ᠪᠥᠬᠦ ᠬᠤᠰᠢᠭᠤᠨ ᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/3
     12 ᠰᠠᠷ᠎ᠠ ᠶᠢᠨ 2 ᠤᠨ ᠡᠳᠦᠷ᠂ ᠪᠥᠬᠦ ᠬᠤᠰᠢᠭᠤᠨ ᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠧᠶ ᠬᠤᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠴᠠᠭᠳᠠᠨ ᠪᠠᠶᠢᠴᠠᠭᠠᠬᠤ ᠺᠠᠳ᠋ᠷᠴᠤᠳ ᠤᠯᠤᠰ ᠲᠥᠷᠥ᠂ ᠪᠦᠬᠦ ᠲᠠᠯ᠎ᠠ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠲᠠᠨᠢᠯᠲᠠ ᠪᠠᠨ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠳᠥᠯᠭᠢᠨ ᠠᠬᠢᠭᠤᠯᠬᠤ ᠶᠢᠨ ᠲᠦᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠢ ᠶᠢᠨ ᠫᠢᠩ ᠶᠡᠷᠦᠩᠬᠡᠶ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠦᠮᠡᠳ ᠵᠡᠭᠦᠨ ᠬᠤᠰᠢᠭᠤᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠬᠥᠭᠵᠢᠭᠦᠯᠦᠨ᠎ᠡ᠃      ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠴᠠᠭᠳᠠᠨ ᠪᠠᠶᠢᠴᠠᠭᠠᠬᠤ ᠺᠠᠳ᠋ᠷᠴᠤᠳ ᠰᠢᠨ᠎ᠡ ᠴᠠᠭ ᠦᠶ᠎ᠡ ᠶᠢᠨ ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠲᠤᠪᠤᠶᠢᠯᠭᠠᠵᠦ᠂ ᠬᠢᠨᠠᠯᠲᠠ ᠲᠠᠯᠪᠢᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠯᠲᠠ ᠶᠢ ᠪᠦᠬᠦᠨ ᠢ ᠪᠦᠷᠬᠦᠬᠦᠯᠬᠦ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠯᠲᠠ ᠶᠢᠨ ᠦᠷ᠎ᠡ ᠪᠦᠲᠦᠮᠵᠢ ᠪᠣᠯᠤᠨ ᠠᠰᠠᠭᠤᠳᠠᠯ ᠢ ᠢᠯᠡᠷᠡᠭᠦᠯᠬᠦ ᠣᠨᠣᠪᠴᠢ ᠶᠢᠨ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ︔ ᠲᠣᠭᠤᠷᠢᠨ ᠪᠠᠶᠢᠴᠠᠭᠠᠬᠤ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠶᠢᠨ ᠳᠠᠭᠠᠤ ᠥᠭᠡᠷᠡᠴᠢᠯᠡᠵᠦ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠴᠠᠭ ᠲᠤᠨᠢ ᠲᠤᠬᠢᠷᠠᠭᠤᠯᠤᠨ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠰᠦᠷᠳᠡᠭᠦᠯᠦᠯ ᠢ ᠦᠷᠭᠦᠯᠵᠢᠯᠡᠨ ᠪᠤᠢ ᠪᠣᠯᠭᠠᠵᠤ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠪᠠᠬᠢᠵᠢᠭᠦᠯᠬᠦ ᠬᠡᠷᠡᠭᠲᠡᠢ᠃      ᠬᠤᠷᠠᠯ ᠠᠴᠠ᠂ ᠨᠠᠮ ᠤᠨ ᠲᠣᠭᠤᠷᠢᠨ ᠪᠠᠶᠢᠴᠠᠭᠠᠬᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ︽ᠨᠢᠭᠡ ᠬᠥᠯᠭᠡ ᠰᠢᠳᠠᠷ᠎ᠠ︾ ᠶᠢᠨ ᠰᠡᠳᠬᠢᠬᠦᠢ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠴᠠᠭᠳᠠᠨ ᠪᠠᠶᠢᠴᠠᠭᠠᠬᠤ ᠡᠩᠨᠡᠭᠡ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠪᠠᠲᠤ ᠬᠦᠴᠦᠨ ᠢ ᠢᠮᠠᠭᠲᠠ ᠪᠠᠷᠢᠮᠲᠠᠯᠠᠨ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠭᠰᠠᠨ ᠡᠭᠦᠷᠭᠡ ᠬᠠᠷᠠᠯᠲᠠ ᠶᠢ ᠪᠡᠶᠡᠯᠡᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠶ᠃      ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠯᠢᠦ ᠱᠣᠤ ᡁᠢ ᠬᠤᠷᠠᠯ ᠡᠷᠭᠢᠯᠡᠵᠦ᠂ ᠠᠷᠪᠠᠨ ᠬᠤᠶᠠᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠶᠡᠷᠦᠩᠬᠡᠶ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ︽ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠲᠣᠭᠲᠠᠭᠠᠯ︾ ᠢ ᠨᠡᠶᠢᠲᠡᠯᠡᠪᠡ᠃      ᠬᠤᠰᠢᠭᠤᠨ ᠤ ᠤᠳᠤᠷᠢᠳᠤᠯᠭ᠎ᠠ ᠵᠠᠩ ᠭᠤᠸᠠᠩ ᡁᠢ᠂ ᠭᠦᠸᠧ ᠵᠢᠶᠦ᠋ᠨ ᠯᠦᠩ᠂ ᠼᠧᠨ ᠰᠢᠤᠸᠠᠢ ᠹᠧᠩ᠂ ᠯᠢ ᠶᠣᠦ ᠴᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号