ᠲᠦᠮᠡᠳ ᠵᠡᠭᠦᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠭᠤᠷᠪᠠᠨ ᠶᠡᠭᠡ ᠨᠢᠭᠡ ᠴᠢᠩᠭ᠎ᠠ︾ ᠶᠢᠨ ᠲᠤᠰᠬᠠᠶ ᠠᠵᠢᠯᠯᠠᠭ᠎ᠠ ᠳᠤ ᠬᠢᠨᠠᠯᠲᠠ ᠲᠠᠯᠪᠢᠵᠤ ᠦᠨᠡᠯᠡᠨ ᠪᠠᠶᠢᠴᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/3
     11 ᠰᠠᠷ᠎ᠠ ᠶᠢᠨ 29 ᠤ ᠡᠳᠦᠷ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠲᠤᠰᠬᠠᠶ ᠠᠵᠢᠯᠯᠠᠭ᠎ᠠ ᠳᠤ ᠬᠢᠨᠠᠯᠲᠠ ᠲᠠᠯᠪᠢᠵᠤ ᠦᠨᠡᠯᠡᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠬᠤᠩ ᠸᠧᠶ ᠪᠥᠬᠦ ᠬᠤᠰᠢᠭᠤᠨ ᠤ ︽ᠭᠤᠷᠪᠠᠨ ᠶᠡᠭᠡ ᠨᠢᠭᠡ ᠴᠢᠩᠭ᠎ᠠ︾ ᠶᠢᠨ ᠲᠤᠰᠬᠠᠶ ᠠᠵᠢᠯᠯᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠬᠢᠨᠠᠯᠲᠠ ᠲᠠᠯᠪᠢᠵᠤ ᠦᠨᠡᠯᠡᠨ ᠪᠠᠶᠢᠴᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ ᠰᠦᠨ ᠵᠢᠶᠠᠨ᠂ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ ᠤᠨ ᠳᠡᠳ᠋ ᠡᠷᠬᠢᠯᠡᠭᠴᠢ ᠶᠦᠨ ᠵᠢᠶᠧ ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠴᠧᠨ ᠬᠤᠩ ᠸᠧᠶ ᠬᠤᠷᠠᠯ ᠳᠤ ᠣᠷᠣᠯᠴᠠᠵᠠᠶ᠃      ᠬᠤᠷᠠᠯ ᠠᠴᠠ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ ᠤᠨ ᠳᠡᠳ᠋ ᠡᠷᠬᠢᠯᠡᠭᠴᠢ ᠶᠦᠨ ᠵᠢᠶᠧ ᠶᠢᠨ ᠪᠥᠬᠦ ᠬᠤᠰᠢᠭᠤᠨ ᠤ ︽ᠭᠤᠷᠪᠠᠨ ᠶᠡᠭᠡ ᠨᠢᠭᠡ ᠴᠢᠩᠭ᠎ᠠ︾ ᠶᠢᠨ ᠲᠤᠰᠬᠠᠶ ᠠᠵᠢᠯᠯᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠢᠢᠳᠪᠦᠷᠢᠯᠡᠭᠰᠡᠨ ᠥᠬᠡᠶ ᠬᠡᠷᠡᠭ ᠤᠨ ᠨᠠᠷᠢᠨ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠪᠠ ᠵᠠᠰᠠᠭ ᠤᠨ ᠣᠷᠳᠣᠨ ᠤ ᠤᠯᠠᠨ ᠲᠦᠮᠡᠨ ᠲᠠᠢ ᠬᠠᠷᠢᠯᠴᠠᠬᠤ ᠭᠤᠣᠯ ᠠᠷᠭ᠎ᠠ ᠵᠠᠮ ᠮᠥᠨ᠂ ᠪᠠᠰᠠ ᠴᠤ ᠨᠠᠮ ᠪᠠ ᠵᠠᠰᠠᠭ ᠤᠨ ᠣᠷᠳᠣᠨ ᠤ ᠤᠯᠠᠨ ᠲᠦᠮᠡᠨ ᠤ ᠬᠦᠴᠢᠷ ᠵᠣᠪᠠᠯᠠᠩ ᠢ ᠰᠢᠢᠳᠪᠦᠷᠢᠯᠡᠬᠦ ᠴᠢᠬᠤᠯᠠ ᠠᠷᠭ᠎ᠠ ᠬᠡᠯᠪᠡᠷᠢ ᠮᠥᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠳᠡᠭ᠃ ᠬᠢᠨᠠᠯᠲᠠ ᠲᠠᠯᠪᠢᠵᠤ ᠦᠨᠡᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠬᠢᠨᠠᠯᠲᠠ ᠲᠠᠯᠪᠢᠵᠤ ᠦᠨᠡᠯᠡᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠦᠷ᠎ᠡ ᠪᠦᠲᠦᠮᠵᠢ ᠶᠢ ᠨᠢ ᠴᠠᠭ ᠲᠤᠬᠠᠶ ᠳᠤᠨᠢ ᠮᠥᠷᠳᠡᠨ ᠠᠰᠠᠭᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠰᠢᠪᠠᠳᠠᠨ ︽ᠭᠤᠷᠪᠠᠨ ᠶᠡᠭᠡ ᠨᠢᠭᠡ ᠴᠢᠩᠭ᠎ᠠ︾ ᠶᠢᠨ ᠲᠤᠰᠬᠠᠶ ᠠᠵᠢᠯᠯᠠᠭ᠎ᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠤᠯᠠᠨ ᠲᠦᠮᠡᠨ ᠤ ᠲᠤᠰᠬᠠᠭᠰᠠᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠳᠠᠪᠬᠤᠷᠳᠠᠭᠤᠯᠤᠨ ᠢᠯᠡᠴᠢᠯᠡᠨ ᠮᠡᠳᠡᠭᠦᠯᠬᠦ ᠶᠠᠪᠤᠳᠠᠯ ᠡᠭᠦᠰᠬᠦ ᠶᠢ ᠡᠬᠢ ᠰᠤᠷᠪᠤᠯᠵᠢ ᠠᠴᠠ ᠨᠢ ᠪᠠᠭᠠᠰᠬᠠᠨ᠎ᠠ᠃ ᠲᠠᠷᠠᠭᠠᠴᠢ ᠶᠢᠨ ᠠᠯᠬᠤᠮ ᠳᠤ ᠦᠷᠭᠦᠯᠵᠢᠯᠡᠨ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠬᠤ᠂ ᠳᠠᠯᠳᠠᠭᠤᠷ ᠰᠤᠷᠪᠤᠯᠵᠢᠯᠠᠵᠤ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠱᠠᠲᠤᠨ ᠤ ᠤᠳᠤᠷᠢᠳᠤᠯᠭ᠎ᠠ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠵᠥᠷᠢᠴᠡᠯ ᠢ ᠵᠢᠭᠰᠠᠭᠠᠨ ᠪᠠᠶᠢᠴᠠᠭᠠᠬᠤ᠂ ᠰᠢᠢᠳᠪᠦᠷᠢᠯᠡᠬᠦ ᠶᠢ ᠳᠥᠯᠭᠢᠨ ᠠᠬᠢᠭᠤᠯᠬᠤ ᠵᠡᠷᠭᠡ ᠠᠵᠢᠯ ᠳᠤ ᠪᠥᠬᠦ ᠲᠠᠯ᠎ᠠ ᠶᠢᠨ ᠬᠢᠨᠠᠯᠲᠠ ᠲᠠᠯᠪᠢᠵᠤ ᠦᠨᠡᠯᠡᠨ ᠪᠠᠶᠢᠴᠠᠭᠠᠯᠲᠠ ᠬᠢᠵᠦ᠂ ᠲᠤᠰᠬᠠᠶ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号