ᠲᠦᠮᠡᠳ ᠵᠡᠭᠦᠨ ᠬᠤᠰᠢᠭᠤᠨ ᠤ ᠬᠠᠢ ᠯᠢᠦ ᠴᠥᠭᠦᠷᠥᠮ ᠨᠢᠭᠡᠨᠲᠡ ᠨᠡᠭᠦᠳᠡᠯ ᠤᠨ ᠰᠢᠪᠠᠭᠤᠨ ᠤ ᠰᠢᠨ᠎ᠡ ᠭᠡᠷ ᠣᠷᠣᠨ ᠪᠣᠯᠵᠠᠢ
ᠨᠡᠶᠢᠲᠡᠯᠡᠭᠰᠡᠨ ᠴᠠᠭ᠄
2021/12/3
     ᠣᠶᠢᠷ᠎ᠠ ᠶᠢᠨ ᠬᠡᠳᠦᠨ ᠡᠳᠦᠷ᠂ ᠲᠦᠮᠡᠳ ᠵᠡᠭᠦᠨ ᠬᠤᠰᠢᠭᠤᠨ ᠤ ᠬᠠᠶ ᠯᠢᠦ ᠤᠰᠤᠨ ᠴᠥᠭᠦᠷᠥᠮ ᠨᠡᠷ᠎ᠡ ᠭᠠᠷᠴᠤ᠂ ︽ᠲᠣᠤᠷ ᠰᠦᠯᠵᠢᠶᠡᠨ ᠤ ᠺᠠᠷᠲ ᠴᠣᠬᠢᠬᠤ ᠭᠠᠵᠠᠷ︾ ᠪᠣᠯᠤᠭᠰᠠᠨ ᠪᠠᠶᠢᠨ᠎ᠠ᠃ ᠬᠡᠳᠦ᠋ᠢᠪᠡᠷ ᠬᠡᠰᠡᠭ ᠤᠰᠤᠨ ᠤ ᠭᠠᠳᠠᠷᠭᠤ ᠳᠡᠭᠡᠷ᠎ᠡ ᠮᠥᠰᠥ ᠬᠥᠯᠳᠡᠭᠰᠡᠨ ᠪᠣᠯᠪᠠᠴᠤ ᠠᠳᠡ ᠮᠥᠨ ᠯᠡ ᠨᠡᠭᠦᠳᠡᠯ ᠤᠨ ᠰᠢᠪᠠᠭᠤᠳ ᠰᠦᠷᠦᠭᠯᠡᠨ᠂ ᠵᠢᠷᠭᠢᠨ ᠳᠤᠩᠭᠤᠳᠴᠤ᠂ ᠵᠤᠭᠠᠯᠠᠵᠤ ᠵᠤᠭᠠᠯᠠᠬᠤ ᠪᠤᠶᠤ ᠢᠳᠡᠰᠢ ᠡᠷᠢᠵᠦ᠂ ᠡᠶ᠎ᠡ ᠵᠣᠬᠢᠴᠠᠯ ᠲᠠᠢ ᠭᠤᠶᠢᠳᠠ ᠰᠠᠶᠢᠬᠠᠨ ᠠᠮᠢ ᠠᠬᠤᠶ ᠶᠢᠨ ᠵᠢᠷᠤᠭ ᠢ ᠢᠯᠡᠷᠡᠭᠦᠯᠵᠦ ᠪᠠᠶᠢᠳᠠᠭ᠃      ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠠᠰᠤᠷᠠᠯᠲᠠ ᠥᠬᠡᠶ ᠰᠠᠶᠢᠵᠢᠷᠠᠬᠤ ᠶᠢ ᠳᠠᠭᠠᠯᠳᠤᠨ᠂ ᠤᠯᠠᠮ ᠠᠴᠠ ᠤᠯᠠᠮ ᠣᠯᠠᠨ ᠨᠡᠭᠦᠳᠡᠯ ᠤᠨ ᠰᠢᠪᠠᠭᠤᠳ ᠲᠡᠯᠡᠶ ᠶᠢᠨ ᠤᠷᠤᠰᠬᠠᠯ ᠤᠨ ᠴᠥᠭᠦᠷᠥᠮ ᠳᠤ ᠢᠷᠡᠵᠦ ᠣᠷᠣᠰᠢᠨ ᠰᠠᠭᠤᠬᠤ ᠪᠣᠯᠪᠠ᠃ ᠡᠨᠡ ᠬᠡᠳᠦᠨ ᠡᠳᠦᠷ᠂ ᠬᠢᠯᠢ ᠪᠠᠷ ᠥᠩᠭᠡᠷᠡᠬᠦ ᠨᠡᠭᠦᠳᠡᠯ ᠤᠨ ᠰᠢᠪᠠᠭᠤᠨ ᠤ ᠲᠤᠭ᠎ᠠ ᠨᠢᠭᠡᠨᠲᠡ ᠬᠡᠳᠦᠨ ᠲᠦᠮᠡ ᠬᠦᠷᠴᠦ᠂ ᠬᠤᠨ ᠭᠠᠯᠠᠭᠤ᠂ ᠪᠣᠷᠣ ᠲᠣᠭᠤᠷᠤᠤ᠂ ᠬᠡᠭᠡᠷ᠎ᠡ ᠶᠢᠨ ᠨᠤᠭᠤᠰᠤ᠂ ᠤᠯᠠᠭᠠᠨ ᠬᠤᠰᠢᠭᠤᠲᠤ ᠴᠠᠬᠤᠯᠠᠶ ᠵᠡᠷᠭᠡ ᠶᠢ ᠪᠠᠭᠲᠠᠭᠠᠭᠰᠠᠨ ᠲᠥᠷᠥᠯ ᠵᠦᠢᠯ ᠨᠢ ᠮᠠᠰᠢ ᠣᠯᠠᠨ ᠪᠠᠶᠢᠳᠠᠭ᠃      ᠣᠳᠣ ᠶᠢᠨ ᠬᠠᠢ ᠯᠢᠦ ᠤᠰᠤᠨ ᠴᠥᠭᠦᠷᠥᠮ ᠨᠢ ᠨᠡᠭᠦᠳᠡᠯ ᠤᠨ ᠰᠢᠪᠠᠭᠤᠳ ᠤᠨ ᠲᠦᠷ ᠰᠠᠭᠤᠬᠤ ᠭᠠᠵᠠᠷ ᠲᠡᠳᠦᠶ ᠪᠢᠰᠢ᠂ ᠬᠠᠷᠢᠨ ᠲᠡᠳᠡᠨ ᠤ ᠡᠭᠦᠷᠢᠳᠡ ᠶᠢᠨ ᠣᠷᠣᠰᠢᠨ ᠰᠠᠭᠤᠬᠤ ᠭᠠᠵᠠᠷ ᠪᠣᠯᠬᠤ ︽ᠰᠢᠨ᠎ᠡ ᠭᠡᠷ ᠣᠷᠣᠨ︾ ᠪᠣᠯᠵᠠᠶ᠃ ᠡᠨᠡ ᠵᠢᠯ ᠤᠨ ᠠᠭᠤᠷ ᠠᠮᠢᠰᠬᠤᠯ ᠨᠡᠯᠢᠶᠡᠳ ᠳᠤᠯᠠᠭᠠᠨ ᠪᠥᠭᠡᠳ ᠣᠳᠣᠬᠠᠨ ᠳᠤ ᠶᠠᠭ ᠰᠠᠶᠢᠬᠠᠨ ᠤᠰᠤᠨ ᠴᠥᠭᠦᠷᠥᠮ ᠤᠨ ᠡᠷᠬᠢᠨ ᠲᠣᠭᠤᠷᠢᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠬᠤᠭᠤᠴᠠᠭᠠᠨ ᠳᠤ ᠣᠷᠣᠰᠢᠵᠤ᠂ ᠠᠮᠢᠳᠤ ᠤᠰᠤ ᠲᠠᠢ ᠪᠣᠯᠬᠤᠷ ᠨᠡᠭᠦᠳᠡᠯ ᠤᠨ ᠰᠢᠪᠠᠭᠤ ᠴᠤ ᠬᠠᠷᠢᠴᠠᠩᠭᠤᠶ ᠪᠠᠷ ᠣᠷᠣᠶ ᠰᠢᠭ᠋ ᠶᠠᠪᠤᠳᠠᠭ᠃      ᠮᠠᠨ ᠤ ᠬᠤᠰᠢᠭᠤᠨ ᠤ ︽ᠭᠤᠤᠯ ᠨᠠᠭᠤᠷ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠭᠦᠨᠵᠡᠭᠡᠶ ᠥᠷᠨᠢᠬᠦ ᠶᠢ ᠳᠠᠭᠠᠯᠳᠤᠨ᠂ ᠬᠠᠢ ᠯᠢᠦ ᠤᠰᠤᠨ ᠴᠥᠭᠦᠷᠥᠮ ᠵᠢᠴᠢ ᠳᠡᠭᠡᠳᠦ ᠤᠷᠤᠰᠬᠠᠯ ᠤᠨ ᠭᠤᠤᠯ ᠤᠨ ᠤᠰᠤᠨ ᠤ ᠴᠢᠨᠠᠷ ᠶᠡᠭᠡ ᠪᠠᠷ ᠳᠡᠭᠡᠭᠰᠢᠯᠡᠵᠦ᠂ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠡᠨᠡ ᠬᠡᠳᠦᠨ ᠵᠢᠯ ᠳᠤ᠂ ᠵᠢᠯ ᠪᠦᠷᠢ ᠮᠢᠩᠭ᠎ᠠ ᠲᠦᠮᠡᠨ ᠤᠯᠠᠭᠠᠨ ᠴᠣᠬᠤᠷ ᠨᠤᠭᠤᠰᠤ ᠡᠮᠦᠨᠡᠰᠢ ᠨᠡᠭᠦᠬᠦ ᠪᠠᠨ ᠪᠤᠯᠢᠵᠤ᠂ ᠬᠠᠷᠢᠨ ᠬᠠᠢ ᠯᠢᠦ ᠤᠰᠤᠨ ᠴᠥᠭᠦᠷᠥᠮ ᠳᠤ ᠰᠠᠭᠤᠷᠢᠰᠢᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠲᠦᠮᠡᠳ ᠵᠡᠭᠦᠨ ᠬᠤᠰᠢᠭᠤᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠵᠢᠯ ᠪᠦᠷᠢ ᠨᠡᠭᠦᠳᠡᠯ ᠤᠨ ᠰᠢᠪᠠᠭᠤ ᠶᠢ ᠬᠠᠮᠠᠭᠠᠯᠠᠬᠤ ᠲᠤᠰᠬᠠᠶ ᠠᠵᠢᠯᠯᠠᠭ᠎ᠠ ᠥᠷᠨᠢᠭᠦᠯᠵᠦ᠂ ᠤᠰᠤᠨ ᠴᠥᠭᠦᠷᠥᠮ ᠤᠨ ᠡᠷᠬᠢᠨ ᠲᠣᠭᠤᠷᠢᠨ ᠤ ᠠᠶᠢᠯ ᠲᠣᠰᠬᠤᠨ ᠳᠤ ᠭᠦᠨᠵᠡᠭᠡᠶᠢᠷᠡᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠬᠠᠤᠯᠢ ᠵᠢᠴᠢ ᠵᠠᠷᠢᠮ ᠬᠡᠷᠡᠭ ᠤᠨ ᠵᠢᠱᠢᠶ᠎ᠡ ᠶᠢ ᠤᠬᠠᠭᠤᠯᠵᠤ᠂ ᠥᠷᠭᠡᠨ ᠣᠯᠠᠨ ᠲᠦᠮᠡᠨ ᠤ ᠰᠢᠪᠠᠭᠤᠨ ᠤ ᠲᠥᠷᠥᠯ ᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠵᠦ᠂ ᠪᠠᠰᠠ ᠤᠯᠠᠭᠠᠨ ᠴᠣᠬᠤᠷ ᠨᠤᠭᠤᠰᠤ ᠵᠡᠷᠭᠡ ᠨᠡᠭᠦᠳᠡᠯ ᠤᠨ ᠰᠢᠪᠠᠭᠤᠳ ᠤᠨ ᠠᠳᠡ ᠡᠭᠦᠷᠢᠳᠡ ︽ᠣᠷᠣᠰᠢᠨ ᠰᠠᠭᠤᠬᠤ︾ ᠶᠢ ᠰᠣᠩᠭᠤᠬᠤ ᠳᠤ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶᠢᠨ᠎ᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号