ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠶ ᠶᠢ ᠲᠡᠭᠰᠢᠯᠡᠬᠦ ᠶᠡᠭᠡ ᠳᠠᠶᠢᠯᠠᠯᠳᠤᠭᠠᠨ ᠢ ᠲᠥᠪᠯᠡᠷᠡᠭᠦᠯᠦᠨ ᠡᠬᠢᠯᠡᠭᠦᠯᠬᠦ ᠲᠤᠬᠠᠶ ᠶᠢᠨ ᠲᠠᠯᠠᠪᠤᠷ ᠤᠨ ᠬᠤᠷᠠᠯ ᠬᠤᠷᠠᠯᠳᠤᠪᠠ᠂ ᠯᠢ ᠪᠢᠩ ᠷᠦᠩ ᠬᠤᠷᠠᠯ ᠳᠤ ᠣᠷᠣᠯᠴᠠᠵᠤ᠂ ᠾᠧ ᠬᠠᠶ ᠳ᠋ᠦᠩ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠪᠠ
ᠨᠡᠶᠢᠲᠡᠯᠡᠭᠰᠡᠨ ᠴᠠᠭ᠄
2021/12/7
     12 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠳᠤ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠶ ᠶᠢ ᠲᠡᠭᠰᠢᠯᠡᠬᠦ ᠶᠡᠭᠡ ᠳᠠᠶᠢᠯᠠᠯᠳᠤᠭᠠᠨ ᠤ ᠲᠤᠬᠠᠶ ᠶᠢᠨ ᠲᠠᠯᠠᠪᠤᠷ ᠤᠨ ᠬᠤᠷᠠᠯ ᠢ ᠲᠥᠪᠯᠡᠷᠡᠭᠦᠯᠦᠨ ᠡᠬᠢᠯᠡᠭᠦᠯᠪᠡ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ᠂ ᠡᠨᠡ ᠡᠪᠦᠯ ᠢᠷᠡᠬᠦ ᠬᠠᠪᠤᠷ ᠤᠨ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠠᠳᠬᠤᠵᠤ ᠂ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠤ ᠰᠢᠨ᠎ᠡ ᠥᠷᠨᠢᠯᠲᠡ ᠶᠢ ᠪᠤᠢ ᠪᠣᠯᠭᠠᠵᠤ᠂ ᠤᠯᠤᠰ ᠠᠴᠠ ᠪᠠᠭᠤᠯᠭᠠᠭᠰᠠᠨ ᠵᠢᠯ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠱᠠᠭᠠᠷᠳᠠᠯᠭ᠎ᠠ ᠶᠢ ᠪᠠᠷᠢᠮᠵᠢᠶ᠎ᠠ ᠲᠠᠢ ᠬᠠᠷᠭᠤᠭᠤᠯᠵᠤ᠂ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠤᠤᠯᠳᠠᠯᠭ᠎ᠠ ᠪᠣᠯᠭᠠᠨ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠦᠢᠯᠪᠤᠷᠢᠲᠠᠶ ᠪᠠᠶᠢᠴᠠᠭᠠᠨ ᠲᠣᠳᠣᠷᠬᠠᠶᠢᠯᠠᠵᠤ᠂ ᠲᠣᠳᠣᠷᠬᠠᠶ ᠣᠶᠢᠯᠠᠭᠠᠵᠤ᠂ ᠴᠢᠩᠭ᠎ᠠ ᠪᠥᠭᠡᠳ ᠪᠣᠳᠠᠲᠠᠶ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠱᠠᠲᠤᠨ ᠤ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠳᠡᠭᠡᠷ᠎ᠡ᠂ ᠪᠠᠰᠠ ᠡᠨᠡ ᠡᠪᠦᠯ ᠢᠷᠡᠬᠦ ᠬᠠᠪᠤᠷ ᠤᠨ ᠭᠠᠵᠠᠷ ᠰᠢᠷᠣᠢ ᠶᠢ ᠲᠡᠭᠰᠢᠯᠡᠬᠦ ᠬᠠᠮ ᠳᠠᠶᠢᠯᠠᠯᠳᠤᠭᠠᠨ ᠤ ᠸᠢᠳᠢᠣ᠋ ᠶᠢᠨ ᠡᠬᠢᠯᠡᠯᠲᠡ ᠶᠢᠨ ᠶᠣᠰᠣᠯᠠᠯ ᠢ ᠵᠡᠷᠭᠡᠪᠡᠷ ᠶᠠᠪᠤᠭᠳᠠᠭᠤᠯᠵᠠᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠶ ᠳ᠋ᠦᠩ ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠵᠢᠴᠢ ᠭᠠᠵᠠᠷ ᠰᠢᠷᠣᠶ ᠶᠢ ᠲᠡᠭᠰᠢᠯᠡᠬᠦ ᠶᠡᠭᠡ ᠳᠠᠶᠢᠯᠠᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠪᠡᠯᠡᠳᠬᠡᠯ ᠤᠨ ᠪᠠᠶᠢᠳᠠᠯ ᠢ ᠲᠤᠬᠠᠶ ᠶᠢᠨ ᠲᠠᠯᠠᠪᠠᠶ ᠳᠤ ᠬᠠᠷᠠᠭᠠᠨ ᠳᠠᠪᠲᠠᠮᠵᠢ ᠪᠠᠷ ᠬᠠᠷᠢᠭᠤ ᠮᠡᠳᠡᠭᠦᠯᠪᠡ᠃ ᠲᠡᠷᠡ ᠬᠡᠯᠡᠭᠰᠡᠨ ᠨᠢ᠂ ᠮᠠᠨ ᠤ ᠬᠤᠲᠠ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠣᠶᠤᠨ ᠴᠢᠳᠠᠯ ᠢᠶᠠᠨ ᠲᠥᠪᠯᠡᠷᠡᠭᠦᠯᠦᠨ ︽ᠡᠮᠦᠨᠡᠬᠢ ᠬᠤᠭᠤᠴᠠᠭᠠᠨ ᠤ ᠠᠵᠢᠯ ᠢ ᠠᠳᠬᠤᠵᠤ︾᠂ ᠡᠪᠦᠯ ᠤᠨ ᠰᠡᠯᠡᠭᠦᠦ ᠴᠠᠭ ᠢᠶᠠᠨ ᠠᠰᠢᠭᠯᠠᠨ᠂ ᠰᠢᠨ᠎ᠡ ᠪᠠᠷ ᠪᠠᠶᠢᠭᠤᠯᠬᠤ ᠭᠠᠵᠠᠷ ᠰᠢᠷᠣᠶ ᠶᠢᠨ ᠭᠠᠵᠠᠷ ᠰᠣᠩᠭᠤᠬᠤ᠂ ᠭᠠᠵᠠᠷ ᠰᠢᠷᠣᠶ ᠶᠢ ᠲᠡᠭᠰᠢᠯᠡᠬᠦ᠂ ᠲᠥᠯᠥᠪᠵᠢᠭᠦᠯᠦᠨ ᠵᠢᠷᠤᠵᠤ ᠲᠥᠯᠥᠪᠯᠡᠬᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠪᠣᠯᠪᠠᠰᠤᠷᠠᠭᠤᠯᠤᠯ ᠬᠢᠬᠦ ᠵᠡᠷᠭᠡ ᠠᠵᠢᠯ ᠢ ᠤᠷᠢᠳᠴᠢᠯᠠᠨ ᠪᠡᠶᠡᠯᠡᠭᠦᠯᠵᠦ᠂ ᠢᠷᠡᠬᠦ ᠵᠢᠯ ᠤᠨ 3 ᠰᠠᠷ᠎ᠠ ᠶᠢᠨ 20 ᠤ ᠡᠳᠦᠷ ᠪᠥᠬᠦ ᠲᠠᠯ᠎ᠠ ᠪᠠᠷ ᠡᠬᠢᠯᠡᠨ ᠪᠥᠲᠥᠭᠡᠨ ᠪᠠᠶᠢᠭᠤᠯᠬᠤ ᠶᠢ ᠦᠨᠡᠨ ᠬᠦ ᠪᠠᠲᠤᠯᠠᠨ᠎ᠠ ᠭᠡᠵᠡᠶ᠃ ᠬᠦᠴᠦᠨ ᠢᠶᠠᠨ ᠲᠥᠪᠯᠡᠷᠡᠭᠦᠯᠦᠨ ︽ᠢᠵᠢ ᠪᠥᠷᠢᠳᠦᠭᠦᠯᠬᠦ ᠶᠢ ᠠᠳᠬᠤᠵᠤ︾᠂ ︽ᠳᠣᠯᠤᠭ᠎ᠠ ᠶᠢ ᠢᠵᠢ ᠪᠥᠷᠢᠳᠦᠭᠦᠯᠬᠦ︾ ᠵᠠᠷᠴᠢᠮ ᠶᠣᠰᠣᠭᠠᠷ᠂ ᠲᠠᠷᠢᠶᠠᠨ ᠭᠠᠵᠠᠷ᠂ ᠤᠰᠤ᠂ ᠵᠠᠮ᠂ ᠰᠤᠪᠠᠭ᠂ ᠣᠶ ᠰᠢᠭᠤᠶ᠂ ᠴᠠᠬᠢᠯᠭᠠᠨ᠂ ᠮᠡᠷᠭᠡᠵᠢᠯ ᠵᠡᠷᠭᠡ ᠶᠡᠷᠦᠩᠬᠡᠶᠢᠯᠡᠭᠰᠡᠨ ᠢᠵᠢ ᠪᠥᠷᠢᠳᠦᠭᠦᠯᠬᠦ ᠪᠡᠯᠡᠳᠬᠡᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠎ᠡ᠃ ᠬᠦᠴᠦᠨ ᠢᠶᠠᠨ ᠲᠥᠪᠯᠡᠷᠡᠭᠦᠯᠦᠨ ︽ᠣᠷᠣᠭᠤᠯᠤᠯᠲᠠ ᠶᠢ ᠠᠳᠬᠤᠵᠤ︾᠂ 1.6 ᠳ᠋ᠦᠩᠰᠢᠭᠤᠷ ᠲᠥᠭᠦᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠶᠢᠨ ᠬᠠᠮᠲᠤ 3000 ᠮᠥ ᠠᠴᠠ ᠳᠡᠭᠡᠭᠰᠢᠬᠢ ᠲᠥᠪᠯᠡᠷᠡᠨ ᠵᠠᠯᠭᠠᠯᠳᠤᠭᠰᠠᠨ ᠲᠠᠷᠢᠶᠠᠨ ᠭᠠᠵᠠᠷ ᠤᠨ ᠥᠭᠡᠷᠡᠴᠢᠯᠡᠯᠲᠡ ᠳᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠬᠦᠴᠦᠨ ᠢᠶᠠᠨ ᠲᠥᠪᠯᠡᠷᠡᠭᠦᠯᠦᠨ ︽ᠦᠷ᠎ᠡ ᠪᠦᠲᠦᠮᠵᠢ ᠶᠢ ᠠᠳᠬᠤᠵᠤ︾᠂ ᠲᠥᠪᠯᠡᠷᠡᠭᠦᠯᠦᠨ ᠳᠣᠭᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠬᠠᠮᠠᠭᠠᠯᠠᠬᠤ᠂ ᠰᠢᠯᠭᠠᠨ ᠬᠤᠷᠢᠶᠠᠬᠤ ᠶᠢ ᠴᠢᠩᠳᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠤᠰᠤ᠂ ᠪᠣᠷᠲᠣᠭᠤᠷ᠂ ᠡᠮ᠂ ᠪᠦᠷᠬᠦᠭᠦᠯ︾ ︽ᠳᠥᠷᠪᠡ ᠶᠢ ᠡᠵᠡᠮᠳᠡᠬᠦ︾ ᠪᠠ ︽ᠠᠮᠤ ᠪᠤᠳᠠᠭᠠᠨ ᠤ ᠤᠨᠠᠯᠲᠠ᠂ ᠲᠠᠷᠢᠶᠠᠴᠢᠳ ᠤᠨ ᠣᠷᠣᠯᠭ᠎ᠠ︾ ︽ᠬᠤᠶᠠᠷ ᠢ ᠨᠡᠮᠡᠭᠳᠡᠭᠦᠯᠬᠦ︾ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠦᠷ᠎ᠡ ᠪᠦᠲᠦᠮᠵᠢᠲᠡᠶ ᠤᠷᠤᠭᠰᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃      ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠶᠢ ᠮᠠᠨ ᠤ ᠬᠤᠰᠢᠭᠤᠨ ᠤ ᠴᠠᠭᠠᠰᠤᠴᠢ ᠪᠠᠯᠭᠠᠰᠤᠨ ᠤ ᠨᠠᠰᠤᠨᠲᠦ ᠲᠣᠰᠬᠤᠨ ᠳᠤ ᠪᠠᠶᠢᠷᠢᠯᠠᠭᠤᠯᠵᠤ᠂ ᠬᠤᠲᠠ ᠶᠢᠨ ᠳᠡᠳ᠋ ᠳᠠᠷᠤᠭ᠎ᠠ ᠰᠢᠤᠢ ᠱᠸᠤ ᠵᠢᠶ᠂ ᠬᠤᠰᠢᠭᠤᠨ ᠤ ᠤᠳᠤᠷᠢᠳᠤᠯᠭ᠎ᠠ ᠵᠣᠣ ᠯᠢ ᠮᠢᠨ᠂ ᠠᠨᠳᠠ ᠪᠣᠯᠤᠨ ᠮᠠᠨ ᠤ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号