ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠲᠦᠮᠡᠳ ᠵᠡᠭᠦᠨ ᠬᠤᠰᠢᠭᠤᠨ ᠤ 2021 ᠣᠨ ᠤ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/5/10
             ᠲᠦᠮᠡᠳ ᠵᠡᠭᠦᠨ ᠵᠠᠰᠠᠭ ᠠᠯᠪᠠᠨ ᠲᠠᠷᠬᠠᠭᠠᠭᠰᠠᠨ ﹇2021﹈ 26 ᠳ᠋ᠤᠭᠠᠷ ᠲᠣᠭᠠᠲᠤ                                     ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄      ᠡᠳᠦᠭᠡ ︽ᠲᠦᠮᠡᠳ ᠵᠡᠭᠦᠨ ᠬᠤᠰᠢᠭᠤᠨ ᠤ 2021 ᠣᠨ ᠤ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                          2021 ᠣᠨ ᠤ 5 ᠰᠠᠷ᠎ᠠ ᠶᠢᠨ 10 ᠤ ᠡᠳᠦᠷ      ᠲᠦᠮᠡᠳ ᠵᠡᠭᠦᠨ ᠬᠤᠰᠢᠭᠤᠨ ᠤ 2021 ᠣᠨ ᠤ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ      ︽ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾᠂ ︽ᠲᠦᠮᠡᠳ ᠵᠡᠭᠦᠨ ᠬᠤᠰᠢᠭᠤᠨ ᠤ 2017 — 2022 ᠣᠨ ᠤ ᠦᠶᠡᠷ ᠤᠨ ᠬᠤᠭᠤᠴᠠᠭᠠᠨ ᠤ ᠭᠧᠣᠯᠣᠭᠢ ᠶᠢᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ︵ᠭᠠᠵᠠᠷ ᠵᠡᠭᠦᠨ ᠵᠠᠰᠠᠭ ᠠᠯᠪᠠᠨ ᠲᠠᠷᠬᠠᠭᠠᠭᠰᠠᠨ ︹ 2017 ︺ 20 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠭᠧᠣᠯᠣᠭᠢ ᠶᠢᠨ ᠭᠠᠶ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ ᠮᠠᠨ ᠤ ᠬᠤᠰᠢᠭᠤᠨ ᠤ ᠭᠧᠣᠯᠣᠭᠢ ᠶᠢᠨ ᠭᠠᠶ ᠭᠠᠮᠰᠢᠭ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠪᠥᠬᠦ ᠬᠤᠰᠢᠭᠤᠨ ᠤ ᠭᠠᠵᠠᠷ ᠤᠨ ᠭᠠᠮᠰᠢᠭ ᠤᠨ ᠣᠳᠣᠬᠢ ᠪᠠᠶᠢᠳᠠᠯ      ︵ᠨᠢᠭᠡ︶ ᠭᠧᠣᠯᠣᠭᠢ ᠶᠢᠨ ᠭᠠᠮᠰᠢᠭ ᠤᠨ ᠲᠠᠯᠳᠠ ᠭᠡᠮ ᠤᠨ ᠪᠠᠶᠢᠳᠠᠯ᠃ ᠮᠠᠨ ᠤ ᠬᠤᠰᠢᠭᠤ ᠪᠣᠯ ᠭᠧᠣᠯᠣᠭᠢ ᠶᠢᠨ ᠭᠠᠮᠰᠢᠭ ᠣᠯᠠᠨ ᠡᠭᠦᠰᠳᠡᠭ ᠣᠷᠣᠨ ᠪᠠ ᠠᠮᠠᠷᠬᠠᠨ ᠡᠭᠦᠰᠳᠡᠭ ᠣᠷᠣᠨ ᠪᠠᠶᠢᠵᠤ᠂ ᠵᠢᠯ ᠪᠦᠷᠢ ᠠᠳᠠᠯᠢ ᠪᠤᠰᠤ ᠬᠡᠮᠵᠢᠶᠡᠨ ᠤ ᠭᠧᠣᠯᠣᠭᠢ ᠶᠢᠨ ᠭᠠᠮᠰᠢᠭ ᠡᠭᠦᠰᠴᠦ᠂ ᠠᠷᠠᠳ ᠣᠯᠠᠨ ᠳᠤ ᠠᠳᠠᠯᠢ ᠪᠤᠰᠤ ᠬᠡᠮᠵᠢᠶᠡᠨ ᠤ ᠠᠵᠤ ᠠᠬᠤᠶ ᠶᠢᠨ ᠬᠤᠬᠢᠷᠠᠯ ᠤᠴᠠᠷᠠᠭᠤᠯᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠢᠭᠤᠳ ᠰᠦᠷᠳᠡᠭᠦᠯᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠭᠧᠣᠯᠣᠭᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠬᠦᠷᠢᠶᠡᠯᠡᠩ ᠪᠣᠯᠤᠨ ᠮᠠᠨ ᠤ ᠬᠤᠰᠢᠭᠤᠨ ᠤ ᠬᠠᠮᠲᠤ ᠶᠢᠨ ᠪᠠᠶᠢᠴᠠᠭᠠᠯᠲᠠ ᠪᠠᠷ ᠳᠠᠮᠵᠢᠭᠠᠳ᠂ ᠮᠠᠨ ᠤ ᠬᠤᠰᠢᠭᠤᠨ ᠤ ᠬᠢᠯᠢ ᠳᠣᠲᠣᠷ᠎ᠠ ᠭᠧᠣᠯᠣᠭᠢ ᠶᠢᠨ ᠭᠠᠮᠰᠢᠭ ᠤᠨ ᠴᠢᠭ 52 ᠪᠠᠶᠢᠵᠤ᠂ ᠡᠭᠦᠨ ᠳᠤ ᠰᠢᠪᠠᠷ ᠴᠢᠯᠠᠭᠤᠨ ᠤ ᠤᠷᠤᠰᠬᠠᠯ 31᠂ ᠨᠤᠷᠠᠯᠲᠠ 13᠂ ᠭᠠᠵᠠᠷ ᠴᠥᠮᠥᠷᠡᠯ 8 ᠪᠣᠶ᠃      ︵ᠬᠤᠶᠠᠷ︶ ᠭᠧᠣᠯᠣᠭᠢ ᠶᠢᠨ ᠭᠠᠮᠰᠢᠭ ᠡᠭᠦᠰᠬᠦ ᠣᠨᠴᠠᠯᠢᠭ᠃ ᠨᠤᠷᠠᠬᠤ᠂ ᠰᠢᠪᠠᠷ ᠴᠢᠯᠠᠭᠤᠨ ᠤ ᠤᠷᠤᠰᠬᠠᠯ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠤᠨ ᠭᠠᠮᠰᠢᠭ ᠨᠢ ᠣᠯᠠᠩᠬᠢ ᠳᠠᠭᠠᠨ ᠪᠣᠷᠣᠭᠠᠨ ᠤ ᠤᠯᠠᠷᠢᠯ ᠳᠤ ᠡᠭᠦᠰᠴᠦ᠂ 5 — 9 ᠰᠠᠷ᠎ᠠ ᠳᠤ ᠪᠣᠷᠣᠭᠠᠨ ᠤ ᠬᠡᠮᠵᠢᠶ᠎ᠡ ᠨᠡᠯᠢᠶᠡᠳ ᠲᠥᠪᠯᠡᠷᠡᠵᠦ᠂ ᠭᠧᠣᠯᠣᠭᠢ ᠶᠢᠨ ᠭᠠᠮᠰᠢᠭ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠭᠤᠣᠯᠳᠠᠯᠭ᠎ᠠ ᠲᠠᠢ ᠴᠠᠭ ᠬᠤᠭᠤᠴᠠᠭ᠎ᠠ ᠪᠣᠯᠤᠭᠰᠠᠨ ᠪᠠᠶᠢᠨ᠎ᠠ᠃ ᠪᠥᠬᠦ ᠬᠤᠰᠢᠭᠤᠨ ᠤ ᠭᠧᠣᠯᠣᠭᠢ ᠶᠢᠨ ᠭᠠᠮᠰᠢᠭ ᠤᠨ ᠲᠠᠷᠬᠠᠯᠲᠠ ᠶᠢ ᠦᠨᠳᠦᠰᠦᠯᠡᠨ᠂ ᠣᠶᠢᠷ᠎ᠠ ᠶᠢᠨ ᠵᠢᠯ ᠤᠨ ᠭᠧᠣᠯᠣᠭᠢ ᠶᠢᠨ ᠭᠠᠮᠰᠢᠭ ᠤᠨ ᠪᠠᠶᠢᠳᠠᠯ᠂ ᠳᠠᠯᠳᠠ ᠬᠡᠮ ᠤᠨ ᠴᠡᠭ ᠤᠨ ᠲᠣᠭᠲᠠᠭᠤᠨ ᠪᠠᠶᠢᠳᠠᠯ ᠪᠠ ᠡᠨᠡ ᠵᠢᠯ ᠤᠨ ᠲᠤᠨᠳᠠᠰᠤᠨ ᠤ ᠬᠡᠮᠵᠢᠶ᠎ᠡ ᠶᠢᠨ ᠬᠠᠨᠳᠤᠰᠢ ᠲᠠᠢ ᠤᠶᠠᠯᠳᠤᠭᠤᠯᠤᠨ᠂ ᠠᠩᠬ᠎ᠠ ᠠᠯᠬᠤᠮ ᠤᠨ ᠵᠢᠱᠢᠯᠲᠡ ᠪᠠᠷ᠂ ᠡᠨᠡ ᠵᠢᠯ ᠪᠥᠬᠦ ᠬᠤᠰᠢᠭᠤᠨ ᠤ ᠭᠧᠣᠯᠣᠭᠢ ᠶᠢᠨ ᠭᠠᠮᠰᠢᠭ ᠨᠢ ᠰᠢᠪᠠᠷ ᠴᠢᠯᠠᠭᠤᠨ ᠤ ᠤᠷᠤᠰᠬᠠᠯ ᠵᠡᠷᠭᠡ ᠭᠡᠨᠡᠳᠲᠡ ᠶᠢᠨ ᠴᠢᠨᠠᠷᠲᠠᠶ ᠭᠧᠣᠯᠣᠭᠢ ᠶᠢᠨ ᠭᠠᠮᠰᠢᠭ ᠢᠶᠠᠷ ᠭᠤᠤᠯ ᠪᠣᠯᠭᠠᠵᠤ᠂ ᠭᠧᠣᠯᠣᠭᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠᠶᠢᠳᠠᠯ ᠨᠡᠯᠢᠶᠡᠳ ᠬᠦᠨᠳᠦ ᠨᠣᠴᠢᠲᠠᠶ ᠪᠠᠶᠢᠨ᠎ᠠ᠃      ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      2021 ᠣᠨ ᠤ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠬᠤ ᠪᠠᠷ ᠳᠡᠮᠵᠢᠨ᠂ ᠲᠦᠮᠡᠳ ᠵᠡᠭᠦᠨ ᠬᠤᠰᠢᠭᠤᠨ ᠤ 2021 ᠣᠨ ᠤ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠷᠢᠯᠳᠦᠬᠦᠨ ᠨᠢ ᠳᠣᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠯᠢ ᠬᠤᠤ ᠱᠦᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠳᠡᠳ᠋ ᠬᠤᠰᠢᠭᠤᠨ ᠳᠠᠷᠤᠭ᠎ᠠ ᠵᠠᠩ ᠭᠤᠸᠠᠩ ᡁᠢ      ᠪᠥᠷᠢᠯᠳᠦᠭᠦᠨ᠄ ᠸᠠᠩ ᠷᠦᠢ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠯᠢᠦ ᠶᠤᠸᠠᠢ ᠭᠠᠩ ᠴᠠᠭ ᠠᠭᠤᠷ ᠤᠨ ᠲᠣᠪᠴᠢᠶᠠᠨ ᠤ ᠳᠠᠷᠤᠭ᠎ᠠ      ᠵᠣᠣ ᠬᠠᠶ ᠪᠥᠸᠧ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠴᠢᠨ ᠢ ᠱᠧᠩ᠂  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠸᠠᠩ ᠸᠧᠨ ᠱᠠᠨ᠂ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ      ᠸᠠᠩ ᠶᠦᠩ ᠭᠧ᠂ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ      ᠬᠠᠳᠠ᠂ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠶᠦᠨ ᠬᠤᠩ ᠪᠢᠨ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ      ᠪᠦ᠋ᠭᠡ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ      ᠶᠠᠩ ᠵᠢᠶᠠᠨ ᠵᠦᠩ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ      ᠯᠢ ᠴᠧᠩ ᠢ᠂ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ      ᠵᠤᠤ ᠶᠠᠨ ᠵᠢᠶᠦ᠋ᠨ᠂ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ      ᠱᠢ ᠸᠧᠨ ᠬᠤᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠱᠢ ᠶᠢᠨ ᠵᠢᠶᠦ᠋ᠨ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ      ᠬᠠᠨ ᠹᠧᠩ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ      ᠵᠤᠤ ᠭᠠᠩ᠂ ᠨᠢᠭᠡᠳᠦᠮᠡᠯ ᠬᠤᠯᠪᠣᠭᠠᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ      ᠼᠦᠢ ᠴᠢ᠂ ᠴᠠᠬᠢᠯᠭᠠᠨ ᠬᠤᠯᠪᠣᠭᠠᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ      ᠯᠢ ᠰᠢᠶᠤᠤ ᠵᠢᠩ᠂ ᠰᠢᠯᠵᠢᠮᠡᠯ ᠬᠤᠯᠪᠣᠭᠠᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ      ᠡᠯ᠎ᠡ ᠰᠢᠶᠠᠩ ᠪᠠᠯᠭᠠᠰᠤᠨ ᠤ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠳᠣᠭᠢᠷᠠᠭᠤᠯᠤᠨ᠂ ᠠᠯᠪᠠᠨ ᠬᠡᠷ ᠤᠨ ᠡᠷᠬᠢᠯᠡᠭᠴᠢ ᠶᠢ ᠸᠠᠩ ᠷᠦᠢ ᠨᠥᠬᠦᠷ ᠬᠠᠪᠰᠤᠷᠭᠠᠨ ᠬᠠᠷᠢᠭᠤᠴᠠᠵᠤ᠂ ᠠᠵᠢᠯᠲᠠᠨ ᠢ ᠬᠠᠮᠢᠶ᠎ᠠ ᠪᠥᠬᠦᠶ ᠨᠢᠭᠡᠴᠡ ᠠᠴᠠ ᠲᠠᠲᠠᠵᠤ᠂ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠡᠳᠦᠷ ᠲᠤᠲᠤᠮ ᠤᠨ ᠠᠵᠢᠯ ᠢ ᠬᠠᠷᠢᠭᠤᠴᠠᠭᠤᠯᠤᠨ᠂ ᠲᠣᠭᠲᠠᠭᠰᠠᠨ ᠬᠤᠭᠤᠴᠠᠭ᠎ᠠ ᠲᠠᠢ ᠪᠠᠷ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠵᠢᠯ ᠤᠨ ᠠᠬᠢᠴᠠ ᠶᠢ ᠡᠵᠡᠮᠰᠢᠨ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠤᠨ᠎ᠠ᠃      ᠭᠤᠷᠪᠠ᠂ ᠦᠶᠡᠷ ᠤᠨ ᠬᠤᠭᠤᠴᠠᠭᠠᠨ ᠤ ᠭᠧᠣᠯᠣᠭᠢ ᠶᠢᠨ ᠭᠠᠮᠰᠢᠭ ᠤᠨ ᠭᠤᠣᠯᠳᠠᠯᠭ᠎ᠠ ᠲᠠᠢ ᠲᠠᠯᠳᠠ ᠭᠡᠮ ᠤᠨ ᠬᠡᠰᠡᠭ ᠢ ᠲᠥᠰᠦᠭᠡᠯᠡᠬᠦ ᠵᠢᠴᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ      ︵ᠨᠢᠭᠡ︶ ᠭᠠᠵᠠᠷ ᠤᠨ ᠭᠠᠮᠰᠢᠭ ᠤᠨ ᠭᠤᠣᠯ ᠲᠠᠯᠳᠠ ᠭᠡᠮ ᠤᠨ ᠬᠡᠰᠡᠭ ᠢ ᠲᠥᠰᠦᠭᠡᠯᠡᠬᠦ      ᠬᠡᠭᠡᠷ᠎ᠡ ᠶᠢᠨ ᠪᠠᠶᠢᠴᠠᠭᠠᠯᠲᠠ ᠶᠢ ᠦᠨᠳᠦᠰᠦᠯᠡᠪᠡᠯ᠂ ᠪᠥᠬᠦ ᠬᠤᠰᠢᠭᠤᠨ ᠳᠤ ᠭᠧᠣᠯᠣᠭᠢ ᠶᠢᠨ ᠭᠠᠶ ᠭᠠᠮᠰᠢᠭ ᠤᠨ ᠳᠠᠯᠳᠠ ᠬᠡᠮ 52 ᠣᠷᠣᠰᠢᠵᠤ ᠪᠠᠶᠢᠨ᠎ᠠ᠂ ᠡᠭᠦᠨ ᠳᠤ᠄      ᠴᠡᠯᠡᠭᠡᠷ ᠲᠠᠯ᠎ᠠ ᠪᠠᠯᠭᠠᠰᠤᠨ ᠳᠤ᠄      1. ᠰᠢᠪᠠᠷ ᠴᠢᠯᠠᠭᠤᠨ ᠤᠷᠤᠰᠬᠠᠯ 15 ᠭᠠᠵᠠᠷ᠄ ᠮᠢᠶᠣᠣ ᠭᠧᠤ 1᠂ ᠰᠢᠶᠤᠤ ᠸᠠᠨ ᠵᠢᠶᠠ ᠭᠧᠤ 1᠂ ᠲᠠᠯᠠᠢ ᠯᠠᠮᠠ ᠶᠢᠨ ᠭᠧᠤ 1᠂ ᠴᠢᠶᠠᠨ ᠡᠦ ᠭᠧᠤ 1᠂ ᠪᠠᠷᠠᠭᠤᠨ ᠪᠠᠶ ᠱᠢ ᠳᠧᠦ ᠭᠧᠤ 1᠂ ᠬᠦ᠋ ᠶᠠᠨ ᠭᠧᠤ 1᠂ ᠬᠦ᠋ ᠶᠠᠨ ᠲᠣᠰᠬᠤᠨ 7᠂ ᠭᠧ ᠯᠢ ᠭᠠᠨ ᠲᠣᠰᠬᠤᠨ 2᠃      2. ᠭᠠᠵᠠᠷ ᠴᠥᠮᠥᠷᠡᠭᠰᠡᠨ ᠭᠠᠵᠠᠷ 2 ᠭᠠᠵᠠᠷ᠄ ᠴᠢᠶᠠᠨ ᠮᠠ ᠴᠢᠶᠦ᠋ᠨ ᠲᠣᠰᠬᠤᠨ 1᠂ ᠲᠤᠲᠳᠠᠢ ᠲᠣᠰᠬᠤᠨ 1 ᠭᠠᠵᠠᠷ ᠲᠤ ᠴᠥᠮᠥᠷᠡᠭᠰᠡᠨ ᠭᠠᠵᠠᠷ᠃ ︵2︶ ᠭᠠᠵᠠᠷ ᠴᠥᠮᠥᠷᠡᠭᠰᠡᠨ ᠭᠠᠵᠠᠷ 2 ᠭᠠᠵᠠᠷ᠄ ᠴᠢᠶᠠᠨ ᠮᠠ ᠴᠢᠶᠦ᠋ᠨ ᠲᠣᠰᠬᠤᠨ 1᠂ ᠲᠤᠲᠳᠠᠢ ᠲᠣᠰᠬᠤᠨ 1 ᠭᠠᠵᠠᠷ᠃      ᠴᠠᠭᠠᠰᠤᠴᠢ ᠪᠠᠯᠭᠠᠰᠤᠨ ᠳᠤ᠄      1. ᠰᠢᠪᠠᠷ ᠴᠢᠯᠠᠭᠤᠨ ᠤ ᠤᠷᠤᠰᠬᠠᠯ 6᠄ ᠰᠢ ᠭᠧᠤ 1᠂ ᠰᠢ ᠭᠧᠤ ᠮᠤᠨ ᠲᠣᠰᠬᠤᠨ ᠤ ᠬᠤᠶᠢᠲᠤ ᠲᠠᠯ᠎ᠠ ᠳᠤ 1᠂ ᠳ᠋ᠦᠩ ᠭᠧᠤ 1᠂ ᠮᠠ ᠴᠢᠶᠦ᠋ᠨ ᠭᠧᠤ 1᠂ ᠡᠨᠡ ᠯᠣᠣ ᠭᠧᠤ 1᠂ ᠰᠧ ᠾᠧ ᠳ᠋ᠢᠶᠠᠨ ᠳᠤ 1᠃      2. ᠭᠠᠵᠠᠷ ᠴᠥᠮᠥᠷᠡᠭᠰᠡᠨ 2 ᠭᠠᠵᠠᠷ᠄ ᠸᠠᠨ ᠵᠢᠶᠠ ᠭᠧᠤ 2 ᠭᠠᠵᠠᠷ᠃      ᠪᠢᠴᠢᠭᠡᠴᠢ ᠪᠠᠯᠭᠠᠰᠤᠨ ᠳᠤ᠄      1. ᠰᠢᠪᠠᠷ ᠴᠢᠯᠠᠭᠤᠨ ᠤ ᠤᠷᠤᠰᠬᠠᠯ 4᠄ ᠯᠠᠮᠠ ᠶᠢᠨ ᠠᠭᠤᠶ ᠶᠢᠨ ᠭᠤᠤ᠂ ᠱᠢᠮᠤᠨ ᠭᠤᠤ᠂ ᠨᠢᠭᠡ ᠲᠠᠰᠤᠯᠭ᠎ᠠ ᠭᠡᠷ ᠤᠨ ᠭᠤᠤ᠂ ᠰᠦᠬᠡ ᠶᠢᠩ ᠪᠠ ᠾᠧᠢ ᠨᠢᠦ ᠭᠧᠤ 1 ᠶᠢ ᠪᠠᠶᠢᠭᠤᠯᠤᠨ᠎ᠠ᠃ ︵1︶ ᠰᠢᠪᠠᠷ ᠴᠢᠯᠠᠭᠤᠨ ᠤ ᠤᠷᠤᠰᠬᠠᠯ ᠤᠨ ᠭᠠᠵᠠᠷ 4᠄ ᠯᠠᠮᠠ ᠶᠢᠨ ᠠᠭᠤᠶ ᠶᠢᠨ ᠭᠤᠤ᠂ ᠱᠢᠮᠤᠨ ᠭᠤᠤ ᠶᠢᠨ ᠭᠠᠵᠠᠷ 1᠂ ᠨᠢᠭᠡ ᠲᠠᠰᠤᠯᠭ᠎ᠠ ᠭᠡᠷ ᠤᠨ ᠭᠤᠤ᠂ ᠰᠦᠬᠡ ᠶᠢᠩ ᠪᠠ ᠾᠧᠢ ᠨᠢᠤ ᠭᠧᠤ 1 ᠪᠤᠢ᠃      2. ᠨᠤᠷᠠᠵᠤ ᠶᠡᠭᠦᠷᠡᠭᠰᠡᠨ ᠭᠠᠵᠠᠷ 10 ᠪᠤᠢ᠄ ᠡᠦ ᠢ ᠤᠰᠤᠨ ᠴᠥᠭᠦᠷᠥᠮ ᠤᠨ ᠭᠠᠵᠠᠷ᠂ ᠯᠠᠮᠠ ᠶᠢᠨ ᠠᠭᠤᠶ ᠶᠢᠨ ᠭᠠᠵᠠᠷ᠂ ᠡᠾᠸᠢ ᠨᠢᠤ ᠭᠧᠤ ︵ᠪᠠᠭ᠎ᠠ ᠭᠦᠢᠯᠢᠨ ᠤ ᠭᠠᠵᠠᠷ︶ ᠶᠢᠨ ᠭᠠᠵᠠᠷ᠂ ᠱᠦᠢ ᠮᠦᠸᠧ ᠭᠧᠤ ᠭᠠᠵᠠᠷ᠂ ᠶᠢᠨ ᠯᠦ ᠳ᠋ᠢᠶᠠᠨ ᠬᠠᠷᠰᠢ ᠶᠢᠨ ᠨᠤᠷᠠᠯᠲᠠ ᠶᠢᠨ ᠭᠠᠵᠠᠷ 1 ᠪᠤᠢ᠃ ︵2︶ ᠨᠤᠷᠠᠯᠲᠠ ᠶᠢᠨ ᠭᠠᠵᠠᠷ 10 ᠪᠤᠢ᠂ ᠲᠤᠬᠠᠶᠢᠯᠠᠪᠠᠯ ᠡᠦ ᠢ ᠤᠰᠤᠨ ᠴᠥᠭᠦᠷᠥᠮ ᠤᠨ ᠭᠠᠵᠠᠷ᠂ ᠯᠠᠮᠠ ᠶᠢᠨ ᠠᠭᠤᠶ ᠶᠢᠨ ᠭᠠᠵᠠᠷ᠂ ᠡᠾᠸᠢ ᠨᠢᠤ ᠭᠧᠤ ︵ᠪᠠᠭ᠎ᠠ ᠭᠦᠢᠯᠢᠨ ᠤ ᠭᠠᠵᠠᠷ︶ 2᠂ ᠱᠦᠢ ᠮᠦᠸᠧ ᠭᠧᠤ ᠭᠠᠵᠠᠷ᠂ ᠶᠢᠨ ᠯᠦ ᠳ᠋ᠢᠶᠠᠨ ᠬᠠᠷᠰᠢ ᠶᠢᠨ ᠭᠠᠵᠠᠷ 1 ᠪᠤᠢ᠃      ᠲᠠᠶᠢᠭ᠎ᠠ ᠮᠣᠳᠤ ᠪᠠᠯᠭᠠᠰᠤᠨ ᠳᠤ᠄      1. ᠰᠢᠪᠠᠷ ᠴᠢᠯᠠᠭᠤᠨ ᠤ ᠤᠷᠤᠰᠬᠠᠯ 6᠄ ᠾᠦᠤᠤ ᠵᠠᠶ ᠰᠢ ᠭᠧᠤ 1᠂ ᠬᠤᠩ ᠭᠧ ᠯᠢ ᠭᠧᠤ 1᠂ ᠰᠠᠨ ᠳ᠋ᠤᠤ ᠭᠧᠤ 1᠂ ᠡᠯ ᠳ᠋ᠤᠤ ᠭᠧᠤ 1᠂ ᠳᠧᠦ ᠳ᠋ᠤᠤ ᠭᠧᠤ 1᠂ ᠸᠠ ᠶᠣᠣ ᠭᠧ ᠶᠢᠨ ᠭᠧᠤ 1︔      2. ᠨᠤᠷᠠᠯᠲᠠ ᠶᠢᠨ 3 ᠭᠠᠵᠠᠷ᠄ ᠾᠦᠤᠤ ᠵᠠᠶ ᠪᠠᠷᠠᠭᠤᠨ ᠭᠤᠤ ᠶᠢᠨ 3 ᠭᠠᠵᠠᠷ᠃      3. ᠭᠠᠵᠠᠷ ᠴᠥᠮᠥᠷᠡᠭᠰᠡᠨ 4 ᠭᠠᠵᠠᠷ᠄ ᠭᠧᠩ ᠵᠢᠶᠠ ᠶᠢᠩ 1᠂ ᠱᠠ ᠵᠢᠶᠠ ᠶᠢᠩ 2᠂ ᡁᠢ ᠱᠧᠩ ᠼᠦᠨ ᠲᠣᠰᠬᠤᠨ 1᠃      ᠣᠲᠣ ᠨᠢᠭᠡᠨᠲᠡ ᠦᠶᠡᠷ ᠤᠨ ᠬᠤᠭᠤᠴᠠᠭᠠᠨ ᠳᠤ ᠣᠷᠣᠭᠠᠳ ᠪᠠᠶᠢᠨ᠎ᠠ᠂ ᠬᠡᠷᠪᠡ ᠰᠢᠷᠦᠭᠦᠨ ᠪᠣᠷᠣᠭᠠᠨ᠂ ᠦᠶᠡᠷ᠂ ᠰᠢᠪᠠᠷ ᠴᠢᠯᠠᠭᠤᠨ ᠤ ᠤᠷᠤᠰᠬᠠᠯ ᠡᠭᠦᠰᠬᠦ ᠨᠥᠬᠦᠴᠡᠯ ᠮᠥᠨ ᠬᠦ ᠣᠷᠣᠰᠢᠵᠤ ᠪᠠᠶᠢᠪᠠᠯ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠵᠢᠴᠢ ᠬᠥᠬᠡᠬᠤᠲᠠ ᠪᠤᠭᠤᠲᠤ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠮᠤᠷ ᠲᠦᠪᠰᠢᠨ ᠢ ᠰᠢᠭᠤᠳ ᠰᠦᠷᠳᠡᠭᠦᠯᠬᠦ ᠪᠣᠯᠤᠨ᠎ᠠ᠃      ᠨᠤᠷᠠᠯᠲᠠ ᠨᠢ ᠪᠣᠷᠣᠭᠠᠨ ᠤ ᠤᠯᠠᠷᠢᠯ ᠳᠤ ᠣᠷᠣᠬᠤ ᠵᠢᠴᠢ ᠭᠠᠵᠠᠷ ᠬᠥᠳᠡᠯᠦᠯᠲᠡ ᠵᠡᠷᠭᠡ ᠶᠢᠨ ᠥᠳᠥᠭᠡᠯᠭᠡ ᠪᠠᠷ ᠠᠮᠠᠷᠬᠠᠨ ᠠᠭᠤᠯᠠ ᠨᠤᠷᠠᠵᠤ᠂ ᠨᠠᠭᠠᠰᠢ ᠴᠠᠭᠠᠰᠢ ᠵᠣᠷᠴᠢᠬᠤ ᠲᠡᠷᠭᠡ ᠪᠠ ᠵᠤᠭᠠᠴᠠᠭᠰᠠᠳ ᠲᠤ ᠰᠢᠭᠤᠳ ᠰᠦᠷᠳᠡᠭᠦᠯᠦᠯ ᠪᠣᠯᠳᠠᠭ᠃      ᠭᠠᠵᠠᠷ ᠴᠥᠮᠥᠷᠡᠵᠦ ᠪᠣᠷᠣᠭᠠᠨ ᠤ ᠤᠯᠠᠷᠢᠯ ᠳᠤ ᠣᠷᠣᠵᠤ᠂ ᠭᠠᠳᠠᠭᠠᠳᠤ ᠰᠢᠯᠲᠠᠭᠠᠨ ᠤ ᠥᠳᠥᠭᠡᠯᠭᠡ ᠪᠠᠷ ᠣᠶᠢᠷ᠎ᠠ ᠬᠠᠪᠢ ᠶᠢᠨ ᠰᠠᠭᠤᠭᠠᠯᠢ ᠠᠷᠠᠳ ᠢ ᠰᠦᠷᠳᠡᠭᠦᠯᠳᠡᠭ᠃      ︵ᠬᠤᠶᠠᠷ︶ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ      ᠡᠮᠦᠨ᠎ᠡ ᠳᠤᠷᠠᠳᠤᠭᠰᠠᠨ ᠦᠶᠡᠷ ᠤᠨ ᠬᠤᠭᠤᠴᠠᠭᠠᠨ ᠤ ᠭᠧᠣᠯᠣᠭᠢ ᠶᠢᠨ ᠭᠠᠶ ᠭᠠᠮᠰᠢᠭ ᠤᠨ ᠭᠤᠤᠯᠳᠠᠯᠭ᠎ᠠ ᠲᠠᠢ ᠳᠠᠯᠳᠠ ᠬᠡᠮ ᠤᠨ ᠬᠡᠰᠡᠭ ᠤᠨ ᠵᠢᠱᠢᠯᠲᠡ ᠳᠤ ᠴᠢᠭᠯᠡᠭᠦᠯᠦᠨ᠂ ᠣᠨᠴᠠᠭᠠᠶᠢᠯᠠᠨ ᠳᠣᠤᠷᠠᠬᠢ ᠮᠡᠲᠦ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ ᠶᠢ ᠳᠤᠷᠠᠳᠪᠠ᠄      1. ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠳᠤ ᠵᠠᠰᠠᠭ ᠤᠨ ᠣᠷᠳᠣᠨ ᠤᠳᠤᠷᠢᠳᠬᠤ᠂ ᠱᠠᠳᠤ ᠬᠤᠪᠢᠶᠠᠨ ᠬᠠᠮᠢᠶᠠᠷᠬᠤ᠂ ᠰᠠᠯᠠᠭ᠎ᠠ ᠮᠥᠴᠢᠷ ᠬᠠᠷᠢᠭᠤᠴᠠᠬᠤ ᠵᠣᠬᠢᠶᠠᠨ ᠪᠠᠶᠢᠭᠤᠯᠤᠯᠲᠠ ᠶᠢᠨ ᠵᠠᠷᠴᠢᠮ ᠢ ᠬᠡᠷᠡᠭᠵᠢᠭᠦᠯᠦᠨ᠎ᠡ᠃      2. ᠠᠭᠤᠯᠠ ᠳᠠᠭᠠᠤ ᠶᠢᠨ ᠡᠯ᠎ᠡ ᠰᠢᠶᠠᠩ ᠪᠠᠯᠭᠠᠰᠤ ᠪᠣᠯᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠣᠷᠣᠨ ᠪᠦᠰᠡ ᠪᠣᠯᠤᠨ ᠠᠶᠤᠯ ᠲᠠᠢ ᠴᠢᠭ ᠤᠨ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠤᠨ ᠭᠠᠮᠰᠢᠭ ᠢ ᠬᠢᠨᠠᠨ ᠡᠵᠡᠮᠳᠡᠬᠦ ᠪᠠ ᠤᠷᠢᠳᠴᠢᠯᠠᠨ ᠰᠡᠷᠭᠡᠶᠢᠯᠡᠬᠦ ᠪᠠᠨ ᠴᠢᠩᠭᠠᠳᠬᠠᠬᠤ ᠬᠡᠷᠡᠭᠲᠡᠶ᠃ ᠢᠯᠠᠩᠭᠤᠶ᠎ᠠ ᠭᠠᠵᠠᠷ ᠤᠨ ᠭᠠᠮᠰᠢᠭ ᠤᠨ ᠭᠤᠣᠯᠳᠠᠯᠭ᠎ᠠ ᠲᠠᠢ ᠬᠢᠯᠪᠠᠷᠬᠠᠨ ᠡᠭᠦᠰᠳᠡᠭ ᠣᠷᠣᠨ ᠤ ᠬᠡᠰᠡᠭ᠂ ᠪᠢᠴᠢᠭᠡᠴᠢ ᠪᠠᠯᠭᠠᠰᠤ᠂ ᠴᠡᠯᠡᠭᠡᠷ ᠲᠠᠯ᠎ᠠ ᠪᠠᠯᠭᠠᠰᠤ᠂ ᠴᠠᠭᠠᠰᠤᠴᠢ ᠪᠠᠯᠭᠠᠰᠤ᠂ ᠲᠠᠶᠢᠭ᠎ᠠ ᠮᠣᠳᠤ ᠪᠠᠯᠭᠠᠰᠤ ᠨᠤᠭᠤᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠭᠤᠣᠯᠳᠠᠯᠭ᠎ᠠ ᠲᠠᠢ ᠭᠤᠣ ᠶᠢᠨ ᠬᠡᠰᠡᠭ ᠲᠤ ᠲᠤᠰᠬᠠᠶ ᠬᠥᠮᠦᠨ ᠲᠣᠭᠲᠠᠭᠠᠨ ᠬᠢᠨᠠᠨ ᠡᠵᠡᠮᠳᠡᠬᠦ ᠶᠢ ᠬᠠᠷᠢᠭᠤᠴᠠᠭᠤᠯᠵᠤ᠂ ᠬᠢᠨᠠᠨ ᠬᠡᠮᠵᠢᠬᠦ᠂ ᠲᠥᠰᠦᠭᠡᠯᠡᠬᠦ᠂ ᠤᠷᠢᠳᠴᠢᠯᠠᠨ ᠮᠡᠳᠡᠭᠡᠯᠡᠬᠦ ᠡᠭᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠪᠣᠳᠠᠲᠠᠶ ᠠᠷᠭ᠎ᠠ ᠬᠡᠮᠵᠢᠶ᠎ᠡ ᠶᠢᠨ ᠲᠥᠰᠦᠯ ᠳᠤᠷᠠᠳᠬᠤ ᠶᠢᠨ ᠬᠠᠮᠲᠤ ᠱᠠᠯᠠᠪᠳᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠯᠠᠩᠭᠤᠶ᠎ᠠ ᠦᠶᠡᠷ ᠤᠨ ᠬᠤᠭᠤᠴᠠᠭᠠᠨ ᠳᠤ ᠬᠢᠨᠠᠨ ᠬᠡᠮᠵᠢᠬᠦ ᠪᠠᠨ ᠨᠡᠩ ᠴᠢᠩᠭᠠᠳᠬᠠᠵᠤ᠂ ᠴᠢᠩᠭ᠎ᠠ ᠨᠢᠮᠪᠠᠶ ᠠᠩᠬᠠᠷᠬᠤ ᠬᠡᠷᠡᠭᠲᠡᠶ᠃      3. ᠬᠥᠬᠡᠬᠤᠲᠠ ᠪᠤᠭᠤᠲᠤ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠰᠤᠨ ᠭᠤᠯᠳᠤᠩ ᠢ ᠴᠠᠭ ᠲᠤᠬᠠᠶ ᠳᠤ ᠨᠢ ᠴᠡᠪᠡᠷᠯᠡᠨ ᠪᠥᠭᠯᠡᠵᠦ᠂ ᠦᠶᠡᠷ ᠤᠨ ᠤᠰᠤᠨ ᠤ ᠨᠡᠪᠳᠡᠷᠡᠯ ᠵᠠᠮ ᠢ ᠨᠡᠪᠲᠡᠷᠡᠭᠦᠯᠬᠦ ᠶᠢᠨ ᠬᠠᠮᠲᠤ ᠲᠤᠰᠬᠠᠶ ᠬᠥᠮᠦᠨ ᠭᠠᠷᠭᠠᠵᠤ ᠪᠠᠶᠢᠴᠠᠭᠠᠨ ᠦᠵᠡᠬᠦ ᠬᠡᠷᠡᠭᠲᠡᠶ᠂ ᠬᠡᠷᠪᠡ ᠠᠶᠤᠯ ᠳᠤ ᠤᠴᠠᠷᠠᠭᠰᠠᠨ ᠪᠠᠶᠢᠳᠠᠯ ᠢ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠤᠨ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠵᠦ᠂ ᠲᠣᠰᠬᠤᠨ ᠤ ᠠᠷᠠᠳ ᠲᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃      4. ᠪᠦ᠋ᠳᠦᠭᠡᠨ ᠪᠠᠶᠢᠭᠤᠯᠤᠯᠲᠠ ᠶᠢᠨ ᠵᠦᠢᠯᠡᠰ ᠢ ᠡᠷᠭᠢᠯᠡᠵᠦ ᠪᠠᠶᠢᠭ᠎ᠠ ᠰᠠᠯᠠᠭ᠎ᠠ ᠮᠥᠴᠢᠷ ᠪᠦ᠋ᠬᠦᠨ ᠡᠷᠬᠡᠪᠰᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠪᠠ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠯᠪᠣᠭᠳᠠᠯ ᠪᠦ᠋ᠬᠦᠢ ᠲᠣᠭᠲᠠᠭᠠᠯ ᠶᠣᠰᠣᠭᠠᠷ᠂ ᠵᠦᠢᠯᠡᠰ ᠢ ᠬᠡᠷᠡᠭᠵᠢᠭᠦᠯᠬᠦ ᠠᠴᠠ ᠡᠮᠦᠨᠡᠬᠢ ᠬᠤᠭᠤᠴᠠᠭᠠᠨ ᠳᠤ ᠭᠧᠣᠯᠣᠭᠢ ᠶᠢᠨ ᠭᠠᠶ ᠭᠠᠮᠰᠢᠭ ᠤᠨ ᠠᠶᠤᠯᠳᠤ ᠴᠢᠨᠠᠷ ᠤᠨ ᠦᠨᠡᠯᠡᠨ ᠵᠢᠱᠢᠯᠲᠡ ᠬᠢᠬᠦ ᠶᠢᠨ ᠬᠠᠮᠲᠤ ᠦᠨᠡᠯᠡᠨ ᠵᠢᠱᠢᠬᠦ ᠲᠥᠰᠦᠯ ᠤᠨ ᠶᠣᠰᠣᠭᠠᠷ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠪᠠᠷᠢᠯᠭ᠎ᠠ ᠶᠢᠨ ᠠᠵᠢᠯ ᠢᠶᠠᠨ ᠬᠢᠵᠦ᠂ ᠭᠧᠣᠯᠣᠭᠢ ᠶᠢᠨ ᠭᠠᠶ ᠭᠠᠮᠰᠢᠭ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃      5. ᠭᠧᠣᠯᠣᠭᠢ ᠶᠢᠨ ᠭᠠᠶ ᠭᠠᠮᠰᠢᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠢᠯᠠᠩᠭᠤᠶ᠎ᠠ ᠭᠧᠣᠯᠣᠭᠢ ᠶᠢᠨ ᠭᠠᠶ ᠭᠠᠮᠰᠢᠭ ᠤᠯᠠᠨ ᠭᠠᠷᠳᠠᠭ ᠣᠷᠣᠨ ᠪᠠ ᠲᠠᠯᠳᠠ ᠭᠡᠮ ᠲᠠᠢ ᠭᠠᠵᠠᠷ ᠤᠨ ᠤᠢᠢᠷ᠎ᠠ ᠬᠠᠪᠢ ᠶᠢᠨ ᠰᠠᠭᠤᠭᠠᠯᠢ ᠠᠷᠠᠳ ᠲᠤ ᠤᠬᠠᠭᠤᠯᠭ᠎ᠠ ᠬᠥᠮᠦᠵᠢᠯ ᠬᠢᠵᠦ᠂ ᠲᠡᠳᠡᠨ ᠳᠤ ᠭᠧᠣᠯᠣᠭᠢ ᠶᠢᠨ ᠭᠠᠶ ᠭᠠᠮᠰᠢᠭ ᠡᠭᠦᠰᠬᠦ ᠠᠴᠠ ᠡᠮᠦᠨᠡᠬᠢ ᠰᠢᠨᠵᠢ ᠲᠡᠮᠳᠡᠭ ᠪᠠ ᠡᠭᠦᠰᠬᠦ ᠦᠶ᠎ᠡ ᠶᠢᠨ ᠪᠠᠴᠢᠮ ᠵᠠᠶᠢᠯᠠᠬᠤ ᠠᠷᠭ᠎ᠠ ᠶᠢ ᠣᠶᠢᠯᠠᠭᠠᠭᠤᠯᠤᠨ ᠡᠵᠡᠮᠰᠢᠭᠦᠯᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠠᠴᠠ ᠠᠯᠢ ᠴᠢᠳᠠᠬᠤ ᠪᠠᠷ ᠵᠠᠶᠢᠯᠠᠭᠤᠯᠬᠤ ᠬᠡᠷᠡᠭᠲᠡᠶ᠃      6. ᠦᠶᠡᠷ ᠤᠨ ᠬᠤᠭᠤᠴᠠᠭᠠᠨ ᠤ ᠲᠣᠭᠤᠷᠢᠨ ᠪᠠᠶᠢᠴᠠᠭᠠᠬᠤ ᠲᠦᠷᠢᠮ ᠪᠣᠯᠤᠨ ᠪᠣᠷᠣᠭᠠᠨ ᠤ ᠤᠯᠠᠷᠢᠯ ᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠧᠣᠯᠣᠭᠢ ᠶᠢᠨ ᠭᠠᠶ ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠮᠡᠳᠡᠭᠡᠯᠡᠬᠦ ᠡᠭᠦᠷᠭᠡ ᠶᠢ ᠱᠠᠲᠤ ᠱᠠᠲᠤ ᠪᠠᠷ ᠲᠣᠰᠬᠤᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ᠂ ᠵᠢᠵᠢᠭᠦᠷᠯᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠡᠷᠬᠡᠪᠰᠢ 6 ᠰᠠᠷ᠎ᠠ ᠶᠢᠨ 15 ᠤ ᠡᠳᠦᠷ ᠠᠴᠠ ᠡᠮᠦᠨ᠎ᠡ ᠬᠠᠷᠢᠶᠠᠯᠠᠬᠤ ᠬᠡᠪᠴᠢᠶᠡᠨ ᠳᠠᠬᠢ ᠳᠠᠯᠳᠠ ᠭᠡᠮ ᠲᠠᠢ ᠭᠠᠵᠠᠷ ᠢ ᠨᠢᠭᠡ ᠤᠳᠠᠭ᠎ᠠ ᠲᠦᠢᠯᠪᠤᠷᠢᠲᠠᠶ ᠵᠢᠭᠰᠠᠭᠠᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢᠨ ᠬᠠᠮᠲᠤ ᠲᠡᠭᠦᠨ ᠤ ᠬᠤᠣᠷ ᠬᠦᠨᠦᠭᠡᠯᠳᠦ ᠴᠢᠨᠠᠷ ᠲᠤ ᠠᠩᠬ᠎ᠠ ᠠᠯᠬᠤᠮ ᠤᠨ ᠮᠠᠭᠠᠳᠯᠠᠯᠲᠠ ᠬᠢᠵᠦ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠪᠠ ᠰᠠᠨᠠᠭᠤᠯᠭ᠎ᠠ ᠳᠤᠷᠠᠳᠴᠤ᠂ ᠳᠠᠯᠳᠠ ᠭᠡᠮ ᠢ ᠲᠦᠢᠯᠪᠤᠷᠢᠲᠠᠶ ᠠᠷᠢᠯᠭᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠭᠠᠮᠰᠢᠭ ᠢ ᠰᠡᠷᠭᠡᠶᠢᠯᠡᠬᠦ ᠶᠢ ᠵᠣᠬᠢᠴᠠᠭᠤᠯᠤᠨ ᠬᠤᠯᠪᠣᠯᠳᠤᠭᠤᠯᠬᠤ ᠲᠣᠭᠲᠠᠴᠠ ᠶᠢ ᠲᠦᠷᠭᠡᠬᠡᠨ ᠪᠠᠶᠢᠭᠤᠯᠤᠨ᠎ᠠ᠃ ᠲᠣᠭᠤᠷᠢᠨ ᠪᠠᠶᠢᠴᠠᠭᠠᠬᠤ ᠠᠵᠢᠯ ᠢ ᠵᠠᠪᠠᠯ ᠬᠥᠨᠳᠡᠯᠡᠨ ᠢᠶᠠᠷ ᠵᠠᠬ᠎ᠠ ᠬᠢᠵᠠᠭᠠᠷ ᠣᠷᠣᠨ ᠳᠤ ᠬᠦᠷᠭᠡᠵᠦ᠂ ᠭᠤᠯᠳᠤ ᠪᠠᠷ ᠡᠴᠦᠰ ᠲᠤᠨᠢ ᠲᠤᠯᠲᠠᠯ᠎ᠠ ᠬᠢᠵᠦ᠂ ᠬᠠᠰᠢ ᠶᠠᠰᠢ ᠪᠠᠷ ᠥᠩᠭᠡᠷᠡᠭᠦᠯᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠮᠡᠳᠡᠭᠡᠯᠡᠬᠦ᠂ ᠨᠡᠭᠦᠯᠭᠡᠬᠦ᠂ ᠲᠥᠪᠬᠢᠨᠡᠭᠦᠯᠬᠦ᠂ ᠠᠪᠤᠷᠠᠨ ᠲᠤᠰᠠᠯᠠᠬᠤ ᠵᠡᠷᠭᠡ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠬᠤ ᠬᠡᠷᠡᠭᠲᠡᠶ᠃      7. ᠭᠠᠮᠰᠢᠭ ᠤᠨ ᠲᠠᠷᠠᠭ᠎ᠠ ᠲᠦᠷᠭᠡᠨ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠭᠧᠣᠯᠣᠭᠢ ᠶᠢᠨ ᠭᠠᠶ ᠭᠠᠮᠰᠢᠭ ᠭᠠᠷᠤᠮᠠᠭᠴᠠ ᠬᠢᠨᠠᠨ ᠬᠡᠮᠵᠢᠬᠦ ᠡᠭᠦᠷᠭᠡ ᠶᠢ ᠡᠭᠦᠷᠭᠡᠯᠡᠵᠦ ᠪᠠᠶᠢᠭ᠎ᠠ ᠨᠢᠭᠡᠴᠡ᠂ ᠬᠤᠪᠢ ᠬᠥᠮᠦᠨ ᠪᠣᠯᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠠᠷᠦ᠋ᠢᠬᠠᠨ ᠬᠠᠷᠢᠶ᠎ᠠ ᠣᠷᠣᠨ ᠤ ᠵᠠᠰᠠᠭ ᠤᠨ ᠣᠷᠳᠣᠨ ᠪᠣᠯᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠠᠮᠰᠢᠭ ᠤᠨ ᠪᠠᠶᠢᠳᠠᠯ ᠢ ᠮᠡᠳᠡᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠦᠴᠦᠨ ᠢᠶᠠᠨ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠤᠷ ᠲᠤ ᠬᠦᠷᠴᠦ ᠪᠠᠶᠢᠴᠠᠭᠠᠯᠲᠠ ᠬᠢᠵᠦ᠂ ᠭᠠᠮᠰᠢᠭ ᠡᠭᠦᠰᠦᠭᠰᠡᠨ ᠰᠢᠯᠲᠠᠭᠠᠨ᠂ ᠭᠠᠮᠰᠢᠭ ᠤᠨ ᠬᠤᠬᠢᠷᠠᠯ᠂ ᠬᠥᠭᠵᠢᠯᠲᠡ ᠶᠢᠨ ᠬᠠᠨᠳᠤᠰᠢ ᠶᠢ ᠤᠶᠢᠯᠠᠭᠠᠨ᠂ ᠬᠠᠷᠢᠶᠠᠲᠤ ᠣᠷᠣᠨ ᠤ ᠵᠠᠰᠠᠭ ᠤᠨ ᠣᠷᠳᠣᠨ ᠢ ᠬᠠᠮᠵᠢᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠨᠠᠷᠢᠨ ᠲᠣᠳᠣᠷᠬᠠᠶ ᠪᠦᠷᠢᠨ ᠪᠦᠲᠦᠨ ᠪᠠᠶᠢᠴᠠᠭᠠᠨ ᠰᠢᠢᠳᠪᠦᠷᠢᠯᠡᠭᠰᠡᠨ ᠮᠡᠳᠡᠭᠦᠯᠦᠯᠲᠡ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠪᠣᠯ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠬᠤ ᠶᠡᠭᠡ ᠶᠠᠪᠤᠳᠠᠯ ᠮᠥᠨ᠃ ᠡᠯ᠎ᠡ ᠰᠢᠶᠠᠩ ᠪᠠᠯᠭᠠᠰᠤ ︽ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ᠤᠨ ᠱᠠᠭᠠᠷᠳᠠᠯᠭ᠎ᠠ ᠶᠣᠰᠣᠭᠠᠷ᠂ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠤᠨ᠂ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠬᠠᠮᠢᠶ᠎ᠠ ᠪᠥᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠰᠡᠷᠭᠡᠶᠢᠯᠡᠨ ᠵᠠᠰᠠᠵᠤ ᠠᠶᠤᠯ ᠠᠴᠠ ᠠᠪᠤᠷᠠᠬᠤ ᠡᠯ᠎ᠡ ᠵᠦᠢᠯ ᠤᠨ ᠠᠵᠢᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠠᠶᠢᠲᠤᠷ ᠬᠢᠬᠦ ᠬᠡᠷᠡᠭᠲᠡᠶ᠃      ︵ᠬᠤᠶᠠᠷ︶ ᠭᠤᠤᠯᠳᠠᠯᠭ᠎ᠠ ᠶᠢ ᠳᠣᠪᠤᠶᠢᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠦᠶᠡᠷ ᠤᠨ ᠭᠤᠣᠯ ᠬᠤᠭᠤᠴᠠᠭ᠎ᠠ ᠪᠣᠯ ᠭᠧᠣᠯᠣᠭᠢ ᠶᠢᠨ ᠭᠠᠮᠰᠢᠭ ᠤᠯᠠᠨ ᠡᠭᠦᠰᠳᠡᠭ ᠬᠤᠭᠤᠴᠠᠭ᠎ᠠ ᠪᠣᠯᠬᠤᠷ ᠡᠯ᠎ᠡ ᠰᠢᠶᠠᠩ ᠪᠠᠯᠭᠠᠰᠤ ᠵᠢᠴᠢ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠢᠩᠭ᠎ᠠ ᠰᠡᠷᠭᠡᠶᠢᠯᠡᠬᠦ ᠬᠡᠷᠡᠭᠲᠡᠶ᠃ ᠨᠢᠭᠡ ᠳᠤ ᠵᠢᠯ ᠤᠨ ᠰᠡᠷᠭᠡᠶᠢᠯᠡᠨ ᠵᠠᠰᠠᠬᠤ ᠲᠥᠰᠦᠯ ᠢ ᠴᠢᠩᠭ᠎ᠠ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠦᠨ᠎ᠡ᠃ ᠡᠯ᠎ᠡ ᠰᠢᠶᠠᠩ ᠪᠠᠯᠭᠠᠰᠤ ᠡᠷᠬᠡᠪᠰᠢ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠪᠠ ᠭᠤᠤᠯᠳᠠᠯᠭ᠎ᠠ ᠲᠠᠢ ᠬᠡᠮ ᠰᠣᠭᠤᠭ ᠤᠨ ᠴᠢᠭ ᠤᠨ ︽ᠰᠡᠷᠭᠡᠶᠢᠯᠡᠬᠦ ᠪᠤᠯᠢᠶᠠᠬᠤ ᠬᠠᠰᠤᠬᠤ︾ ᠲᠥᠰᠦᠯ ᠢ ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠬᠦ ᠠᠵᠢᠯ ᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠵᠣᠬᠢᠴᠠᠩᠭᠤᠶ ᠪᠠᠷ ᠲᠣᠭᠲᠠᠭᠠᠵᠤ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠤᠶᠠᠷ ᠲᠤ ᠲᠦᠭᠰᠢᠭᠦᠷᠢᠲᠦ ᠪᠠᠶᠢᠳᠠᠯ ᠢ ᠲᠣᠭᠤᠷᠢᠨ ᠪᠠᠶᠢᠴᠠᠭᠠᠬᠤ᠂ ᠭᠠᠮᠰᠢᠭ ᠤᠨ ᠪᠠᠶᠢᠳᠠᠯ ᠢ ᠲᠦᠷᠭᠡᠨ ᠮᠡᠳᠡᠭᠦᠯᠬᠦ᠂ ᠦᠶᠡᠷ ᠤᠨ ᠬᠤᠭᠤᠴᠠᠭᠠᠨ ᠳᠤ ᠵᠢᠵᠢᠭᠦᠷᠯᠡᠬᠦ ᠵᠡᠷᠭᠡ ᠡᠯ᠎ᠡ ᠵᠦᠢᠯ ᠤᠨ ᠲᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠦᠨ᠎ᠡ᠃ ᠡᠯ᠎ᠡ ᠰᠢᠶᠠᠩ ᠪᠠᠯᠭᠠᠰᠤ ᠡᠷᠬᠡᠪᠰᠢ 24 ᠴᠠᠭ ᠢᠶᠠᠷ ᠵᠢᠵᠢᠭᠦᠷᠯᠡᠬᠦ ᠲᠥᠷᠢᠮ ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠪᠠ ᠭᠡᠨᠡᠳᠲᠡ ᠶᠢᠨ ᠴᠢᠨᠠᠷᠲᠠᠶ ᠭᠧᠣᠯᠣᠭᠢ ᠶᠢᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠪᠠᠶᠢᠴᠠᠭᠠᠯᠲᠠ ᠶᠢᠨ ᠳᠤᠭᠤᠶᠢᠯᠠᠩ ᠢ ᠪᠠᠶᠢᠭᠤᠯᠵᠤ᠂ ᠭᠠᠮᠰᠢᠭ ᠤᠨ ᠪᠠᠶᠢᠳᠠᠯ ᠭᠠᠷᠪᠠᠯ ᠡᠷᠬᠡᠪᠰᠢ ᠲᠡᠷᠡ ᠳᠠᠷᠤᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠦᠳᠲᠡᠷ ᠲᠦᠷᠭᠡᠨ ᠡᠬᠢᠯᠡᠭᠦᠯᠵᠦ᠂ ᠠᠶᠤᠯ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠵᠤ᠂ ᠭᠠᠮᠰᠢᠭ ᠤᠨ ᠪᠠᠶᠢᠳᠠᠯ ᠤᠨ ᠥᠷᠭᠡᠳᠬᠦ ᠶᠢ ᠡᠷᠡᠰ ᠬᠤᠷᠢᠭᠯᠠᠬᠤ ᠬᠡᠷᠡᠭᠲᠡᠶ᠃ ᠭᠤᠷᠪᠠ ᠳᠤ᠂ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠲᠣᠰ ᠬᠠᠷᠢᠶ᠎ᠠ ᠣᠷᠣᠨ ᠤ ᠪᠠᠨ ᠣᠳᠣᠬᠠᠨ ᠳᠤ ᠡᠵᠡᠮᠰᠢᠵᠦ ᠪᠠᠶᠢᠭ᠎ᠠ ᠭᠧᠣᠯᠣᠭᠢ ᠶᠢᠨ ᠭᠠᠶ ᠭᠠᠮᠰᠢᠭ ᠤᠨ ᠬᠡᠮ ᠰᠣᠭᠤᠭ ᠤᠨ ᠴᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠳᠤ ᠣᠷᠣᠭᠤᠯᠵᠤ᠂ ᠬᠢᠨᠠᠨ ᠬᠡᠮᠵᠢᠬᠦ ᠬᠠᠷᠢᠭᠤᠴᠠᠯᠭᠠᠲᠠᠨ ᠪᠠ ᠲᠤᠬᠠᠶ ᠶᠢᠨ ᠲᠠᠯᠠᠪᠤᠷ ᠤᠨ ᠬᠢᠨᠠᠨ ᠬᠡᠮᠵᠢᠭᠴᠢ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠦᠶᠡᠷ ᠤᠨ ᠬᠤᠭᠤᠴᠠᠭ᠎ᠠ ᠠᠴᠠ ᠡᠮᠦᠨ᠎ᠡ ︽ᠢᠯᠡ ᠺᠠᠷᠲ︾ ᠢ ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠤ ᠭᠠᠷ ᠲᠤ ᠣᠯᠭᠤᠬᠤ ᠶᠢᠨ ᠬᠠᠮᠲᠤ ︽ᠢᠯᠡ ᠺᠠᠷᠲ︾ ᠪᠠ ︽ᠠᠶᠤᠯ ᠠᠴᠠ ᠵᠠᠶᠢᠯᠠᠬᠤ ᠺᠠᠷᠲ︾ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠤᠬᠠᠮᠰᠠᠷᠲᠤ ᠴᠢᠨᠠᠷ ᠢᠶᠠᠨ ᠨᠡᠮᠡᠭᠳᠡᠭᠦᠯᠦᠨ᠂ ᠦᠨᠡᠨ ᠬᠦ ᠶᠠᠪᠤᠭᠳᠠᠭᠤᠰᠢᠲᠠᠶ ᠪᠠᠴᠢᠮ ᠪᠠᠶᠢᠳᠠᠯ ᠢ ᠠᠷᠭᠠᠴᠠᠬᠤ ᠲᠥᠰᠦᠯ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠷᠢᠭᠤᠴᠠᠯᠭ᠎ᠠ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠤᠨ᠂ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠭᠠᠮᠰᠢᠭ ᠠᠴᠠ ᠪᠣᠯᠤᠭᠰᠠᠨ ᠬᠥᠮᠦᠨ ᠤ ᠠᠮᠢ ᠨᠠᠰᠤ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃      ︵ᠭᠤᠷᠪᠠ︶ ᠤᠬᠠᠭᠤᠯᠭ᠎ᠠ ᠪᠠᠨ ᠴᠢᠩᠭᠠᠳᠬᠠᠨ᠂ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠶ᠃ ᠬᠤᠰᠢᠭᠤᠨ ᠤ ᠴᠠᠭ ᠠᠭᠤᠷ ᠤᠨ ᠲᠣᠪᠴᠢᠶ᠎ᠠ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠡᠯ᠎ᠡ ᠰᠢᠶᠠᠩ ᠪᠠᠯᠭᠠᠰᠤᠨ ᠤ ᠬᠢᠨ ᠣᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠶᠢ ᠠᠪᠴᠤ᠂ ︽ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ᠪᠠ ᠭᠧᠣᠯᠣᠭᠢ ᠶᠢᠨ ᠭᠠᠶ ᠭᠠᠮᠰᠢᠭ ᠢ ᠰᠡᠷᠭᠡᠶᠢᠯᠡᠬᠦ ᠮᠡᠳᠡᠯᠭᠡ ᠪᠠᠷ ᠭᠤᠤᠯᠳᠠᠯᠭ᠎ᠠ ᠪᠣᠯᠭᠠᠭᠰᠠᠨ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠢᠳᠡᠪᠬᠢᠲᠡᠶ ᠥᠷᠨᠢᠭᠦᠯᠵᠦ᠂ ᠭᠠᠴᠠᠭ᠎ᠠ ᠳᠤᠭᠤᠶᠢᠯᠠᠩ ᠤᠨ ᠺᠠᠳ᠋ᠷ ᠪᠠ ᠥᠷᠭᠡᠨ ᠣᠯᠠᠨ ᠠᠷᠠᠳ ᠲᠦᠮᠡᠨ ᠤ ᠭᠠᠮᠰᠢᠭ ᠢ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠠᠪᠤᠷᠠᠵᠤ ᠵᠠᠶᠢᠯᠠᠬᠤ ᠶᠢᠨ ᠲᠦᠷᠭᠡᠨ ᠠᠷᠭᠠᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃      ︵ᠳᠥᠷᠪᠡ︶ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠢᠳᠡᠪᠬᠢᠲᠡᠶ ᠪᠠᠷ ᠬᠠᠮᠵᠢᠯᠴᠠᠨ᠎ᠠ᠃ ᠡᠯ᠎ᠡ ᠰᠢᠶᠠᠩ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠣᠷ᠎ᠠ ᠬᠠᠷᠢᠯᠴᠠᠨ ᠬᠠᠮᠵᠢᠯᠴᠠᠵᠤ᠂ ᠵᠠᠷᠯᠢᠭ ᠢ ᠳᠠᠭᠠᠵᠤ᠂ ᠵᠢᠯᠣᠭᠤᠳᠣᠯᠭ᠎ᠠ ᠶᠢ ᠳᠠᠭᠠᠬᠤ ᠬᠡᠷᠡᠭᠲᠡᠶ᠃ ᠤᠰᠤᠨ ᠤ ᠪᠠᠶᠢᠳᠠᠯ᠂ ᠪᠣᠷᠣᠭᠠᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠢᠮᠠᠭᠲᠠ ᠡᠵᠡᠮᠰᠢᠨ ᠣᠶᠢᠯᠠᠭᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠶᠤᠯ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠬᠦ᠂ ᠡᠭᠦᠷᠭᠡ ᠲᠤᠰᠢᠶᠠᠯ ᠳᠠᠭᠠᠨ ᠣᠰᠣᠯᠳᠠᠬᠤ᠂ ᠰᠡᠷᠭᠡᠶᠢᠯᠡᠬᠦ ᠶᠢ ᠪᠠᠷᠢᠮᠵᠢᠶ᠎ᠠ ᠳᠤ ᠬᠥᠷᠬᠦ ᠥᠬᠡᠶ᠂ ᠬᠦᠴᠦᠲᠡᠶ ᠠᠷᠭ᠎ᠠ ᠬᠡᠮᠵᠢᠶ᠎ᠡ ᠠᠪᠤᠭᠰᠠᠨ ᠥᠬᠡᠶ ᠠᠴᠠ ᠪᠣᠯᠵᠣ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号