︽ᠲᠦᠮᠡᠳ ᠵᠡᠭᠦᠨ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠲᠤᠰᠬᠠᠶ ᠵᠦᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/4/1
                    ᠲᠥᠮᠠᠳ ᠵᠡᠭᠦᠨ ᠵᠠᠰᠠᠭ ᠠᠯᠪᠠᠨ ᠲᠠᠷᠬᠠᠭᠠᠭᠰᠠᠨ ﹇2021﹈ 19 ᠳ᠋ᠦᠭᠡᠷ ᠲᠣᠭᠠᠲᠤᠬᠤᠯᠪᠣᠭᠳᠠᠯ ᠪᠦᠬᠦᠢ ᠨᠢᠭᠡᠴᠡ ᠨᠦᠭᠦᠳ᠄      ︽ᠲᠦᠮᠡᠳ ᠵᠡᠭᠦᠨ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠲᠤᠰᠬᠠᠶ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠠᠵᠢᠯ ᠢ ᠰᠠᠶᠢᠲᠤᠷ ᠬᠢᠭᠡᠷᠡᠶ᠃                        2021 ᠣᠨ ᠤ 4 ᠰᠠᠷ᠎ᠠ ᠶᠢᠨ 1ᠲᠦᠮᠡᠳ ᠵᠡᠭᠦᠨ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠲᠤᠰᠬᠠᠶ ᠵᠦᠢᠯ ᠤᠨ ᠬᠡᠷᠡᠭᠵᠢᠭᠦᠯᠬᠦ ᠲᠥᠰᠦᠯ      ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠡᠵᠡᠮᠳᠡᠬᠦ︾ ᠶᠢ ᠴᠢᠩᠭᠠᠳᠬᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠵᠢᠴᠢ 2021 ᠣᠨ ᠤ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠭᠤᠤᠯᠳᠠᠯᠭ᠎ᠠ ᠲᠠᠢ ᠠᠵᠢᠯ ᠢ ᠢᠳᠡᠪᠬᠢᠲᠡᠶ ᠠᠬᠢᠭᠤᠯᠵᠤ᠂ 2021 ᠣᠨ ᠤ ᠪᠥᠬᠦ ᠬᠤᠰᠢᠭᠤᠨ ᠤ ᠡᠨᠧᠷᠭᠢ ᠠᠷᠪᠢᠯᠠᠬᠤ ︽ᠬᠤᠶᠠᠷ ᠢ ᠡᠵᠡᠮᠳᠡᠬᠦ︾ ᠬᠠᠷᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠨ᠎ᠠ᠃      ᠬᠤᠶᠠᠷ᠂ ᠠᠵᠢᠯ ᠤᠨ ᠵᠠᠷᠴᠢᠮ      ︵ᠨᠢᠭᠡ︶ ᠴᠠᠭ ᠲᠤᠬᠠᠶ ᠳᠤᠨᠢ ᠣᠨᠣᠪᠴᠢᠲᠠᠶ ᠪᠠᠶᠢᠬᠤ ᠬᠡᠷᠡᠭᠲᠡᠶ᠃ ᠡᠯ᠎ᠡ ᠨᠢᠭᠡᠴᠡ ᠨᠦᠭᠦᠳ ᠡᠨᠧᠷᠭᠢ ᠶᠢᠨ ᠬᠤᠷᠣᠭᠳᠠᠭᠤᠯᠭ᠎ᠠ ᠶᠢᠨ ᠲᠤᠭ᠎ᠠ ᠪᠠᠷᠢᠮᠲᠠ ᠶᠢ ᠪᠦᠷᠢᠳᠬᠡᠬᠦ ᠠᠵᠢᠯ ᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠪᠦᠷᠢᠳᠬᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠵᠦ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠤᠶᠠᠷ ᠢ ᠡᠵᠡᠮᠳᠡᠬᠦ ᠬᠠᠷᠠᠯᠲᠠ ᠶᠢ ᠪᠠᠶᠢᠴᠠᠭᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ᠂ ᠰᠢᠮᠳᠠᠭᠤᠯᠤᠨ ᠪᠠᠶᠢᠴᠠᠭᠠᠵᠤ ᠳᠣᠭᠢᠷᠠᠭᠤᠯᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠨᠧᠷᠭᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠷᠠᠭᠤᠯᠤᠨ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠤᠶᠠᠷ ᠢ ᠡᠵᠡᠮᠳᠡᠬᠦ ᠪᠠᠶᠢᠳᠠᠯ ᠢ ᠢᠳᠡᠪᠬᠢᠲᠡᠶ ᠪᠥᠭᠡᠳ ᠪᠦᠲᠦᠮᠵᠢᠲᠡᠶ ᠪᠠᠷ ᠠᠷᠭᠠᠴᠠᠬᠤ ᠬᠡᠷᠡᠭᠲᠡᠶ᠃      ︵ᠬᠤᠶᠠᠷ︶ ᠰᠢᠰᠲ᠋ᠧᠮ ᠲᠠᠢ ᠪᠠᠷ ᠬᠢᠨᠠᠨ ᠬᠠᠮᠢᠶᠠᠷᠤᠨ᠎ᠠ᠃ ᠡᠯ᠎ᠡ ᠱᠠᠲᠤᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠤᠳ ᠲᠣᠰ ᠱᠠᠲᠤᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠲᠣᠰ ᠰᠢᠰᠲ᠋ᠧᠮ ᠤᠨ ᠢᠶᠠᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠢᠨᠠᠨ ᠬᠡᠮᠵᠢᠬᠦ᠂ ᠰᠡᠷᠡᠮᠵᠢᠯᠡᠭᠦᠯᠬᠦ᠂ ᠳᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠲᠣᠰ ᠰᠢᠰᠲ᠋ᠧᠮ ᠤᠨ ᠢᠶᠠᠨ ᠡᠨᠧᠷᠭᠢ ᠠᠷᠪᠢᠯᠠᠬᠤ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠦᠷᠢᠶᠡᠨ ᠳᠠᠬᠢ ᠡᠨᠧᠷᠭᠢ ᠠᠷᠪᠢᠯᠠᠬᠤ ᠶᠢ ᠴᠢᠩᠭᠠᠳᠬᠠᠨ᠎ᠠ᠃      1. ᠡᠯ᠎ᠡ  ᠪᠠᠶᠢᠭᠤᠯᠭ᠎ᠠ ᠨᠢᠭᠡᠴᠡ ᠨᠦᠭᠦᠳ ᠰᠠᠯᠠᠭ᠎ᠠ ᠮᠥᠴᠢᠷ ᠤᠨ ᠳᠣᠲᠣᠷ᠎ᠠ ᠪᠠᠨ ᠡᠨᠧᠷᠭᠢ ᠠᠷᠪᠢᠯᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠲᠤᠰ ᠨᠢᠭᠡᠴᠡ ᠶᠢᠨ ᠢᠶᠠᠨ ᠡᠨᠧᠷᠭᠢ ᠠᠷᠪᠢᠯᠠᠵᠤ ᠬᠤᠷᠣᠭᠳᠠᠭᠤᠯᠭ᠎ᠠ ᠶᠢ ᠪᠠᠭᠠᠰᠬᠠᠬᠤ ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠭᠤᠯᠵᠤ᠂ ᠡᠨᠧᠷᠭᠢ ᠠᠷᠪᠢᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃      2. ᠡᠯ᠎ᠡ ᠨᠢᠭᠡᠴᠡ ᠳᠤ ᠬᠠᠨᠳᠤᠭᠤᠯᠤᠨ ᠡᠨᠧᠷᠭᠢ ᠶᠢᠨ ᠰᠤᠷᠪᠤᠯᠵᠢ ᠶᠢ ᠠᠷᠪᠢᠯᠠᠨ ᠭᠠᠮᠨᠠᠬᠤ ᠲᠤᠬᠠᠶ ᠤᠬᠠᠭᠤᠯᠭ᠎ᠠ ᠶᠢ ᠥᠷᠨᠢᠭᠦᠯᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠪᠠᠶᠢᠭᠤᠯᠤᠯᠭ᠎ᠠ ᠪᠣᠯᠤᠨ ᠡᠳᠦᠷ ᠲᠤᠳᠤᠮ ᠤᠨ ᠡᠨᠧᠷᠭᠢ ᠶᠢᠨ ᠰᠤᠷᠪᠤᠯᠵᠢ ᠶᠢ ᠠᠷᠪᠢᠯᠠᠨ ᠭᠠᠮᠨᠠᠬᠤ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃      3. ᠡᠯ᠎ᠡ ᠨᠢᠭᠡᠴᠡ ᠶᠢᠨ ᠴᠠᠬᠢᠯᠭᠠᠨ ᠠᠷᠪᠢᠯᠠᠬᠤ᠂ ᠤᠰᠤ ᠠᠷᠪᠢᠯᠠᠬᠤ᠂ ᠲᠣᠰᠣ ᠠᠷᠪᠢᠯᠠᠬᠤ᠂ ᠠᠯᠪᠠᠨ ᠠᠵᠢᠯ ᠤᠨ ᠬᠡᠷᠡᠭᠰᠡᠯ ᠢ ᠠᠷᠪᠢᠯᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠦᠨ᠎ᠡ᠃      4. ᠡᠨᠧᠷᠭᠢ ᠠᠷᠪᠢᠯᠠᠬᠤ ᠪᠡᠯᠡᠳᠬᠡᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠡᠨᠧᠷᠭᠢ ᠠᠷᠪᠢᠯᠠᠬᠤ ᠳ᠋ᠧᠩ ᠤᠨ ᠬᠡᠷᠡᠭᠰᠡᠯ᠂ ᠤᠰᠤ ᠠᠷᠪᠢᠯᠠᠬᠤ ᠴᠡᠪᠡᠷᠯᠡᠭᠡ ᠶᠢᠨ ᠬᠡᠷᠡᠭᠰᠡᠯ ᠢ ᠰᠣᠯᠢᠵᠤ ᠥᠭᠡᠷᠡᠴᠢᠯᠡᠬᠦ ᠠᠵᠢᠯ ᠢ ᠲᠦᠷᠭᠡᠳᠬᠡᠨ ᠬᠢᠵᠦ᠂ ᠲᠥᠬᠦᠭᠡᠷᠦᠮᠵᠢ ᠶᠢᠨ ᠠᠵᠢᠯᠯᠠᠬᠤ ᠴᠠᠭ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠡᠮᠦᠨ᠎ᠡ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠶᠢᠨ ᠠᠮᠤᠷ ᠲᠦᠪᠰᠢᠨ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠰᠠᠨᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃      5. ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ︽ᠴᠠᠬᠢᠯᠭᠠᠨ ᠢ ᠠᠷᠪᠢᠯᠠᠨ ᠬᠡᠷᠡᠭᠯᠡᠬᠦ︾ ᠦᠵᠡᠯ ᠤᠬᠠᠮᠰᠠᠷ ᠢ ᠴᠢᠩᠭᠠᠷᠠᠭᠤᠯᠵᠤ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ᠂ ᠨᠡᠶᠢᠭᠡᠮ ᠳᠠᠶᠠᠭᠠᠷ ᠢᠶᠠᠨ ᠬᠠᠮᠲᠤ ᠪᠠᠷ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠭᠤᠷ ᠠᠮᠢᠰᠬᠤᠯ ᠢ ᠪᠤᠢ ᠪᠣᠯᠭᠠᠨ᠎ᠠ᠃      ︵ᠳᠥᠷᠪᠡ︶ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠤᠬᠠᠭᠤᠯᠭ᠎ᠠ ᠶᠢ ᠬᠦᠴᠦᠯᠡᠨ ᠰᠠᠶᠢᠲᠤᠷ ᠬᠢᠨ᠎ᠠ᠃      ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠨᠧᠷᠭᠢ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠰᠣᠨᠢᠨ ᠮᠡᠳᠡᠭᠡᠨ ᠤ ᠤᠬᠠᠭᠤᠯᠭ᠎ᠠ ᠶᠢᠨ ᠪᠣᠷᠣ ᠮᠠᠲ᠋ᠧᠷᠢᠶᠠᠯ ᠢ ᠢᠳᠡᠪᠬᠢᠲᠡᠶ ᠬᠠᠩᠭᠠᠨ᠎ᠠ︔ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠰᠢᠨ᠎ᠡ ᠬᠡᠯᠪᠡᠷᠢ ᠶᠢᠨ ᠪᠠ ᠤᠯᠠᠮᠵᠢᠯᠠᠯᠲᠤ ᠵᠠᠭᠤᠴᠢᠯᠠᠭᠤᠷ ᠤᠨ ᠳᠠᠪᠠᠭᠤᠯᠢᠭ ᠲᠤ ᠲᠦᠰᠢᠭᠯᠡᠨ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠠᠮᠲᠤᠷᠠᠭᠰᠠᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ ᠥᠷᠨᠢᠭᠦᠯᠦᠨ᠎ᠡ︔ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠦᠭᠦ ᠬᠤᠰᠢᠭᠤᠨ ᠤ ᠡᠯ᠎ᠡ ᠰᠤᠷᠭᠠᠭᠤᠯᠢ ᠳᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠨᠧᠷᠭᠢ ᠠᠷᠪᠢᠯᠠᠬᠤ ᠬᠡᠯᠪᠡᠷᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠤᠢ ᠪᠣᠯᠭᠠᠵᠤ᠂ ᠭᠤᠣᠯ ᠰᠡᠳᠦᠪᠲᠦ ᠠᠵᠢᠯᠯᠠᠭ᠎ᠠ ᠶᠢᠨ ᠡᠳᠦᠷ ᠲᠠᠢ ᠤᠶᠠᠯᠳᠤᠭᠤᠯᠤᠨ ᠡᠨᠧᠷᠭᠢ ᠠᠷᠪᠢᠯᠠᠬᠤ᠂ ᠤᠰᠤ ᠠᠷᠪᠢᠯᠠᠬᠤ᠂ ᠣᠷᠴᠢᠨ ᠠᠬᠤᠶ ᠶᠢ ᠬᠠᠮᠠᠭᠠᠯᠠᠬᠤ ᠪᠠᠷ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠪᠠᠭᠰᠢ ᠰᠤᠷᠤᠭᠴᠢᠳ ᠤᠨ ᠬᠡᠷ ᠤᠨ ᠠᠬᠠᠮᠠᠳ ᠤᠨ ᠡᠨᠧᠷᠭᠢ ᠠᠷᠪᠢᠯᠠᠬᠤ ᠠᠵᠢᠯᠯᠠᠭ᠎ᠠ ᠳᠤ ᠬᠠᠮᠲᠤᠪᠠᠷ ᠣᠷᠣᠯᠴᠠᠬᠤ ᠶᠢ ᠠᠬᠢᠭᠤᠯᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ᠭᠤᠷᠪᠠ᠂ ᠳᠠᠭᠠᠬᠤ ᠠᠷᠭ᠎ᠠ ᠬᠡᠮᠵᠢᠶ᠎ᠡ      ︵ᠨᠢᠭᠡ︶ ᠰᠢᠷ᠎ᠠ ᠥᠩᠭᠡᠲᠦ ᠰᠡᠷᠡᠮᠵᠢᠯᠡᠭᠦᠯᠦᠯ      ᠬᠤᠰᠢᠭᠤᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠡᠨᠧᠷᠭᠢ ᠶᠢᠨ ᠬᠠᠮᠢᠶᠠᠷᠤᠯᠲᠠ ᠶᠢᠨ ᠠᠵᠢᠯ ᠳᠤ ᠳᠣᠤᠷᠠᠬᠢ ᠬᠡᠳᠦᠨ ᠵᠦᠢᠯ ᠤᠨ ᠳᠠᠭᠠᠬᠤ ᠠᠷᠭ᠎ᠠ      ᠨᠢᠭᠡ ᠳᠤ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠡᠵᠡᠮᠳᠡᠬᠦ ᠭᠤᠣᠯ ᠰᠡᠳᠦᠪᠲᠦ ᠤᠬᠠᠭᠤᠯᠭ᠎ᠠ ᠶᠢᠨ ᠡᠯ᠎ᠡ ᠨᠢᠭᠡᠴᠡ ᠨᠦᠭᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠬᠤᠶᠠᠷ ᠢ ᠬᠢᠵᠠᠭᠠᠷᠯᠠᠬᠤ ᠶᠢ ᠴᠢᠩᠭᠠᠷᠠᠭᠤᠯᠬᠤ᠂ ᠡᠨᠧᠷᠭᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠪᠡᠰᠦᠪᠡᠨ ᠵᠣᠬᠢᠶᠠᠨ ᠪᠠᠶᠢᠭᠤᠯᠤᠨ ᠥᠷᠨᠢᠭᠦᠯᠵᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠥᠭᠡᠢ ᠬᠥᠭᠵᠢᠯᠲᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠲᠤᠯ ᠥᠭᠡᠢ ᠬᠥᠭᠵᠢᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠤᠯᠠᠨ ᠶᠠᠩᠵᠤ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠲᠠᠯ᠎ᠠ ᠪᠠᠷ ᠮᠡᠳᠡᠭᠳᠡᠬᠦ᠋ᠢᠴᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠡᠨᠧᠷᠭᠢ ᠠᠷᠪᠢᠯᠠᠬᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃      ᠬᠤᠶᠠᠷ ᠲᠤ᠂ ᠠᠵᠢᠯᠯᠠᠬᠤ ᠲᠣᠭᠤᠷᠢᠭ ︵ᠠᠯᠪᠠᠨ ᠬᠡᠷ︶ ᠨᠢ ᠡᠳᠦᠷ ᠲᠡᠭᠡᠨ ᠪᠠᠶᠢᠭᠠᠯᠢ ᠶᠢᠨ ᠬᠡᠷᠡᠯ ᠤᠨ ᠭᠡᠷᠡᠯᠲᠦᠭᠦᠯᠭᠡ ᠶᠢ ᠭᠦᠢᠴᠡᠳ ᠠᠰᠢᠭᠯᠠᠵᠤ᠂ ᠦᠨᠳᠦᠰᠦᠨ ᠭᠡᠷᠡᠯᠲᠦᠭᠦᠯᠭᠡ ᠶᠢᠨ ᠨᠥᠬᠦᠴᠡᠯ ᠢ ᠬᠠᠩᠭᠠᠭᠰᠠᠨ ᠰᠠᠭᠤᠷᠢᠨ ᠳᠡᠭᠡᠷ᠎ᠡ᠂ ᠵᠠᠷᠴᠢᠮ ᠳᠡᠭᠡᠷ᠎ᠡ ᠪᠠᠨ ᠭᠡᠷᠡᠯᠲᠦᠭᠦᠯᠭᠡ ᠶᠢᠨ ᠪᠡᠯᠡᠳᠬᠡᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠤᠶᠤ ᠬᠠᠭᠠᠬᠤ ᠬᠡᠷᠡᠭᠲᠡᠶ︔ ᠰᠥᠨᠢ ᠪᠣᠯᠬᠤ ᠳᠤ ᠭᠡᠷᠡᠯᠲᠦᠭᠦᠯᠭᠡ ᠶᠢᠨ ᠲᠥᠬᠦᠭᠡᠷᠦᠮᠵᠢ ᠶᠢᠨ ᠬᠡᠷᠡᠭᠯᠡᠬᠦ ᠲᠤᠭ᠎ᠠ ᠬᠡᠮᠵᠢᠶ᠎ᠡ ᠶᠢ ᠪᠠᠭᠠᠰᠬᠠᠬᠤ ᠶᠢᠨ ᠬᠠᠮᠲᠤ ᠬᠥᠮᠦᠨ ᠶᠠᠪᠤᠬᠤ ᠳᠤ ᠳ᠋ᠧᠩ ᠤᠨᠲᠠᠷᠠᠬᠤ ᠬᠡᠷᠡᠭᠲᠡᠶ᠃      ᠭᠤᠷᠪᠠ ᠳᠤ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠵᠡᠷᠭᠡ ᠠᠯᠪᠠᠨ ᠳᠤ ᠬᠡᠷᠡᠭᠯᠡᠬᠦ ᠴᠠᠬᠢᠯᠭᠠᠨ ᠲᠥᠬᠦᠭᠡᠷᠦᠮᠵᠢ ᠳᠤ ᠴᠠᠬᠢᠯᠭᠠᠨ ᠠᠷᠪᠢᠯᠠᠬᠤ ᠵᠠᠭᠪᠤᠷ ᠭᠠᠷᠭᠠᠵᠤ᠂ ᠣᠷᠳᠣ ᠬᠤᠭᠤᠴᠠᠭ᠎ᠠ ᠪᠠᠷ ᠬᠡᠷᠡᠭᠯᠡᠬᠦ ᠥᠬᠡᠶ ᠦᠶ᠎ᠡ ᠳᠤ ᠴᠠᠭ ᠲᠤᠬᠠᠶ ᠳᠤᠨᠢ ᠴᠠᠬᠢᠯᠭᠠᠨ ᠡᠭᠦᠰᠭᠡᠭᠴᠢ ᠶᠢ ᠬᠠᠭᠠᠵᠤ᠂ ᠵᠠᠪᠰᠢᠶᠠᠨ ᠬᠦᠯᠢᠶᠡᠬᠦ ᠡᠨᠧᠷᠭᠢ ᠶᠢᠨ ᠬᠤᠷᠣᠭᠳᠠᠯ ᠢ ᠪᠠᠭᠠᠰᠬᠠᠬᠤ ᠬᠡᠷᠡᠭᠲᠡᠶ᠃      ᠳᠥᠷᠪᠡ ᠳᠤ᠂ ᠤᠰᠤ ᠪᠤᠴᠠᠯᠭᠠᠬᠤ ᠲᠠᠰᠤᠭ᠂ ᠵᠣᠷᠯᠣᠩ ᠤᠨ ᠤᠰᠤ ᠬᠠᠯᠠᠭᠠᠭᠤᠷ ᠢ ᠰᠥᠨᠢ ᠪᠤᠶᠤ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ᠂ ᠳᠠᠪᠬᠤᠷ ᠠᠰᠠᠷ ᠪᠦᠷᠢ ᠳᠤ ᠨᠢᠭᠡ ᠴᠠᠭ ᠨᠡᠮᠡᠵᠦ ᠠᠵᠢᠯᠯᠠᠬᠤ᠂ ᠵᠢᠵᠢᠭᠦᠷᠯᠡᠭᠴᠢ ᠳᠤ ᠬᠡᠷᠡᠭᠯᠡᠭᠦᠯᠬᠦ ᠠᠴᠠ ᠭᠠᠳᠠᠨ᠎ᠠ᠂ ᠪᠤᠰᠤᠳ ᠢ ᠨᠢ ᠴᠥᠮ ᠴᠠᠬᠢᠯᠭᠠᠨ ᠢ ᠵᠣᠭᠰᠣᠭᠠᠵᠤ ᠬᠡᠷᠡᠭᠯᠡᠬᠦ ᠶᠢ ᠨᠢ ᠵᠣᠭᠰᠣᠭᠠᠵᠤ᠂ ︽ᠡᠳᠦᠷ ᠰᠥᠨᠢ ᠥᠬᠡᠶ ᠰᠢᠲᠠᠭᠠᠬᠤ︾ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃      ᠲᠠᠪᠤ ᠳᠤ ᠠᠭᠠᠷ ᠵᠤᠬᠢᠴᠠᠭᠤᠯᠤᠭᠤᠷ ᠪᠠ ᠴᠠᠬᠢᠯᠭᠠᠨ ᠳᠤᠯᠠᠭᠠᠮᠵᠢ ᠶᠢᠨ ᠬᠡᠷᠡᠭᠯᠡᠯᠲᠡ ᠶᠢ ᠴᠢᠩᠭ᠎ᠠ ᠬᠢᠵᠠᠭᠠᠷᠯᠠᠨ᠎ᠠ ᠃ ᠭᠡᠷ ᠤᠨ ᠦᠨᠳᠦᠰᠦᠨ ᠳᠤᠯᠠᠭᠠᠨ ᠢ ᠪᠠᠲᠤᠯᠠᠬᠤ ᠨᠥᠬᠦᠴᠡᠯ ᠳᠣᠣᠷ᠎ᠠ᠂ ᠠᠭᠠᠷ ᠵᠤᠬᠢᠴᠠᠭᠤᠯᠤᠭᠤᠷ ᠪᠠ ᠴᠠᠬᠢᠯᠭᠠᠨ ᠳᠤᠯᠠᠭᠠᠮᠵᠢ ᠶᠢᠨ ᠬᠡᠷᠡᠭᠯᠡᠯᠲᠡ ᠶᠢ ᠠᠯᠢ ᠴᠢᠳᠠᠬᠤ ᠪᠠᠷ ᠪᠠᠭᠠᠰᠬᠠᠨ᠎ᠠ᠃      ᠵᠢᠷᠭᠤᠭ᠎ᠠ ᠳᠤ᠂ ᠴᠠᠬᠢᠯᠭᠠᠨ ᠱᠠᠲᠤ ᠶᠢᠨ ᠰᠢᠰᠲ᠋ᠧᠮ ᠳᠤ ᠤᠶᠤᠨᠴᠢᠯᠠᠭᠰᠠᠨ ᠡᠵᠡᠮᠳᠡᠯ ᠢ ᠬᠡᠷᠡᠭᠵᠢᠭᠦᠯᠵᠦ᠂ ᠴᠠᠬᠢᠯᠭᠠᠨ ᠱᠠᠲᠤ ᠶᠢ ᠨᠡᠭᠡᠭᠡᠬᠦ ᠲᠤᠭ᠎ᠠ ᠬᠡᠮᠵᠢᠶ᠎ᠡ ᠪᠠ ᠴᠠᠭ ᠢ ᠵᠣᠬᠢᠰᠲᠠᠶ ᠳᠣᠭᠢᠷᠠᠭᠤᠯᠤᠨ᠂ 3 ᠳᠠᠪᠬᠤᠷ ᠤᠨ ᠳᠣᠲᠣᠷ᠎ᠠ ᠠᠰᠠᠷ ᠲᠤ ᠭᠠᠷᠴᠤ ᠪᠠᠭᠤᠬᠤ ᠳᠤ ᠴᠠᠬᠢᠯᠭᠠᠨ ᠱᠠᠲᠤᠨ ᠳᠤ ᠰᠠᠭᠤᠬᠤ ᠥᠬᠡᠶ ᠪᠠᠶᠢᠬᠤ ᠶᠢ ᠰᠠᠨᠠᠭᠠᠴᠢᠯᠠᠨ᠎ᠠ᠃      ︵ᠬᠤᠶᠠᠷ︶ ᠤᠯᠠᠭᠠᠨ ᠦᠩᠭᠡ ᠶᠢᠨ ᠰᠡᠷᠡᠮᠵᠢᠯᠡᠭᠦᠯᠦᠯ      ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠠᠵᠢᠯ ᠳᠤ ᠰᠢᠷ᠎ᠠ ᠥᠩᠭᠡ ᠶᠢᠨ ᠰᠡᠷᠡᠮᠵᠢᠯᠡᠭᠦᠯᠦᠯ ᠤᠨ ᠳᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠴᠠ ᠭᠠᠳᠠᠨ᠎ᠠ ᠪᠠᠰᠠ ᠳᠣᠤᠷᠠᠬᠢ ᠬᠡᠳᠦᠨ ᠵᠦᠢᠯ ᠤᠨ ᠳᠠᠭᠠᠬᠤ ᠠᠷᠭ᠎ᠠ ᠬᠡᠮᠵᠢᠶ᠎ᠡ ᠶᠢ ᠨᠡᠮᠡᠨ᠎ᠡ      ᠨᠢᠭᠡ ᠳᠤ ᠡᠯ᠎ᠡ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠵᠢᠯᠯᠠᠬᠤ ᠲᠣᠭᠤᠷᠢᠭ ᠲᠤ ᠣᠨᠴᠣᠭᠤᠶ ᠲᠣᠭᠲᠠᠭᠠᠯ ᠤᠨ ᠱᠠᠭᠠᠷᠳᠠᠯᠭ᠎ᠠ ᠲᠠᠢ ᠪᠠᠶᠢᠬᠤ ᠶᠢ ᠭᠠᠷᠭᠠᠪᠠᠯ᠂ ᠰᠥᠨᠢ ᠳᠡᠭᠡᠨ ᠵᠠᠷᠴᠢᠮ ᠳᠡᠭᠡᠷ᠎ᠡ ᠪᠠᠨ ᠠᠰᠠᠷ ᠤᠨ ᠭᠠᠳᠠᠷ ᠲᠠᠯ᠎ᠠ ᠶᠢᠨ ᠦᠵᠡᠮᠵᠢ ᠶᠢᠨ ᠭᠡᠷᠡᠯᠲᠦᠭᠦᠯᠭᠡ ᠶᠢ ᠴᠢᠩᠭ᠎ᠠ ᠬᠢᠵᠠᠭᠠᠷᠯᠠᠬᠤ ᠬᠡᠷᠡᠭᠲᠡᠶ᠃      ᠬᠤᠶᠠᠷ ᠲᠤ ᠡᠯ᠎ᠡ ᠠᠯᠪᠠᠯᠠᠬᠤ ᠲᠣᠭᠤᠷᠢᠭ ᠤᠨ ᠤᠬᠠᠭᠤᠯᠤᠨ ᠮᠡᠳᠡᠭᠳᠡᠬᠦ ᠳᠤ ᠬᠡᠷᠡᠭᠯᠡᠬᠦ ᠡᠯ᠎ᠡ ᠲᠥᠷᠥᠯ ᠤᠨ LED ᠳᠡᠯᠭᠡᠴᠡ ᠶᠢᠨ ᠠᠵᠢᠯᠯᠠᠬᠤ ᠴᠠᠭ ᠤᠨ ᠳᠣᠲᠣᠷ᠎ᠠ ᠬᠡᠷᠡᠭᠯᠡᠬᠦ ᠴᠠᠭ ᠢ ᠵᠣᠬᠢᠰᠲᠠᠶ ᠬᠢᠵᠠᠭᠠᠷᠯᠠᠵᠤ᠂ ᠠᠵᠢᠯᠯᠠᠬᠤ ᠪᠤᠰᠤ ᠴᠠᠭ ᠢ ᠵᠠᠷᠴᠢᠮ ᠳᠡᠭᠡᠷ᠎ᠡ ᠪᠠᠨ ᠪᠦᠬᠦᠨ ᠢ ᠬᠠᠭᠠᠨ᠎ᠠ᠃      ᠭᠤᠷᠪᠠ ᠳᠤ ᠡᠯ᠎ᠡ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠤᠷᠠᠯ ᠤᠨ ᠬᠡᠷ ᠨᠢ ᠬᠤᠷᠠᠯ ᠤᠨ ᠦᠨᠳᠦᠰᠦᠨ ᠭᠡᠷᠡᠯᠲᠦᠭᠦᠯᠭᠡ ᠶᠢ ᠬᠠᠩᠭᠠᠭᠰᠠᠨ ᠨᠥᠬᠦᠴᠡᠯ ᠳᠣᠤᠷ᠎ᠠ᠂ ᠭᠡᠷᠡᠯᠲᠦᠭᠦᠯᠭᠡ ᠶᠢᠨ ᠪᠡᠯᠡᠳᠬᠡᠮᠵᠢ ᠶᠢᠨ ᠬᠡᠷᠡᠭᠯᠡᠬᠦ ᠲᠤᠭ᠎ᠠ ᠬᠡᠮᠵᠢᠶ᠎ᠡ ᠶᠢ ᠪᠠᠭᠠᠰᠬᠠᠬᠤ ᠬᠡᠷᠡᠭᠲᠡᠶ᠃      ᠳᠥᠷᠪᠡ ᠳᠤ᠂ ᠬᠡᠷ ᠤᠨ ᠦᠨᠳᠦᠰᠦᠨ ᠳᠤᠯᠠᠭᠠᠨ ᠢ ᠪᠠᠲᠤᠯᠠᠬᠤ ᠨᠥᠬᠦᠴᠡᠯ ᠳᠣᠤᠷ᠎ᠠ᠂ ᠡᠯ᠎ᠡ ᠠᠯᠪᠠᠯᠠᠬᠤ ᠲᠣᠭᠤᠷᠢᠭ ᠲᠤ ᠵᠠᠷᠴᠢᠮ ᠳᠡᠭᠡᠷ᠎ᠡ ᠪᠠᠨ ᠠᠭᠠᠷ ᠲᠣᠬᠢᠷᠠᠭᠤᠯᠤᠭᠴᠢ ᠪᠠ ᠴᠠᠬᠢᠯᠭᠠᠨ ᠳᠤᠯᠠᠭᠠᠮᠵᠢ ᠶᠢ ᠬᠡᠷᠡᠭᠯᠡᠬᠦ ᠥᠬᠡᠶ᠃      ᠳᠥᠷᠪᠡ᠂ ᠬᠤᠯᠪᠣᠭᠳᠠᠯ ᠪᠥᠬᠦᠶ ᠱᠠᠭᠠᠷᠳᠠᠯᠭ᠎ᠠ      ︵ᠨᠢᠭᠡ︶ ᠡᠯ᠎ᠡ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠡᠨᠧᠷᠭᠢ ᠠᠷᠪᠢᠯᠠᠬᠤ ᠲᠥᠷᠢᠮ ᠤᠨ ᠲᠥᠰᠦᠯ ᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠲᠣᠰ ᠭᠠᠵᠠᠷ ᠣᠷᠣᠨ᠂ ᠲᠣᠰ ᠨᠢᠭᠡᠴᠡ ᠶᠢᠨ ᠢᠶᠠᠨ ᠡᠨᠧᠷᠭᠢ ᠶᠢᠨ ᠬᠤᠷᠣᠭᠳᠠᠭᠤᠯᠭ᠎ᠠ ᠶᠢᠨ ᠬᠤᠶᠠᠷ ᠢ ᠡᠵᠡᠮᠳᠡᠬᠦ ᠬᠠᠷᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠠᠶᠢᠬᠤ ᠬᠡᠷᠡᠭᠲᠠᠢ᠃      ︵ᠬᠤᠶᠠᠷ︶ ᠡᠯ᠎ᠡ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠨᠢ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠲᠤᠰᠬᠠᠶ ᠰᠡᠳᠦᠪᠲᠦ ᠪᠠᠶᠢᠷᠢᠯᠠᠭᠤᠯᠤᠯᠲᠠ ᠬᠢᠵᠦ᠂ ᠬᠠᠮᠢᠶ᠎ᠠ ᠪᠥᠬᠦᠶ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠬᠤᠯᠪᠣᠭᠳᠠᠯ ᠪᠥᠬᠦᠶ ᠠᠵᠢᠯ ᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠃ ᠬᠠᠷᠢᠯᠴᠠᠬᠤ ᠬᠥᠮᠦᠰ 24 ᠴᠠᠭ ᠤᠨ ᠴᠢᠮᠡᠭᠡ ᠬᠤᠯᠪᠣᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠪᠣᠯᠤᠨ ᠵᠠᠷᠯᠢᠭ ᠵᠢᠭᠠᠪᠤᠷᠢ ᠶᠢ ᠴᠠᠭ ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ ᠪᠠᠲᠤᠯᠠᠬᠤ ᠬᠡᠷᠡᠭᠲᠡᠶ᠃      ︵ᠭᠤᠷᠪᠠ︶ ᠡᠨᠧᠷᠭᠢ ᠠᠷᠪᠢᠯᠠᠬᠤ ᠬᠠᠤᠯᠢ ᠲᠣᠭᠲᠠᠭᠠᠯ ᠤᠨ ᠲᠥᠷᠢᠮ ᠪᠣᠯᠤᠨ ᠬᠠᠮᠢᠶ᠎ᠠ ᠪᠥᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠵᠤ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠤᠷᠬ ᠬᠤᠷᠣᠭᠳᠠᠭᠤᠯᠬᠤ ᠶᠢ ᠬᠤᠶᠠᠷ ᠢ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠡᠨᠧᠷᠭᠢ ᠠᠷᠪᠢᠯᠠᠬᠤ ᠠᠵᠢᠯ ᠢ ᠰᠠᠶᠢᠲᠤᠷ ᠥᠷᠨᠢᠭᠦᠯᠦᠭᠰᠡᠨ ᠥᠭᠡᠢ᠂ ᠬᠠᠰᠢ ᠶᠠᠰᠢ ᠪᠠᠷ ᠳᠠᠭᠤᠰᠬᠠᠭᠰᠠᠨ ᠨᠢᠭᠡᠴᠡ ᠪᠣᠯᠤᠨ ᠬᠤᠪᠢ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号