ ᠠᠷᠠᠳ ᠤᠨ ᠦᠨᠡᠮᠯᠡᠯ ᠢ ᠪᠠᠶᠢᠴᠠᠭᠠᠨ ᠰᠢᠯᠭᠠᠵᠤ᠂ ᠰᠣᠩᠭᠤᠭᠤᠯᠢ ᠶᠢᠨ ᠫᠢᠶᠣᠣ ᠣᠯᠭᠤᠭᠰᠠᠨ ᠤ ᠳᠠᠷᠠᠭ᠎ᠠ ᠰᠣᠩᠭᠤᠭᠤᠯᠢ ᠶᠢᠨ ᠠᠷᠠᠳ ᠲᠤ ᠫᠢᠶᠣᠣ ᠥᠭᠬᠦ ᠳᠦᠷᠢᠮ ᠢ ᠨᠠᠷᠢᠨ ᠲᠠᠶᠢᠯᠪᠤᠷᠢᠯᠠᠨ ᠥᠭᠴᠦ᠂ ᠰᠣᠩᠭᠤᠭᠤᠯᠢ ᠶᠢᠨ ᠠᠷᠠᠳ ᠰᠣᠩᠭᠤᠭᠤᠯᠢ ᠶᠢᠨ ᠠᠷᠠᠳ ᠤᠨ ᠦᠨᠡᠮᠯᠡᠯ ᠢᠶᠠᠷ ᠢᠶᠠᠨ ᠰᠣᠩᠭᠤᠭᠤᠯᠢ ᠶᠢᠨ ᠫᠢᠶᠣᠣ ᠪᠠᠨ ᠡᠮᠬᠢ ᠵᠢᠷᠤᠮ ᠲᠠᠢ ᠪᠠᠷ ᠠᠪᠴᠤ᠂ ᠰᠣᠩᠭᠤᠭᠤᠯᠢ ᠶᠢᠨ ᠫᠢᠶᠣᠣ ᠪᠠᠨ ᠨᠠᠷᠢᠨ ᠬᠢᠨᠠᠮᠠᠭᠠᠶ ᠲᠠᠭᠯᠠᠵᠤ᠂ ᠳᠠᠷᠠᠭ᠎ᠠ ᠨᠢ ᠰᠣᠩᠭᠤᠭᠤᠯᠢ ᠶᠢᠨ ᠬᠠᠶᠢᠷᠴᠠᠭ ᠤᠨ ᠡᠮᠦᠨ᠎ᠡ ᠬᠦᠷᠴᠦ᠂ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠥᠪᠡᠷ ᠤᠨ ᠠᠷᠢᠭᠤᠨ ᠳᠠᠷᠬᠠᠨ ᠫᠢᠶᠣᠣ ᠪᠠᠨ ᠥᠭᠭᠦᠭᠰᠡᠨ ᠪᠠᠶᠢᠨ᠎ᠠ᠃      ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠠᠶᠢᠲᠤᠷ ᠰᠣᠩᠭᠤᠬᠤ ᠪᠣᠯ ᠬᠤᠶᠢᠰᠢᠳᠠ ᠶᠢᠨ 5 ᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠪᠠᠲᠤᠯᠠᠭ᠎ᠠ ᠶᠢᠨ ᠨᠢᠭᠡ ᠮᠥᠨ᠂ ᠪᠢ ᠰᠣᠩᠭᠤᠭᠤᠯᠢ ᠶᠢᠨ ᠠᠷᠠᠳ ᠤᠨ ᠬᠤᠪᠢ ᠪᠠᠷ ᠠᠷᠠᠳ ᠲᠦᠮᠡᠨ ᠤ ᠲᠥᠯᠥᠭᠡ ᠵᠢᠳᠬᠦᠵᠦ᠂ ᠠᠷᠠᠳ ᠲᠦᠮᠡᠨ ᠳᠤ ᠦᠢᠯᠡᠴᠢᠯᠡᠵᠦ᠂ ᠨᠤᠲᠤᠭ ᠤᠰᠤᠨ ᠳᠠᠭᠠᠨ ᠵᠣᠯ ᠵᠢᠷᠭᠠᠯ ᠡᠳ᠋ᠯᠡᠭᠦᠯᠬᠦ ᠲᠥᠯᠥᠭᠡᠯᠡᠭᠴᠢ ᠶᠢᠨ ᠵᠢᠱᠢᠭᠳᠡᠭᠴᠢ ᠳᠤ ᠠᠷᠢᠭᠤᠨ ᠳᠠᠷᠬᠠᠨ ᠪᠢᠯᠧᠲ ᠢᠶᠠᠨ ᠥᠭᠭᠦᠨ᠎ᠡ︾ ᠭᠡᠵᠡᠶ᠃ ᠭᠡᠵᠦ ᠰᠣᠩᠭᠤᠭᠤᠯᠢ ᠶᠢᠨ ᠠᠷᠠᠳ ᠴᠠᠭᠠᠰᠤᠴᠢ ᠪᠠᠯᠭᠠᠰᠤᠨ ᠤ ᠭᠤᠸᠠᠩ ᠮᠢᠩ ᠵᠠᠮ ᠤᠨ ᠨᠡᠶᠢᠭᠡᠮ ᠲᠣᠭᠤᠷᠢᠭ ᠤᠨ ᠰᠣᠩᠭᠤᠭᠤᠯᠢ ᠶᠢᠨ ᠲᠣᠭᠤᠷᠢᠭ ᠤᠨ ᠪᠢᠯᠧᠲ ᠥᠭᠬᠦ ᠥᠷᠲᠡᠭᠡᠨ ᠳᠤ ᠪᠢᠯᠧᠲ ᠥᠭᠬᠦ ᠳᠡᠭᠡᠨ ᠬᠡᠯᠡᠪᠡ᠃     ︽ᠪᠢ ᠰᠣᠩᠭᠤᠭᠤᠯᠢ ᠶᠢᠨ ᠠᠷᠠᠳ ᠪᠣᠯᠤᠭᠰᠠᠨ ᠤ ᠬᠤᠪᠢ ᠳᠤ ᠥᠨᠥᠳᠦᠷ ᠤᠨ ᠰᠣᠩᠭᠤᠭᠤᠯᠢ ᠶᠢᠨ ᠫᠢᠶᠣᠣ ᠥᠭᠬᠦ ᠶᠢᠨ ᠴᠢᠬᠤᠯᠠ ᠠᠴᠢ ᠬᠤᠯᠪᠣᠭᠳᠠᠯ ᠢ ᠰᠠᠶᠢᠨ ᠮᠡᠳᠡᠵᠦ ᠪᠠᠶᠢᠨ᠎ᠠ᠂ ᠫᠢᠶᠣᠣ ᠥᠭᠬᠦ ᠠᠴᠠ ᠡᠮᠦᠨ᠎ᠡ ᠪᠢ ᠰᠣᠩᠭᠤᠭᠤᠯᠢ ᠶᠢᠨ ᠠᠷᠭ᠎ᠠ ᠪᠣᠯᠤᠨ ᠰᠣᠩᠭᠤᠭᠤᠯᠢ ᠶᠢᠨ ᠲᠣᠭᠤᠷᠢᠭ ᠤᠨ ᠵᠢᠱᠢᠭᠳᠡᠭᠰᠡᠳ ᠢ ᠨᠠᠷᠢᠨ ᠣᠶᠢᠯᠠᠭᠠᠵᠤ᠂ ᠡᠴᠦᠰ ᠲᠡᠭᠡᠨ ᠥᠪᠡᠷ ᠤᠨ ᠰᠣᠩᠭᠤᠭᠤᠯᠢ ᠶᠢᠨ ᠫᠢᠶᠣᠣ ᠪᠠᠨ ᠥᠭᠴᠦ᠂ ᠲᠡᠳᠡᠨ ᠤ ︿ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠲᠥᠯᠥᠭᠡᠯᠡᠭᠴᠢ ᠪᠣᠯᠤᠨ᠎ᠠ﹀ ᠭᠡᠰᠡᠨ ᠲᠥᠪ ᠴᠢᠩᠭ᠎ᠠ ᠠᠮᠠᠯᠠᠯᠲᠠ ᠪᠠᠨ ᠦᠨᠡᠨᠬᠦ ᠦᠢᠯᠡᠳᠦᠯᠭᠡᠵᠢᠭᠦᠯᠬᠦ ᠶᠢ ᠬᠦᠰᠡᠵᠦ ᠪᠠᠶᠢᠨ᠎ᠠ︾ ᠭᠡᠵᠦ ᠰᠣᠩᠭᠤᠭᠤᠯᠢ ᠶᠢᠨ ᠠᠷᠠᠳ ᠯᠢ ᡁᠢ ᠭᠦᠸᠧ ᠴᠠᠭᠠᠰᠤᠴᠢ ᠪᠠᠯᠭᠠᠰᠤᠨ ᠤ ᠶᠢᠦ ᠶᠢᠦ ᠲᠣᠰᠬᠤᠨ ᠤ ᠰᠣᠩᠭᠤᠭᠤᠯᠢ ᠶᠢᠨ ᠲᠣᠭᠤᠷᠢᠭ ᠤᠨ ᠲᠣᠰᠬᠤᠨ ᠤ ᠠᠷᠠᠳ ᠤᠨ ᠵᠥᠪᠯᠡᠯ ᠤᠨ ᠪᠢᠯᠧᠲ ᠥᠭᠬᠦ ᠦᠷᠳᠡᠭᠡ ᠳᠤ ᠪᠢᠯᠧᠲ ᠥᠭᠭᠦᠭᠰᠡᠨ ᠤ ᠳᠠᠷᠠᠭ᠎ᠠ ᠬᠡᠯᠡᠪᠡ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号