ᠲᠦᠮᠡᠳ ᠵᠡᠭᠦᠨ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ 3 ᠠᠵᠢᠯᠲᠠᠨ ᠮᠠᠨᠵᠤᠤᠷ ᠲᠤ ᠬᠦᠷᠴᠦ ᠰᠢᠨ᠎ᠡ ᠲᠢᠲᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2021/12/3
     2021 ᠣᠨ ᠤ 12 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠴᠢᠮ ᠮᠡᠳᠡᠭᠳᠡᠯ ᠢ ᠣᠯᠵᠤ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠠᠵᠢᠯᠲᠠᠨ ᠲᠣᠮᠢᠯᠠᠨ ᠮᠠᠨᠵᠤᠤᠷ ᠲᠤ ᠣᠴᠢᠭᠤᠯᠵᠤ ᠲᠤᠬᠠᠶ ᠶᠢᠨ ᠭᠠᠵᠠᠷ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠮᠵᠢᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠡᠭᠦᠷᠭᠡ ᠬᠦᠯᠢᠶᠡᠭᠰᠡᠨ ᠤ ᠳᠠᠷᠠᠭ᠎ᠠ᠂ ᠲᠦᠮᠡᠳ ᠵᠡᠭᠦᠨ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠲᠤᠰᠬᠠᠶ ᠮᠡᠷᠭᠡᠵᠢᠯ ᠤᠨ ᠠᠵᠢᠯᠲᠠᠨ ᠵᠠᠩ ᡁᠢ ᠯᠦ᠂ ᠴᠧᠨ ᠰᠢᠶᠤᠤ ᠢᠦᠶ᠂ ᠱᠢ ᠸᠧᠨ ᠯᠢᠩ ᠭᠤᠷᠪᠠ ᠶᠢ ᠵᠣᠬᠢᠶᠠᠨ ᠪᠠᠶᠢᠭᠤᠯᠵᠤ ᠲᠦᠮᠡᠳ ᠵᠡᠭᠦᠨ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠢ ᠲᠥᠯᠥᠭᠡᠯᠡᠭᠦᠯᠦᠨ᠂ 2021 ᠣᠨ ᠤ 12 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 11 ᠴᠠᠭ ᠲᠤ ᠵᠣᠬᠢᠴᠠᠩᠭᠤᠶ ᠡᠮ ᠡᠮᠨᠡᠯᠭᠡ ᠶᠢᠨ ᠡᠳ᠋ ᠪᠣᠳᠠᠰ ᠠᠪᠴᠤ ᠮᠠᠨᠵᠤᠤᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠲᠤ ᠬᠦᠷᠴᠡᠶ᠃
    ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠬᠡᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠂ ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠦᠮᠡᠳ ᠵᠡᠭᠦᠨ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠳᠤᠷᠢᠳᠤᠯᠭ᠎ᠠ ᠨᠠᠷ ᠠᠵᠢᠯᠯᠠᠭ᠎ᠠ ᠳᠤ ᠣᠷᠣᠯᠴᠠᠭᠰᠠᠨ ᠬᠥᠮᠦᠰ ᠢ ᠦᠳᠡᠨ ᠮᠣᠷᠳᠠᠭᠤᠯᠵᠠᠶ᠃      ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠤᠳᠤᠷᠢᠳᠬᠤ ᠪᠠᠭ ᠴᠢᠬᠤᠯᠠᠴᠢᠯᠠᠭᠰᠠᠨ ᠨᠢ᠂ ᠮᠠᠨᠵᠤᠤᠷ ᠢ ᠳᠡᠮᠵᠢᠨ᠂ ᠬᠢᠵᠢᠭ ᠢ ᠬᠠᠮᠲᠤ ᠪᠠᠷ ᠡᠰᠡᠷᠭᠦᠴᠡᠵᠦ᠂ ᠬᠠᠷᠢᠭᠤᠴᠠᠯᠭ᠎ᠠ ᠬᠦᠨᠳᠦ᠂ ᠡᠭᠦᠷᠭᠡ ᠢᠷᠠᠭᠤ ᠠᠯᠳᠠᠷᠲᠠᠶ᠂ 3 ᠬᠥᠮᠦᠨ ᠵᠢᠯᠣᠭᠤᠳᠣᠯᠭ᠎ᠠ ᠶᠢ ᠳᠠᠭᠠᠵᠤ᠂ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠬᠦ ᠥᠬᠡᠶ ᠪᠠᠶᠢᠬᠤ ᠬᠡᠷᠡᠭᠲᠡᠶ᠃ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠢᠨᠠᠮᠠᠭᠠᠶ ᠰᠠᠶᠢᠲᠤᠷ ᠬᠢᠵᠦ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠦᠨᠡᠨᠬᠦ ᠪᠠᠲᠤᠯᠠᠬᠤ ᠬᠡᠷᠡᠭᠲᠡᠶ᠃ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠠᠴᠠ 3 ᠭᠡᠰᠢᠭᠦᠨ ᠤ ᠪᠠᠭ᠎ᠠ ᠭᠡᠷ ᠢᠶᠠᠨ ᠬᠠᠶᠠᠵᠤ ᠤᠯᠠᠨ ᠤ ᠲᠥᠯᠥᠭᠡ ᠵᠢᠳᠬᠦᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠭᠦᠢᠴᠡᠳ ᠨᠤᠲᠠᠯᠠᠵᠤ᠂ ᠠᠮᠢᠳᠤᠷᠠᠯ ᠤᠨ ᠳᠤᠮᠳᠠ ᠬᠦᠴᠢᠷᠳᠡᠯ ᠲᠤᠯᠭᠠᠷᠠᠪᠠᠯ ᠵᠣᠬᠢᠶᠠᠨ ᠪᠠᠶᠢᠭᠤᠯᠤᠯᠲᠠ ᠳᠤ ᠰᠢᠭᠤᠳ ᠳᠤᠷᠠᠳᠴᠤ ᠪᠣᠯᠤᠨ᠎ᠠ᠂ ᠪᠠᠶᠢᠭᠤᠯᠤᠯᠭ᠎ᠠ ᠨᠢᠭᠡᠴᠡ ᠶᠢᠨ ᠬᠢᠨ ᠡᠯ᠎ᠡ ᠵᠦᠢᠯ ᠤᠨ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠯᠤᠰ ᠲᠤ ᠠᠶᠠᠯᠠᠬᠤ ︽ᠳᠠᠶᠢᠴᠢᠨ ᠬᠠᠨᠢ︾ ᠶᠢᠨ ᠠᠮᠤᠷ ᠠᠮᠤᠭᠤᠯᠠᠩ ᠢᠶᠠᠷ ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠰᠡᠨ ᠬᠦᠯᠢᠶᠡᠨ᠎ᠡ᠃      ᠲᠦᠷᠭᠡᠨ ᠲᠤᠰᠠᠯᠠᠬᠤ ᠪᠠᠷ ᠢᠷᠡᠭᠰᠡᠨ 3 ᠨᠥᠬᠦᠷ ᠢᠯᠡᠷᠬᠡᠶᠢᠯᠡᠬᠦ ᠳᠡᠭᠡᠨ᠂ ᠨᠢᠭᠡᠳᠦᠭᠡᠷ ᠹᠷᠣᠨᠲ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯᠲᠠᠨ ᠪᠣᠯᠤᠭᠰᠠᠨ ᠤ ᠬᠤᠪᠢ ᠳᠤ ᠬᠢᠵᠢᠭ ᠤᠨ ᠪᠠᠶᠢᠳᠠᠯ ᠤᠨ ᠡᠮᠦᠨ᠎ᠡ ᠶᠠᠭᠠᠬᠢᠭᠰᠠᠨ ᠴᠤ ᠤᠬᠤᠷᠢᠬᠤ ᠥᠬᠡᠶ᠂ ᠯᠠᠪᠲᠠᠶ ᠵᠢᠯᠣᠭᠤᠳᠣᠯᠭ᠎ᠠ ᠶᠢ ᠳᠠᠭᠠᠵᠤ᠂ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ ᠮᠠᠨᠵᠤᠤᠷ ᠲᠤ ᠲᠦᠷᠭᠡᠨ ᠲᠤᠰᠠᠯᠠᠬᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ ᠪᠣᠳᠠᠲᠤ ᠠᠵᠢᠯᠯᠠᠭ᠎ᠠ ᠪᠠᠷ ᠢᠶᠠᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯᠲᠠᠨ ᠤ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠵᠦ᠂ ᠠᠷᠠᠳ ᠣᠯᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ ᠥᠭᠭᠦᠨ᠎ᠡ ᠭᠡᠵᠡᠶ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号