ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠥᠬᠦ ᠬᠤᠰᠢᠭᠤᠨ ᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/3/14
                       ᠲᠥᠮᠡᠳ ᠵᠡᠭᠦᠨ ᠵᠠᠰᠠᠭ ᠲᠠᠷᠬᠠᠭᠠᠭᠰᠠᠨ ﹇2021﹈ 34 ᠳ᠋ᠦᠭᠡᠷ ᠲᠣᠭᠠᠲᠤ      ᠪᠥᠬᠦ ᠬᠤᠰᠢᠭᠤᠨ ᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠵᠤ ᠂ ᠴᠡᠪᠡᠷ ᠲᠡᠭᠰᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠠᠶᠢᠭᠤᠯᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠪᠥᠬᠦ ᠬᠤᠰᠢᠭᠤᠨ ᠤ ᠬᠡᠪᠴᠢᠶᠡᠨ ᠳᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠴᠡᠭᠴᠡᠯᠡᠨ ᠵᠠᠰᠠᠬᠤ ᠬᠡᠪᠴᠢᠶ᠎ᠡ      ᠪᠥᠬᠦ ᠬᠤᠰᠢᠭᠤᠨ ᠤ ᠬᠡᠪᠴᠢᠶᠡᠨ ᠳᠤ᠂ ᠭᠤᠤᠯᠳᠠᠯᠭ᠎ᠠ ᠲᠠᠢ ᠣᠷᠣᠨ ᠪᠦᠰᠡ ᠨᠢ ᠬᠠᠭᠤᠴᠢᠨ 110 ᠤᠯᠤᠰ ᠤᠨ ᠵᠠᠮ ᠤᠨ ᠬᠤᠶᠠᠷ ᠬᠠᠵᠠᠭᠤ᠂ ᠢᠯᠢ ᠶᠢᠨ ᠡᠷᠡᠭᠦᠯ ᠮᠡᠨᠳᠦ ᠶᠢᠨ ᠬᠥᠨᠳᠡᠶ ᠶᠢᠨ ᠡᠷᠬᠢᠨ ᠲᠣᠭᠤᠷᠢᠨ᠂ ᠴᠠᠰᠤᠴᠢ ᠪᠠᠯᠭᠠᠰᠤ᠂ ᠵᠢᠨᠱᠠᠨ ᠨᠡᠭᠡᠭᠡᠨ ᠬᠥᠭᠵᠢᠭᠦᠯᠬᠦ ᠣᠷᠣᠨ ᠤ ᠢᠯᠢ ᠶᠢᠨ ᠶᠡᠷᠦᠩᠬᠡᠶ ᠬᠡᠯᠲᠡᠰ ᠤᠨ ᠡᠷᠬᠢᠨ ᠲᠣᠭᠤᠷᠢᠨ ᠪᠣᠯᠤᠨ᠎ᠠ᠃      ᠬᠤᠶᠠᠷ᠂ ᠴᠡᠭᠴᠡᠯᠡᠨ ᠵᠠᠰᠠᠬᠤ ᠠᠭᠤᠯᠭ᠎ᠠ      1. ᠪᠣᠶ ᠪᠥᠬᠦᠶ ᠵᠠᠷ ᠮᠡᠳᠡᠭᠡ ᠪᠠ ᠳᠡᠯᠭᠡᠭᠦᠷ ᠤᠨ ᠡᠯᠰᠡᠯᠲᠡ ᠳᠤ ᠡᠷᠬᠡᠪᠰᠢ ᠠᠮᠤᠷ ᠲᠦᠪᠰᠢᠨ᠂ ᠦᠵᠡᠮᠵᠢᠲᠡᠶ ᠪᠠᠶᠢᠬᠤ ᠵᠠᠷᠴᠢᠮ ᠢ ᠵᠢᠷᠤᠮᠯᠠᠵᠤ᠂ ᠪᠡᠯᠡᠳᠬᠡᠮᠵᠢ ᠶᠢᠨ ᠪᠠᠲᠤ ᠪᠠᠬᠢ᠂ ᠠᠮᠤᠷ ᠲᠦᠪᠰᠢᠨ᠂ ᠴᠡᠪᠡᠷ ᠲᠡᠭᠰᠢ ᠪᠠᠶᠢᠬᠤ ᠶᠢ ᠦᠨᠡᠨᠬᠦ ᠪᠠᠲᠤᠯᠠᠵᠤ᠂ ᠠᠮᠤᠷ ᠲᠦᠪᠰᠢᠨ ᠤ ᠳᠠᠯᠳᠠ ᠬᠡᠮ ᠪᠤᠶᠤ ᠡᠪᠳᠡᠷᠡᠵᠦ ᠰᠦᠢᠳᠦᠭᠰᠡᠨ᠂ ᠪᠣᠬᠢᠷᠲᠤᠭᠳᠠᠭᠰᠠᠨ ᠪᠠᠶᠢᠪᠠᠯ᠂ ᠴᠠᠭ ᠲᠤᠬᠠᠶ ᠳᠤᠨᠢ ᠰᠡᠯᠪᠢᠨ ᠵᠠᠰᠠᠵᠤ ᠰᠢᠨᠡᠳᠬᠡᠬᠦ ᠬᠡᠷᠡᠭᠲᠡᠶ᠃      2. ᠳᠡᠯᠭᠡᠭᠦᠷ ᠫᠦᠰᠡ ᠨᠦᠭᠦᠳ ︽ᠡᠭᠦᠳᠡᠨ ᠡᠮᠦᠨ᠎ᠡ ᠪᠠᠨ ᠭᠤᠷᠪᠠ ᠶᠢ ᠳᠠᠭᠠᠭᠠᠴᠢᠯᠠᠭᠤᠯᠬᠤ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠡᠯᠭᠡᠭᠦᠷ ᠤᠨ ᠬᠡᠷᠡᠮ ᠢᠶᠠᠷ ᠵᠠᠭᠠᠭ ᠪᠣᠯᠭᠠᠵᠤ᠂ ᠳᠡᠯᠭᠡᠭᠦᠷ ᠲᠤ ᠰᠠᠭᠤᠵᠤ ᠡᠵᠡᠩᠨᠡᠬᠦ ᠬᠡᠷᠡᠭᠲᠡᠶ︔ ᠳᠠᠮᠨᠠᠭᠤᠷ᠂ ᠲᠡᠷᠭᠡ ᠲᠦᠯᠬᠢᠬᠦ ᠵᠡᠷᠭᠡ ᠶᠠᠪᠤᠭᠤᠯ ᠳᠡᠯᠭᠡᠭᠦᠷᠴᠢᠨ ᠢ ᠵᠠᠬ᠎ᠠ ᠳᠡᠯᠭᠡᠭᠦᠷ ᠲᠤ ᠣᠷᠣᠭᠤᠯᠵᠤ ᠡᠵᠡᠩᠨᠡᠬᠦ ᠬᠡᠷᠡᠭᠲᠡᠶ᠃      3. ᠪᠣᠶ ᠪᠥᠬᠦᠶ ᠪᠠᠷᠢᠯᠭ᠎ᠠ ᠶᠢᠨ ᠭᠠᠵᠠᠷ ᠡᠷᠬᠡᠪᠰᠢ ︽ᠵᠢᠷᠭᠤᠭᠠᠨ ᠵᠠᠭᠤᠨ ᠤ ᠵᠠᠭᠤ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠲᠡᠷᠭᠡ ᠬᠥᠰᠬᠡ ᠶᠢᠨ ᠣᠷᠣᠵᠤ ᠭᠠᠷᠬᠤ ᠳᠤ ᠤᠬᠢᠶᠠᠬᠤ ᠲᠠᠪᠴᠠᠩ ᠢᠶᠠᠷ ᠥᠩᠭᠡᠷᠡᠵᠦ᠂ ᠰᠢᠪᠠᠷ ᠰᠢᠷᠣᠶ ᠠᠪᠴᠤ ᠶᠠᠪᠤᠬᠤ ᠥᠬᠡᠶ᠂ ᠣᠷᠴᠢᠨ ᠲᠣᠭᠤᠷᠢᠨ ᠢ ᠪᠣᠬᠢᠷᠲᠤᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      4. ᠪᠣᠶ ᠪᠥᠬᠦᠶ ᠬᠥᠮᠦᠰ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠳᠤᠷ᠎ᠠ ᠪᠠᠷ ᠢᠶᠠᠨ ᠵᠢᠷᠤᠭ ᠨᠠᠭᠠᠬᠤ᠂ ᠳᠤᠷ᠎ᠠ ᠪᠠᠷ ᠢᠶᠠᠨ ᠬᠠᠶᠠᠵᠤ ᠳᠤᠷ᠎ᠠ ᠪᠠᠷ ᠢᠶᠠᠨ ᠬᠠᠶᠠᠬᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠳᠤᠷ᠎ᠠ ᠪᠠᠷ ᠢᠶᠠᠨ ᠬᠥᠲᠥᠯᠵᠦ ᠳᠤᠷ᠎ᠠ ᠪᠠᠷ ᠢᠶᠠᠨ ᠡᠯᠭᠦᠬᠦ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠵᠤ ᠪᠣᠯᠬᠤ ᠥᠬᠡᠶ᠃ ᠳᠡᠭᠡᠷᠡᠬᠢ ᠦᠢᠯᠡ ᠠᠵᠢᠯᠯᠠᠭ᠎ᠠ ᠲᠠᠢ ᠪᠠᠶᠢᠪᠠᠯ᠂ ᠭᠤᠷᠪᠠᠨ ᠡᠳᠦᠷ ᠤᠨ ᠳᠣᠲᠣᠷ᠎ᠠ ᠥᠪᠡᠰᠦᠪᠡᠨ ᠢᠯᠭᠠᠷᠠᠭᠤᠯᠤᠨ ᠴᠡᠭᠴᠡᠯᠡᠵᠦ ᠵᠠᠰᠠᠬᠤ ᠬᠡᠷᠡᠭᠲᠡᠶ᠃      5. ᠪᠣᠶ ᠪᠥᠬᠦᠶ ᠬᠥᠳᠡᠯᠦᠩᠭᠦᠶ᠂ ᠮᠠᠰᠢᠨᠲᠤ ᠪᠤᠰᠤ ᠲᠡᠷᠭᠡ ᠬᠥᠰᠬᠡ ᠨᠦᠭᠦᠳ ᠵᠠᠮ ᠬᠠᠷᠢᠯᠴᠠᠭᠠᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠮᠬᠢ ᠵᠢᠷᠤᠮ ᠲᠠᠢ ᠶᠠᠪᠤᠭᠤᠯᠵᠤ᠂ ᠲᠣᠭᠲᠠᠭᠠᠯ ᠠᠴᠠ ᠵᠥᠷᠢᠴᠡᠨ ᠵᠠᠮ ᠳᠤ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      6. ᠳᠡᠭᠡᠷ᠎ᠡ ᠳᠤᠷᠠᠳᠤᠭᠰᠠᠨ ᠠᠭᠤᠯᠭ᠎ᠠ ᠠᠴᠠ ᠵᠥᠷᠢᠴᠡᠭᠰᠡᠳ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠨ᠎ᠡ᠃      ᠭᠤᠷᠪᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                            2021 ᠣᠨ ᠤ 3 ᠰᠠᠷ᠎ᠠ ᠶᠢᠨ 14 ᠤ ᠡᠳᠦᠷ
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号