ᠲᠦᠮᠡᠳ ᠵᠡᠭᠦᠨ ᠬᠤᠰᠢᠭᠤᠨ ᠤ ᠰᠢᠶᠠᠩ ᠪᠠᠯᠭᠠᠰᠤᠨ ᠤ ᠤᠳᠬ᠎ᠠ ᠤᠷᠠᠯᠢᠭ ᠤᠨ ᠬᠤᠯᠪᠣᠭ᠎ᠠ ᠪᠠᠶᠢᠭᠤᠯᠤᠭᠳᠠᠭᠰᠠᠨ ᠵᠢᠴᠢ ᠠᠩᠬᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/3
     11 ᠰᠠᠷ᠎ᠠ ᠶᠢᠨ 29 ᠤ ᠡᠳᠦᠷ᠂ ᠲᠦᠮᠡᠳ ᠵᠡᠭᠦᠨ ᠬᠤᠰᠢᠭᠤᠨ ᠤ ᠰᠢᠶᠠᠩ ᠪᠠᠯᠭᠠᠰᠤᠨ ᠤ ᠤᠳᠬ᠎ᠠ ᠤᠷᠠᠯᠢᠭ ᠤᠨ ᠬᠤᠯᠪᠣᠭ᠎ᠠ ᠪᠠᠶᠢᠭᠤᠯᠤᠭᠳᠠᠭᠰᠠᠨ ᠵᠢᠴᠢ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ ᠬᠤᠷᠠᠯ ᠤᠨ ᠲᠥᠪ ᠲᠤ ᠬᠤᠷᠠᠯᠳᠤᠪᠠ᠃      ᠬᠤᠷᠠᠯ ᠠᠴᠠ ᠡᠯ᠎ᠡ ᠰᠢᠶᠠᠩ ᠪᠠᠯᠭᠠᠰᠤᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠲᠡᠷᠢᠭᠦᠯᠡᠭᠴᠢ ᠪᠠ ᠳᠡᠳ᠋ ᠲᠡᠷᠢᠭᠦᠯᠡᠭᠴᠢ ᠶᠢ ᠰᠣᠩᠭᠤᠨ ᠭᠠᠷᠭᠠᠭᠰᠠᠨ ᠪᠥᠭᠡᠳ ᠡᠯ᠎ᠡ ᠰᠢᠶᠠᠩ ᠪᠠᠯᠭᠠᠰᠤᠨ ᠤ ᠤᠳᠬ᠎ᠠ ᠤᠷᠠᠯᠢᠭ ᠤᠨ ᠬᠤᠯᠪᠣᠭ᠎ᠠ ᠳᠤ ᠫᠠᠶᠢᠰᠠ ᠣᠯᠭᠤᠭᠰᠠᠨ ᠪᠠᠶᠢᠨ᠎ᠠ᠃      ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ᠂ ᠡᠯ᠎ᠡ ᠰᠢᠶᠠᠩ ᠪᠠᠯᠭᠠᠰᠤᠨ ᠤ ᠤᠳᠬ᠎ᠠ ᠤᠷᠠᠯᠢᠭ ᠤᠨ ᠬᠤᠯᠪᠣᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠤᠭ ᠳᠠᠯᠪᠠᠭ᠎ᠠ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠪᠠᠳᠠᠷᠠᠭᠤᠯᠬᠤ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠪᠦᠯᠬᠦᠮᠳᠡᠵᠦ ᠬᠥᠲᠥᠯᠥᠨ ᠵᠢᠯᠣᠭᠤᠳᠬᠤ᠂ ᠬᠤᠯᠪᠣᠭ᠎ᠠ ᠠᠪᠴᠤ ᠵᠣᠬᠢᠴᠠᠭᠤᠯᠬᠤ᠂ ᠦᠢᠯᠡᠴᠢᠯᠡᠵᠦ ᠬᠠᠮᠢᠶᠠᠷᠬᠤ᠂ ᠥᠪᠡᠷ ᠢ ᠪᠠᠨ ᠬᠢᠵᠠᠭᠠᠷᠯᠠᠵᠤ ᠡᠷᠬᠡ ᠪᠠᠨ ᠬᠠᠮᠠᠭᠠᠯᠠᠬᠤ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠵᠣᠬᠢᠶᠠᠨ ᠪᠠᠶᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠭᠠᠷ ᠢᠶᠠᠨ ᠰᠤᠩᠭᠠᠨ᠂ ᠪᠥᠬᠦ ᠬᠤᠰᠢᠭᠤᠨ ᠤ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ᠂ ᠳᠤᠷ᠎ᠠ ᠪᠠᠭ᠋ᠠᠲᠠᠶ ᠬᠥᠮᠦᠰ ᠢ ᠨᠢᠭᠲᠠᠷᠠᠭᠤᠯᠵᠤ᠂ ᠤᠳᠬ᠎ᠠ ᠤᠷᠠᠯᠢᠭ ᠤᠨ ᠹᠷᠣᠨᠲ ᠤᠨ ᠬᠦᠴᠦᠨ ᠢ ᠳᠠᠶᠢᠴᠢᠯᠠᠵᠤ᠂ ᠠᠷᠠᠳ ᠣᠯᠠᠨ ᠤ ᠳᠤᠮᠳᠠ ᠬᠠᠳᠠᠭᠠᠯᠠᠭᠳᠠᠵᠤ ᠪᠠᠶᠢᠭ᠎ᠠ ᠵᠣᠬᠢᠶᠠᠨ ᠪᠦᠲᠦᠭᠡᠬᠦ ᠬᠦᠴᠦᠨ ᠴᠢᠳᠠᠯ ᠢ ᠬᠥᠭᠵᠢᠭᠡᠨ ᠪᠠᠳᠠᠷᠠᠭᠤᠯᠵᠤ᠂ ᠲᠦᠮᠡᠳ ᠵᠡᠭᠦᠨ ᠬᠤᠰᠢᠭᠤᠨ ᠤ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号