11 ᠰᠠᠷ᠎ᠠ ᠶᠢᠨ 29 ᠤ ᠡᠳᠦᠷ᠂ ᠲᠦᠮᠡᠳ ᠵᠡᠭᠦᠨ ᠬᠤᠰᠢᠭᠤᠨ ᠤ ᠰᠢᠶᠠᠩ ᠪᠠᠯᠭᠠᠰᠤᠨ ᠤ ᠤᠳᠬ᠎ᠠ | ᠤᠷᠠᠯᠢᠭ ᠤᠨ ᠬᠤᠯᠪᠣᠭ᠎ᠠ ᠪᠠᠶᠢᠭᠤᠯᠤᠭᠳᠠᠭᠰᠠᠨ ᠵᠢᠴᠢ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ | ᠬᠤᠷᠠᠯ ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ ᠬᠤᠷᠠᠯ ᠤᠨ ᠲᠥᠪ ᠲᠤ ᠬᠤᠷᠠᠯᠳᠤᠪᠠ᠃ | ᠬᠤᠷᠠᠯ ᠠᠴᠠ ᠡᠯ᠎ᠡ ᠰᠢᠶᠠᠩ ᠪᠠᠯᠭᠠᠰᠤᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠲᠡᠷᠢᠭᠦᠯᠡᠭᠴᠢ ᠪᠠ ᠳᠡᠳ᠋ | ᠲᠡᠷᠢᠭᠦᠯᠡᠭᠴᠢ ᠶᠢ ᠰᠣᠩᠭᠤᠨ ᠭᠠᠷᠭᠠᠭᠰᠠᠨ ᠪᠥᠭᠡᠳ ᠡᠯ᠎ᠡ ᠰᠢᠶᠠᠩ ᠪᠠᠯᠭᠠᠰᠤᠨ ᠤ ᠤᠳᠬ᠎ᠠ ᠤᠷᠠᠯᠢᠭ ᠤᠨ | ᠬᠤᠯᠪᠣᠭ᠎ᠠ ᠳᠤ ᠫᠠᠶᠢᠰᠠ ᠣᠯᠭᠤᠭᠰᠠᠨ ᠪᠠᠶᠢᠨ᠎ᠠ᠃ | ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ᠂ ᠡᠯ᠎ᠡ ᠰᠢᠶᠠᠩ | ᠪᠠᠯᠭᠠᠰᠤᠨ ᠤ ᠤᠳᠬ᠎ᠠ ᠤᠷᠠᠯᠢᠭ ᠤᠨ ᠬᠤᠯᠪᠣᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠲᠤᠭ ᠳᠠᠯᠪᠠᠭ᠎ᠠ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ | ᠮᠠᠨᠳᠤᠭᠤᠯᠬᠤ᠂ ᠳᠦᠷᠢ ᠲᠥᠷᠬᠦ ᠶᠢ ᠪᠠᠳᠠᠷᠠᠭᠤᠯᠬᠤ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ | ᠪᠦᠯᠬᠦᠮᠳᠡᠵᠦ ᠬᠥᠲᠥᠯᠥᠨ ᠵᠢᠯᠣᠭᠤᠳᠬᠤ᠂ ᠬᠤᠯᠪᠣᠭ᠎ᠠ ᠠᠪᠴᠤ ᠵᠣᠬᠢᠴᠠᠭᠤᠯᠬᠤ᠂ ᠦᠢᠯᠡᠴᠢᠯᠡᠵᠦ ᠬᠠᠮᠢᠶᠠᠷᠬᠤ᠂ | ᠥᠪᠡᠷ ᠢ ᠪᠠᠨ ᠬᠢᠵᠠᠭᠠᠷᠯᠠᠵᠤ ᠡᠷᠬᠡ ᠪᠠᠨ ᠬᠠᠮᠠᠭᠠᠯᠠᠬᠤ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠶ ᠭᠦᠢᠴᠡᠳᠬᠡᠵᠦ᠂ | ᠵᠣᠬᠢᠶᠠᠨ ᠪᠠᠶᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠭᠠᠷ ᠢᠶᠠᠨ ᠰᠤᠩᠭᠠᠨ᠂ ᠪᠥᠬᠦ ᠬᠤᠰᠢᠭᠤᠨ ᠤ | ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ᠂ ᠳᠤᠷ᠎ᠠ ᠪᠠᠭ᠋ᠠᠲᠠᠶ ᠬᠥᠮᠦᠰ ᠢ ᠨᠢᠭᠲᠠᠷᠠᠭᠤᠯᠵᠤ᠂ ᠤᠳᠬ᠎ᠠ | ᠤᠷᠠᠯᠢᠭ ᠤᠨ ᠹᠷᠣᠨᠲ ᠤᠨ ᠬᠦᠴᠦᠨ ᠢ ᠳᠠᠶᠢᠴᠢᠯᠠᠵᠤ᠂ ᠠᠷᠠᠳ ᠣᠯᠠᠨ ᠤ ᠳᠤᠮᠳᠠ ᠬᠠᠳᠠᠭᠠᠯᠠᠭᠳᠠᠵᠤ ᠪᠠᠶᠢᠭ᠎ᠠ | ᠵᠣᠬᠢᠶᠠᠨ ᠪᠦᠲᠦᠭᠡᠬᠦ ᠬᠦᠴᠦᠨ ᠴᠢᠳᠠᠯ ᠢ ᠬᠥᠭᠵᠢᠭᠡᠨ ᠪᠠᠳᠠᠷᠠᠭᠤᠯᠵᠤ᠂ ᠲᠦᠮᠡᠳ ᠵᠡᠭᠦᠨ ᠬᠤᠰᠢᠭᠤᠨ ᠤ ᠤᠳᠬ᠎ᠠ | ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕ | | | | | | | | | | | | | | | | | | | | | | | | | | | | | | | | | | | | | | | | |