ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/2/7
                     ᠲᠦᠮᠡᠳ ᠵᠡᠭᠦᠨ ᠵᠠᠰᠠᠭ ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ                                ᠶᠢᠨ ᠱᠠᠨ ᠨᠡᠭᠡᠭᠡᠨ ᠬᠥᠭᠵᠢᠭᠦᠯᠬᠦ ᠣᠷᠣᠨ᠂ ᠡᠯ᠎ᠡ ᠬᠤᠯᠪᠣᠭᠳᠠᠯ ᠪᠥᠬᠦᠶ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠳᠡᠭᠡᠳᠦ ᠱᠠᠲᠤᠨ ᠤ ᠰᠠᠷ᠎ᠠ ᠶᠢᠨ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠣᠶᠢᠷ᠎ᠠ ᠶᠢᠨ ᠬᠤᠭᠤᠴᠠᠭᠠᠨ ᠳᠤ ᠲᠣᠰ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ      ᠬᠥᠳᠡᠯᠮᠦᠷᠢ ᠬᠦᠴᠦᠨ ᠤ ᠪᠠᠶᠢᠴᠠᠭᠠᠯᠲᠠ ᠪᠣᠯ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠴᠢᠬᠤᠯᠠ ᠪᠦᠷᠢᠳᠬᠡᠯ ᠤᠨ ᠪᠠᠶᠢᠴᠠᠭᠠᠯᠲᠠ ᠪᠣᠯᠤᠨ᠎ᠠ᠂ ᠡᠯ᠎ᠡ ᠭᠠᠵᠠᠷ ᠣᠷᠣᠨ ᠤ ᠠᠵᠢᠯ ᠣᠯᠵᠤ ᠠᠵᠢᠯ ᠠᠯᠳᠠᠭᠰᠠᠨ ᠪᠠᠶᠢᠳᠠᠯ ᠢ ᠪᠦᠬᠦ ᠲᠠᠯ᠎ᠠ ᠪᠠᠷ᠂ ᠣᠨᠣᠪᠴᠢᠲᠠᠶ ᠲᠤᠰᠬᠠᠵᠤ᠂ ᠠᠵᠢᠯ ᠣᠯᠭᠤᠯᠲᠠ ᠶᠢᠨ ᠪᠠᠶᠢᠳᠠᠯ ᠤᠨ ᠬᠥᠳᠡᠯᠦᠩᠭᠦᠶ ᠬᠤᠪᠢᠷᠠᠯᠲᠠ ᠶᠢ ᠨᠠᠩ ᠰᠠᠶᠢᠲᠤᠷ ᠬᠢᠨᠠᠨ ᠬᠡᠮᠵᠢᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠵᠤ᠂ ᠬᠤᠷᠸ᠎ᠠ ᠠᠵᠤ ᠠᠬᠤᠶ ᠶᠢᠨ ᠠᠵᠢᠯᠯᠠᠭᠠᠨ᠂ ᠠᠵᠢᠯ ᠣᠯᠭᠤᠯᠲᠠ ᠶᠢᠨ ᠪᠠᠶᠢᠳᠠᠯ ᠤᠨ ᠬᠤᠪᠢᠷᠠᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠲᠠᠯ᠎ᠠ ᠶᠢ ᠬᠢᠨᠠᠨ ᠬᠡᠮᠵᠢᠬᠦ ᠳᠤ ᠴᠢᠬᠤᠯᠠ ᠦᠢᠯᠡᠳᠦᠯ ᠪᠠᠳᠠᠷᠠᠭᠤᠯᠵᠤ᠂ ᠡᠯ᠎ᠡ ᠭᠠᠵᠠᠷ ᠣᠷᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠰᠠᠶᠢᠲᠤᠷ ᠬᠢᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ      ᠵᠢᠨᠱᠠᠨ ᠨᠡᠭᠡᠭᠡᠨ ᠬᠥᠭᠵᠢᠭᠦᠯᠬᠦ ᠣᠷᠣᠨ᠂ ᠡᠯ᠎ᠡ ᠬᠠᠮᠢᠶ᠎ᠠ ᠪᠥᠬᠦᠶ ᠰᠢᠶᠠᠩ ᠪᠠᠯᠭᠠᠰᠤ ᠨᠤᠭᠤᠳ ᠤᠯᠤᠰ ᠠᠴᠠ ᠥᠷᠨᠢᠭᠦᠯᠦᠭᠰᠡᠨ ᠰᠠᠷ᠎ᠠ ᠶᠢᠨ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠡᠮᠦᠨ᠎ᠡ ᠨᠢ ᠵᠢᠯᠣᠭᠤᠳᠴᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠪᠠᠶᠢᠴᠠᠭᠠᠯᠲᠠ ᠶᠢᠨ ᠠᠵᠢᠯ ᠳᠤ ᠬᠦᠴᠦᠲᠡᠶ ᠳᠡᠮᠵᠢᠯᠭᠡ ᠪᠠ ᠬᠠᠮᠵᠢᠯᠴᠠᠭ᠎ᠠ ᠦᠵᠡᠭᠦᠯᠬᠦ ᠬᠡᠷᠡᠭᠲᠡᠶ᠃ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠨᠡ ᠬᠦ ᠠᠵᠢᠯ ᠢ ᠬᠤᠰᠢᠭᠤᠨ ᠤ ᠪᠠᠶᠢᠴᠠᠭᠠᠬᠤ ᠠᠩᠭᠢ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃ ᠶᠢᠨ ᠱᠠᠨ ᠨᠡᠭᠡᠭᠡᠨ ᠬᠥᠭᠵᠢᠭᠦᠯᠬᠦ ᠲᠣᠭᠤᠷᠢᠭ᠂ ᠡᠯ᠎ᠡ ᠬᠠᠮᠢᠶ᠎ᠠ ᠪᠥᠬᠦᠶ ᠰᠢᠶᠠᠩ ᠪᠠᠯᠭᠠᠰᠤ ᠵᠢᠴᠢ ᠲᠡᠳᠡᠨ ᠤ ᠳᠤᠮᠳᠠᠬᠢ ᠲᠣᠰᠬᠤᠨ ︵ᠰᠠᠭᠤᠭᠠᠯᠢ ᠠᠷᠠᠳ︶ ᠤ ᠵᠥᠪᠯᠡᠯ ᠨᠢ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠯᠲᠠ᠂ ᠨᠥᠬᠦᠴᠡᠯ ᠤᠨ ᠪᠠᠲᠤᠯᠠᠭ᠎ᠠ᠂ ᠪᠠᠶᠢᠴᠠᠭᠠᠭᠴᠢ ᠶᠢ ᠰᠣᠩᠭᠤᠨ ᠤᠷᠢᠬᠤ ᠪᠠ ᠡᠷᠦᠬᠡ ᠳᠤ ᠬᠦᠷᠴᠦ ᠳᠠᠩᠰᠠᠯᠠᠬᠤ ᠵᠡᠷᠭᠡ ᠠᠵᠢᠯ ᠤᠨ ᠳᠤᠮᠳᠠ ᠬᠠᠮᠵᠢᠯᠴᠠᠭ᠎ᠠ ᠪᠠᠨ ᠴᠢᠩᠭᠠᠳᠬᠠᠵᠤ᠂ ᠪᠠᠶᠢᠴᠠᠭᠠᠭᠴᠢ ᠨᠢ ᠰᠣᠶᠣᠯ ᠤᠨ ᠬᠢᠷᠢ ᠬᠡᠮᠵᠢᠶ᠎ᠡ ᠪᠠᠷ ᠥᠨᠳᠥᠷ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠨᠡᠪᠲᠡᠷᠡᠯᠴᠡᠨ ᠵᠣᠬᠢᠴᠠᠭᠤᠯᠬᠤ ᠴᠢᠳᠠᠪᠤᠷᠢ ᠪᠠᠷ ᠰᠠᠶᠢᠨ ᠬᠥᠮᠦᠰ ᠢ ᠰᠣᠩᠭᠤᠨ ᠲᠠᠨᠢᠯᠴᠠᠭᠤᠯᠵᠤ᠂ ᠲᠣᠰ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠭᠤᠷᠪᠠ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠵᠤ᠂ ᠪᠠᠶᠢᠴᠠᠭᠠᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ      ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠢ ᠨᠠᠩ ᠰᠠᠶᠢᠲᠤᠷ ᠥᠷᠨᠢᠭᠦᠯᠬᠦ ᠶᠢᠨ ᠲᠤᠰᠠᠳᠠ᠂ ᠡᠯ᠎ᠡ ᠬᠠᠮᠢᠶ᠎ᠠ ᠪᠥᠬᠦᠶ ᠰᠢᠶᠠᠩ ᠪᠠᠯᠭᠠᠰᠤ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠨᠢ ᠤᠯᠠᠮᠵᠢᠯᠠᠯᠲᠤ ᠪᠠ ᠰᠢᠨ᠎ᠡ ᠮᠠᠶ᠋ᠢᠭ ᠤᠨ ᠵᠠᠭᠤᠴᠢᠯᠠᠭᠤᠷ ᠢ ᠭᠦᠶ᠋ᠴᠡᠳ ᠠᠰᠢᠭᠯᠠᠨ᠂ ᠰᠠᠷ᠎ᠠ ᠶᠢᠨ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠶᠡᠬᠡᠪᠡᠷ ᠤᠬᠠᠭᠤᠯᠵᠤ᠂ ᠲᠥᠷᠥ ᠶᠢᠨ ᠪᠣᠳᠣᠯᠭ᠎ᠠ ᠶᠢ ᠭᠦᠨᠵᠡᠭᠡᠶ ᠲᠠᠶᠢᠯᠪᠤᠷᠢᠯᠠᠨ᠂ ᠨᠡᠶᠢᠭᠡᠮ ᠤᠨ ᠡᠯ᠎ᠡ ᠡᠲᠡᠭᠡᠳ ᠪᠠ ᠪᠠᠶᠢᠴᠠᠭᠠᠭᠳᠠᠬᠤ ᠡᠲᠡᠭᠡᠳ ᠤᠨ ᠣᠶᠢᠯᠠᠭᠠᠯᠲᠠ᠂ ᠳᠡᠮᠵᠢᠯᠭᠡ ᠪᠠ ᠬᠠᠮᠵᠢᠯᠴᠠᠭ᠎ᠠ ᠶᠢ ᠨᠡᠮᠡᠭᠳᠡᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃                                                                2021 ᠣᠨ ᠤ 2 ᠰᠠᠷ᠎ᠠ ᠶᠢᠨ 7 ᠤ ᠡᠳᠦᠷ
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号