ᠲᠦᠮᠡᠳ ᠵᠡᠭᠦᠨ ᠵᠠᠰᠠᠭ ᠲᠠᠷᠬᠠᠭᠠᠭᠰᠠᠨ ﹇2021﹈ 63 ᠳ᠋ᠤᠭᠠᠷ ᠲᠣᠭᠠᠲᠤ | | ᠬᠤᠯᠪᠣᠭᠳᠠᠯ ᠪᠦᠬᠦᠢ ᠨᠢᠭᠡᠴᠡ ᠨᠦᠭᠦᠳ᠄ | ᠡᠳᠦᠭᠡ ︽ᠲᠦᠮᠡᠳ ᠵᠡᠭᠦᠨ ᠬᠤᠰᠢᠭᠤᠨ ᠤ ᠡᠷᠡᠭᠦᠯ ᠮᠡᠨᠳᠦ ᠶᠢᠨ ᠬᠥᠨᠳᠡᠢ ᠶᠢᠨ ᠰᠦ ᠶᠢᠨ ᠠᠵᠤ ᠦᠢᠯᠡᠰ ᠵᠢᠴᠢ | ᠴᠢᠬᠤᠯᠠ ᠶᠡᠭᠡ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | | 2021 ᠣᠨ ᠤ 5 ᠰᠠᠷ᠎ᠠ ᠶᠢᠨ 20 ᠤ ᠡᠳᠦᠷ | | | ᠲᠦᠮᠡᠳ ᠵᠡᠭᠦᠨ ᠬᠤᠰᠢᠭᠤᠨ ᠤ ᠡᠷᠡᠭᠦᠯ ᠮᠡᠨᠳᠦ ᠶᠢᠨ ᠬᠥᠨᠳᠡᠢ ᠶᠢᠨ ᠰᠦ ᠶᠢᠨ ᠠᠵᠤ ᠦᠢᠯᠡᠰ ᠵᠢᠴᠢ | ᠴᠢᠬᠤᠯᠠ ᠶᠡᠭᠡ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ᠂ ᠵᠡᠷᠦᠩᠬᠡᠶ ᠲᠦᠷᠢᠮ | ᠨᠢᠭᠡᠳᠦᠭᠡᠷ ᠵᠦᠢᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢᠨ ᠲᠤᠬᠠᠢ ᠰᠢ ᠶᠢᠨ ᠫᠢᠩ ᠤᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠣᠯᠤᠨ ᠤᠯᠤᠰ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠬᠥᠬᠡᠬᠤᠲᠠ | ᠪᠤᠭᠤᠲᠤ ᠤᠷᠳᠤᠰ ᠲᠡᠮᠡᠭᠡᠲᠦ ᠶᠢᠨ ᠬᠤᠳᠠ ᠶᠢᠨ ᠪᠦᠯᠦᠭᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠤᠯᠤᠰ ᠤᠨ ᠰᠦ ᠶᠢᠨ ᠬᠤᠳᠠ ᠶᠢᠨ ᠬᠤᠳᠠ ᠶᠢᠨ | ᠪᠦᠯᠦᠭᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠡᠰ ᠳᠡᠪᠰᠢᠭᠦᠯᠬᠦ ᠪᠠᠷ ᠬᠦᠴᠦᠯᠡᠨ ᠴᠢᠷᠮᠠᠶᠢᠨ᠎ᠠ᠃ | ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠵᠠᠰᠠᠭ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠣᠷᠣᠨ ᠪᠦᠰᠡ ᠶᠢᠨ ᠬᠠᠮᠵᠢᠯᠴᠠᠭᠠᠨ ᠤ ᠬᠥᠭᠵᠢᠯᠲᠡ ᠶᠢ ᠪᠠᠶᠢᠭᠤᠯᠵᠤ᠂ ᠡᠯᠧᠮᠧᠨ᠋ᠲ ᠤᠨ ᠡᠬᠢ | ᠪᠠᠶᠠᠯᠢᠭ ᠤᠨ ᠣᠷᠣᠭᠤᠯᠤᠯᠲᠠ ᠶᠢ ᠡᠷᠡᠭᠦᠯ ᠮᠡᠨᠳᠦ ᠶᠢᠨ ᠬᠥᠨᠳᠡᠶ ᠶᠢ ᠳᠡᠯᠡᠬᠡᠶ ᠶᠢᠨ ᠲᠡᠷᠢᠭᠦᠨ ᠲᠠᠰ ᠤᠨ ᠪᠣᠬᠢᠷᠲᠤᠯ | ᠥᠬᠡᠶ ᠣᠶᠤᠨᠴᠢ ᠦᠶ᠋ᠯᠡᠳᠬᠦ ᠵᠠᠭᠪᠤᠷ ᠤᠨ ᠰᠠᠭᠤᠷᠢᠨ ᠭᠠᠵᠠᠷ᠂ ᠳᠡᠯᠡᠬᠡᠶ ᠶᠢᠨ ᠲᠡᠷᠢᠭᠦᠨ ᠲᠠᠰ ᠤᠨ ᠰᠦ ᠶᠢᠨ | ᠰᠣᠶᠣᠯ ᠤᠨ ᠭᠤᠤᠯ ᠰᠡᠳᠦᠪᠲᠦ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠳᠡᠯᠡᠬᠡᠶ ᠶᠢᠨ ᠲᠡᠷᠢᠭᠦᠨ ᠲᠠᠰ ᠤᠨ | ᠰᠦ ᠶᠢᠨ ᠦᠢᠯᠡᠰ ᠵᠢᠴᠢ ᠢᠳᠡᠭᠡᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠪᠠ | ᠣᠷᠣᠰᠢᠨ ᠰᠠᠭᠤᠬᠤ ᠳᠤ ᠲᠣᠬᠢᠷᠠᠮᠵᠢᠲᠠᠶ ᠠᠵᠤ ᠦᠢᠯᠡᠰ ᠤᠨ ᠶᠡᠷᠦᠩᠬᠡᠶᠢᠯᠡᠭᠰᠡᠨ ᠬᠤᠳᠠᠯᠳᠤᠭᠠᠨ ᠤ ᠲᠣᠭᠤᠷᠢᠭ ᠵᠡᠷᠭᠡ | ᠪᠣᠯᠭᠠᠨ ᠪᠥᠲᠥᠭᠡᠨ ᠪᠠᠶᠢᠭᠤᠯᠤᠨ᠎ᠠ᠃ ᠴᠠᠭᠠᠨ ᠢᠳᠡᠭᠡᠨ ᠤ ᠦᠢᠯᠡᠰ ᠵᠢᠴᠢ ᠪᠣᠬᠢᠷᠲᠤᠯ ᠥᠬᠡᠶ ᠢᠳᠡᠭᠡᠨ ᠤ ᠠᠵᠤ | ᠦᠢᠯᠡᠰ ᠢᠶᠠᠷ ᠭᠤᠤᠯ ᠪᠣᠯᠭᠠᠭᠰᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠤᠲᠠ ᠶᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠣᠶ ᠪᠣᠯᠭᠠᠵᠤ᠂ ᠲᠦᠮᠡᠳ ᠵᠡᠭᠦᠨ ᠬᠤᠰᠢᠭᠤᠨ ᠤ ᠠᠮᠢ | ᠠᠬᠤᠶ᠂ ᠠᠵᠤ ᠠᠬᠤᠶ᠂ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ | ᠬᠤᠶᠠᠳᠤᠭᠠᠷ ᠵᠦᠢᠯ᠂ ︽ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠨᠦᠭᠦᠳ ᠢ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠦᠷᠦ | ᠲᠠᠷᠬᠠᠭᠠᠭᠰᠠᠨ ﹇2000﹈ 33 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ | ᠰᠠᠶᠢᠨ ᠪᠥᠭᠡᠳ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ ᠤᠳ︾ ︵ᠲᠦᠷᠦ ᠲᠠᠷᠬᠠᠭᠠᠭᠰᠠᠨ ﹇2011﹈ 21 ᠳ᠋ᠦᠭᠡᠷ ᠲᠣᠭᠠᠲᠤ︶ ︽ᠭᠠᠳᠠᠭᠰᠢ | ᠨᠡᠭᠡᠭᠡᠯᠲᠡ ᠬᠢᠬᠦ ᠶᠢ ᠥᠷᠭᠡᠳᠬᠡᠵᠦ ᠭᠠᠳᠠᠭᠠᠳᠤ ᠪᠡᠯᠡ ᠶᠢ ᠢᠳᠡᠪᠬᠢᠲᠡᠶ ᠠᠰᠢᠭᠯᠠᠬᠤ ᠠᠷᠭ᠎ᠠ ᠬᠡᠮᠵᠢᠶ᠎ᠡ ᠨᠦᠭᠦᠳ ᠤᠨ | ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ 2017 ︺ 5 | ᠳ᠋ᠤᠭᠠᠷ ᠲᠣᠭᠠᠲᠤ︶ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠰᠢᠨ᠎ᠡ ᠴᠠᠭ ᠦᠶ᠎ᠡ ᠳᠤ | ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︽ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ ᠴᠠᠭᠠᠨ ᠢᠳᠡᠭᠡᠨ ᠤ ᠶᠠᠰᠤ ᠴᠢᠨᠠᠷ ᠤᠨ ᠠᠶᠤᠯᠭᠦᠶ ᠶᠢ ᠪᠠᠲᠤᠯᠠᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︵ᠲᠥᠷᠥ ᠠᠯᠪᠠᠨ ᠲᠠᠷᠬᠠᠭᠠᠭᠰᠠᠨ ︹ 2018 ︺ 43 | ᠳ᠋ᠤᠭᠠᠷ ᠲᠣᠭᠠᠲᠤ︶ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2019 ︺ 20 ᠳ᠋ᠤᠭᠠᠷ ᠲᠣᠭᠠᠲᠤ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2019 ᠣᠨ ᠤ 12 ᠳ᠋ᠤᠭᠠᠷ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠦᠭᠦᠳ︾ ︽ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ | ︹ 2020 ︺ 9 ᠳ᠋ᠦᠭᠡᠷ ᠲᠣᠭᠠᠲᠤ︶ ︽ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ ᠶᠢᠨ ᠡᠮᠬᠢᠳᠬᠡᠯ︾ ︵2020 ᠣᠨ ᠤ 5 ᠰᠠᠷ᠎ᠠ︶᠂ ︽ᠬᠥᠬᠡᠬᠤᠲᠠ ᠶᠢᠨ ᠵᠠᠰᠠᠭ ᠤᠨ ᠣᠷᠳᠣᠨ ᠤ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ | 2020 — 2022 ᠣᠨ︾ ︽︿ᠳᠤᠮᠳᠠᠳᠤ ᠤᠯᠤᠰ ᠤᠨ ᠰᠠᠭᠠᠯᠢ ᠶᠢᠨ ᠬᠤᠲᠠ﹀ ᠶᠢ ᠲᠠᠰ ᠳᠡᠪᠰᠢᠭᠦᠯᠬᠦ | ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ︽ᠬᠥᠬᠡᠬᠤᠲᠠ ᠶᠢᠨ ᠰᠦ ᠶᠢᠨ | ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ︽ᠥᠪᠥᠷ | ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ︾ ︽ᠬᠥᠬᠡᠬᠤᠲᠠ ᠶᠢᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠦᠨᠳᠦᠰᠦᠯᠡᠨ᠂ | ᠡᠷᠡᠭᠦᠯ ᠮᠡᠨᠳᠦ ᠶᠢᠨ ᠬᠥᠨᠳᠡᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ ᠲᠣᠭᠲᠠᠭᠠᠪᠠ᠃ | ᠭᠤᠷᠪᠠᠳᠤᠭᠠᠷ ᠵᠦᠢᠯ᠂ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠷᠡᠭᠦᠯ ᠮᠡᠨᠳᠦ ᠶᠢᠨ | ᠬᠥᠨᠳᠡᠶ ᠶᠢᠨ ᠲᠥᠯᠥᠪᠵᠢᠭᠦᠯᠭᠡ ᠶᠢᠨ ᠬᠡᠪᠴᠢᠶᠡᠨ ᠳᠠᠬᠢ ᠪᠠᠯᠠ ᠣᠷᠣᠭᠤᠯᠤᠨ ᠡᠵᠡᠩᠨᠡᠬᠦ ᠭᠤᠤᠯ ᠴᠣᠭᠴᠠ ᠳᠤ | ᠬᠡᠷᠡᠭᠯᠡᠨ᠎ᠡ᠃ ᠡᠷᠡᠭᠦᠯ ᠮᠡᠨᠳᠦ ᠶᠢᠨ ᠬᠥᠨᠳᠡᠶ ᠶᠢᠨ ᠭᠤᠤᠯᠯᠠᠬᠤ ᠠᠵᠤ ᠦᠢᠯᠡᠰ ᠪᠣᠯ ᠰᠦ ᠶᠢᠨ ᠦᠢᠯᠡᠰ ᠵᠢᠴᠢ | ᠲᠡᠭᠦᠨ ᠳᠤ ᠢᠵᠢ ᠪᠥᠷᠢᠳᠦᠭᠦᠯᠦᠭᠰᠡᠨ ᠦᠢᠯᠡᠳᠪᠦᠷᠢᠯᠡᠵᠦ ᠡᠳ᠋ᠰᠢᠭᠦᠯᠬᠦ ᠪᠠᠷᠠᠭᠠᠨ ᠤ ᠭᠦᠢᠯᠭᠡᠭᠡᠨ ᠤ ᠠᠵᠤ ᠦᠢᠯᠡᠰ᠂ | ᠡᠷᠡᠭᠦᠯ ᠮᠡᠨᠳᠦ ᠶᠢᠨ ᠢᠳᠡᠭᠡᠨ ᠡᠳ᠋ᠰᠢᠭᠦᠯᠬᠦ ᠠᠵᠤ ᠦᠢᠯᠡᠰ᠂ ᠠᠮᠢᠲᠠᠨ ᠤ ᠢᠳᠡᠭᠡᠨ ᠡᠳ᠋ᠰᠢᠭᠦᠯᠬᠦ ᠠᠵᠤ ᠦᠢᠯᠡᠰ᠂ | ᠡᠷᠡᠭᠦᠯ ᠮᠡᠨᠳᠦ ᠶᠢᠨ ᠬᠥᠨᠳᠡᠶ ᠳᠤ ᠦᠢᠯᠡᠴᠢᠯᠡᠬᠦ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠶᠢ ᠡᠭᠦᠳᠬᠦ᠂ | ᠡᠵᠡᠩᠨᠡᠨ ᠪᠣᠷᠣᠯᠠᠭᠤᠯᠬᠤ ᠤᠬᠠᠭᠠᠯᠠᠭ᠎ᠠ᠂ ᠬᠤᠳᠠᠯᠳᠤᠭᠠᠨ ᠤ ᠶᠠᠪᠤᠳᠠᠯ ᠤᠨ ᠮᠥᠩᠭᠦᠨ ᠭᠦᠢᠯᠭᠡᠭᠡᠨ᠂ ᠶᠡᠷᠦᠩᠬᠡᠶ | ᠬᠡᠯᠲᠡᠰ ᠤᠨ ᠠᠵᠤ ᠠᠬᠤᠶ᠂ ᠰᠣᠶᠣᠯ ᠵᠢᠭᠤᠯᠴᠢᠯᠠᠯ ᠰᠡᠯᠡᠭᠦᠴᠡᠯ᠂ ᠬᠤᠳᠠᠯᠳᠤᠭᠠᠨ ᠤ ᠶᠠᠪᠤᠳᠠᠯ ᠤᠨ ᠠᠮᠢᠳᠤᠷᠠᠯ᠂ | ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠢᠵᠢ ᠪᠥᠷᠢᠳᠦᠭᠦᠯᠬᠦ ᠠᠵᠤ ᠦᠢᠯᠡᠰ ᠵᠢᠴᠢ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠪᠣᠯᠤᠨ᠎ᠠ᠃ | | ᠬᠤᠶᠠᠳᠤᠭᠠᠷ ᠪᠦᠯᠦᠭ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠤᠳᠤᠯᠭ᠎ᠠ | ᠳᠥᠷᠪᠡᠳᠦᠭᠡᠷ ᠵᠦᠢᠯ᠂ ᠰᠦ ᠶᠢᠨ ᠦᠢᠯᠡᠰ ᠬᠢᠭᠡᠳ ᠲᠡᠭᠦᠨ ᠳᠤ ᠢᠵᠢ ᠪᠦᠷᠢᠳᠦᠭᠦᠯᠦᠭᠰᠡᠨ ᠠᠵᠤ | ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠵᠦᠢᠯᠡᠰ᠃ ᠲᠡᠭᠦᠨ ᠤ ᠣᠯᠤᠭᠰᠠᠨ ᠭᠠᠵᠠᠷ ᠰᠢᠷᠣᠶ ᠶᠢᠨ ᠬᠡᠷᠡᠭᠯᠡᠬᠦ | ᠡᠷᠬᠡ ᠶᠢᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ 100% | ᠪᠠᠷ ᠱᠠᠩᠨᠠᠵᠤ ᠨᠥᠬᠦᠪᠥᠷᠢᠯᠡᠨ᠎ᠡ︔ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ | ᠠᠵᠤ ᠠᠬᠤᠶᠢᠯᠠᠯ ᠤᠨ ᠲᠤᠬᠠᠶ ᠶᠢᠨ ᠵᠢᠯ ᠤᠨ ᠪᠣᠷᠣᠯᠠᠭᠤᠯᠤᠯᠲᠠ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠪᠠ | ᠦᠢᠯᠡᠳᠪᠦᠷᠢᠯᠡᠯ ᠡᠵᠡᠩᠨᠡᠯᠲᠡ ᠶᠢᠨ ᠠᠰᠢᠭ ᠣᠷᠣᠯᠭ᠎ᠠ ᠶᠢᠨ ᠣᠷᠣᠨ ᠨᠤᠲᠤᠭ ᠤᠨ ᠠᠵᠤ ᠠᠬᠤᠶ ᠶᠢᠨ | ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠦᠨᠳᠦᠰᠦᠯᠡᠨ᠂ ᠲᠦᠷᠦᠭᠦᠤ ᠲᠠᠪᠤᠨ ᠵᠢᠯ ᠤᠨ 100%᠂ | ᠰᠡᠭᠦᠯ ᠤᠨ ᠲᠠᠪᠤᠨ ᠵᠢᠯ ᠤᠨ 50% ᠶᠢᠨ ᠬᠠᠷᠢᠴᠠᠯ ᠢᠶᠠᠷ ᠱᠠᠩᠨᠠᠵᠤ ᠨᠥᠬᠦᠪᠥᠷᠢᠯᠡᠨ᠎ᠡ᠃ | ᠲᠠᠪᠤᠳᠤᠭᠠᠷ ᠵᠦᠢᠯ᠂ ᠰᠦ ᠶᠢᠨ ᠦᠢᠯᠡᠰ ᠬᠢᠭᠡᠳ ᠴᠢᠬᠤᠯᠠ ᠶᠡᠭᠡ ᠲᠥᠷᠥᠯ ᠵᠦᠢᠯ ᠳᠤ ᠦᠢᠯᠡᠴᠢᠯᠡᠬᠦ ᠠᠵᠤ | ᠦᠢᠯᠡᠳᠪᠦᠷᠢ ᠶᠢᠨ ᠵᠢᠭᠤᠯᠴᠢᠯᠠᠯ᠂ ᠯᠠᠪᠯᠠᠯᠭ᠎ᠠ ᠶᠢᠨ ᠬᠥᠮᠦᠵᠢᠯ᠂ ᠬᠤᠳᠠᠯᠳᠤᠭᠠᠨ ᠤ ᠶᠠᠪᠤᠳᠠᠯ ᠤᠨ ᠤᠬᠠᠭᠠᠯᠠᠭ᠎ᠠ᠂ | ᠤᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠪᠡᠯᠡ ᠣᠷᠣᠭᠤᠯᠬᠤ | ᠲᠥᠷᠥᠯ ᠵᠦᠢᠯ᠃ ᠡᠵᠡᠩᠨᠡᠭᠰᠡᠨ ᠡᠳᠦᠷ ᠠᠴᠠ ᠡᠬᠢᠯᠡᠨ᠂ ᠠᠵᠤ ᠠᠬᠤᠶᠢᠯᠠᠯ ᠤᠨ ᠲᠤᠰ ᠵᠢᠯ ᠤᠨ ᠪᠣᠷᠣᠯᠠᠭᠤᠯᠤᠨ | ᠬᠤᠳᠠᠯᠳᠤᠭᠰᠠᠨ ᠥᠷᠳᠡᠭ ᠤᠨ ᠨᠡᠮᠡᠭᠳᠡᠯ ᠤᠨ ᠣᠯᠵᠠᠪᠤᠷᠢ ᠪᠣᠯᠤᠨ ᠠᠵᠤ ᠠᠬᠤᠶᠢᠯᠠᠯ ᠤᠨ ᠡᠵᠡᠩᠨᠡᠯᠲᠡ ᠶᠢᠨ | ᠣᠯᠵᠠᠪᠤᠷᠢ ᠶᠢᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ | ᠦᠨᠳᠦᠰᠦᠯᠡᠨ᠂ ᠠᠷᠪᠠᠨ ᠵᠢᠯ ᠤᠨ 50% ᠶᠢᠨ ᠬᠠᠷᠢᠴᠠᠯ ᠢᠶᠠᠷ ᠱᠠᠩᠨᠠᠵᠤ ᠨᠥᠬᠦᠪᠥᠷᠢᠯᠡᠨ᠎ᠡ᠃ | ᠵᠢᠷᠭᠤᠳᠤᠭᠠᠷ ᠵᠦᠢᠯ᠂ ᠲᠣᠭᠲᠠᠮᠠᠯ ᠬᠥᠷᠥᠩᠭᠡ ᠳᠤ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠰᠦ ᠶᠢᠨ ᠦᠢᠯᠡᠰ ᠵᠢᠴᠢ ᠡᠷᠡᠭᠦᠯ ᠮᠡᠨᠳᠦ ᠶᠢᠨ ᠢᠳᠡᠭᠡᠨ ᠡᠳ᠋ᠰᠢᠭᠦᠯᠬᠦ ᠦᠢᠯᠡᠰ ᠤᠨ ᠲᠥᠷᠥᠯ ᠵᠦᠢᠯ ᠳᠤ ᠪᠠᠯᠠ | ᠣᠷᠣᠭᠤᠯᠤᠨ᠎ᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠲᠠᠪᠤᠨ ᠣᠳᠣᠨ ᠲᠠᠰ ᠤᠨ ᠪᠠᠭᠤᠳᠠᠯ᠂ ᠰᠣᠶᠣᠯ | ᠵᠢᠭᠤᠯᠴᠢᠯᠠᠯ ᠡᠷᠡᠭᠦᠯ ᠬᠠᠮᠠᠭᠠᠯᠠᠯ ︵ᠬᠡᠷ ᠪᠠᠶᠢᠰᠢᠩ ᠭᠠᠵᠠᠷ ᠬᠥᠷᠥᠩᠭᠡ ᠠᠴᠠ ᠪᠤᠰᠤᠳ︶ ᠤᠨ ᠲᠥᠷᠥᠯ ᠵᠦᠢᠯ︔ | ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠭᠥᠷᠳᠡᠭᠰᠡᠨ᠂ ᠴᠢᠬᠤᠯᠠ | ᠶᠡᠭᠡ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ᠂ ᠤᠯᠤᠰ ᠤᠨ ᠳᠣᠲᠣᠭᠠᠳᠤ ᠶᠢᠨ ᠬᠤᠭᠤᠰᠣᠨ ᠢ ᠨᠥᠬᠦᠪᠥᠷᠢᠯᠡᠬᠦ | ᠪᠤᠰᠤᠳ ᠲᠥᠷᠥᠯ ᠵᠦᠢᠯ᠃ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠤ ᠳᠠᠷᠠᠭ᠎ᠠ᠂ | ᠠᠵᠤ ᠠᠬᠤᠶᠢᠯᠠᠯ ᠤᠨ ᠬᠤᠳᠠᠯᠳᠤᠭᠠᠨ ᠤ ᠪᠠ ᠣᠷᠣᠨ ᠰᠠᠭᠤᠴᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠴᠡᠭᠡ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠷᠢᠴᠠᠯ ᠪᠠ ᠲᠥᠷᠥᠯ ᠵᠦᠢᠯ ᠤᠨ ᠠᠬᠢᠴᠠ ᠶᠢ | ᠦᠨᠳᠦᠰᠦᠯᠡᠨ᠂ ᠳᠠᠭᠠᠭᠠᠴᠢᠯᠠᠯᠲᠠ ᠵᠠᠷᠯᠠᠬᠤ ᠪᠠ ᠫᠠᠶᠢᠰᠠ ᠡᠯᠭᠦᠬᠦ ᠲᠠᠰ ᠳᠠᠷᠠᠭᠠᠯᠠᠯ ᠢ ᠬᠠᠤᠯᠢ ᠶᠣᠰᠣᠭᠠᠷ ᠵᠢᠷᠤᠮᠯᠠᠨ᠂ | ᠣᠯᠤᠭᠰᠠᠨ ᠠᠵᠤ ᠦᠢᠯᠡᠰ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ 1:2 ᠤᠨ ᠶᠣᠰᠣᠭᠠᠷ | ᠡᠷᠡᠭᠦᠯ ᠮᠡᠨᠳᠦ ᠶᠢᠨ ᠬᠥᠨᠳᠡᠶ ᠶᠢᠨ ᠬᠡᠪᠴᠢᠶᠡᠨ ᠳᠣᠲᠣᠷ᠎ᠠ ᠬᠤᠳᠠᠯᠳᠤᠭᠠᠨ ᠤ ᠪᠠ ᠣᠷᠣᠨ ᠰᠠᠭᠤᠴᠠ ᠳᠤ ᠬᠡᠷᠡᠭᠯᠡᠬᠦ | ᠭᠠᠵᠠᠷ ᠰᠢᠷᠣᠶ ᠶᠢᠨ ᠢᠵᠢ ᠪᠥᠷᠢᠳᠦᠭᠦᠯᠬᠦ ᠪᠠᠲᠤᠯᠠᠭ᠎ᠠ ᠶᠢ ᠣᠯᠭᠤᠵᠤ᠂ ᠲᠠᠩ ᠭᠠᠭᠴᠠ ᠲᠥᠷᠥᠯ ᠵᠦᠶ᠋ᠯ ᠢ | ᠬᠠᠮᠤᠭ ᠤᠨ ᠥᠨᠳᠥᠷ ᠲᠡᠭᠡᠨ 500 ᠮᠥ ᠠᠴᠠ ᠳᠠᠪᠠᠭᠤᠯᠬᠤ ᠥᠬᠡᠶ ᠪᠥᠭᠡᠳ ᠭᠤᠷᠪᠠᠨ ᠵᠢᠯ ᠤᠨ ᠳᠣᠲᠣᠷ᠎ᠠ | ᠪᠡᠶᠡᠯᠡᠭᠦᠯᠦᠨ᠎ᠡ᠃ ᠶᠡᠷᠦᠩᠬᠡᠶ ᠬᠡᠯᠲᠡᠰ ᠤᠨ ᠠᠵᠤ ᠠᠬᠤᠶ ᠶᠢᠨ ᠲᠤᠬᠠᠶ ᠶᠢᠨ ᠵᠢᠯ ᠤᠨ ᠪᠣᠷᠣᠯᠠᠭᠤᠯᠤᠯᠲᠠ ᠶᠢᠨ ᠥᠷᠲᠡᠭ | ᠨᠡᠮᠡᠭᠳᠡᠯ ᠤᠨ ᠠᠰᠢᠭ ᠣᠷᠣᠯᠭ᠎ᠠ ᠪᠠ ᠠᠵᠤ ᠠᠬᠤᠶᠢᠯᠠᠯ ᠤᠨ ᠡᠵᠡᠩᠨᠡᠯᠲᠡ ᠶᠢᠨ ᠠᠰᠢᠭ ᠣᠷᠣᠯᠭ᠎ᠠ ᠨᠢ ᠣᠷᠣᠨ | ᠨᠤᠲᠤᠭ ᠤᠨ ᠠᠵᠤ ᠠᠬᠤᠶ ᠶᠢᠨ ᠬᠥᠭᠵᠢᠯᠲᠡ ᠳᠤ 1 ᠳ᠋ᠦᠩᠰᠢᠭᠤᠷ ᠲᠥᠭᠦᠷᠢᠭ ᠠᠴᠠ ᠳᠡᠭᠡᠭᠰᠢ ᠬᠤᠪᠢ ᠨᠡᠮᠡᠷᠢ | ᠦᠵᠡᠭᠦᠯᠦᠭᠰᠡᠨ ᠠᠵᠤ ᠠᠬᠤᠶᠢᠯᠠᠯ ᠳᠤ᠂ ᠠᠵᠤ ᠠᠬᠤᠶᠢᠯᠠᠯ ᠤᠨ ᠬᠤᠳᠠᠯᠳᠤᠭᠠᠨ ᠤ ᠣᠷᠣᠨ ᠰᠠᠭᠤᠴᠠ ᠳᠤ ᠬᠡᠷᠡᠭᠯᠡᠬᠦ | ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠫᠠᠶᠢᠰᠠ | ᠡᠯᠭᠦᠬᠦ ᠲᠠᠰ ᠳᠠᠷᠠᠭᠠᠯᠠᠯ ᠢ ᠵᠢᠷᠤᠮᠯᠠᠵᠤ᠂ ᠠᠵᠤ ᠠᠬᠤᠶᠢᠯᠠᠯ ᠨᠢ 1 ᠳ᠋ᠦᠩᠰᠢᠭᠤᠷ ᠲᠥᠭᠦᠷᠢᠭ ᠤᠨ ᠬᠤᠪᠢ ᠨᠡᠮᠡᠷᠢ | ᠦᠵᠡᠭᠦᠯᠦᠭᠰᠡᠨ ᠪᠠᠶᠢᠪᠠᠯ᠂ ᠡᠷᠡᠭᠦᠯ ᠮᠡᠨᠳᠦ ᠶᠢᠨ ᠠᠮᠤ ᠶᠢᠨ ᠬᠡᠪᠴᠢᠶᠡᠨ ᠳᠤ 500 ᠮᠥ ᠠᠴᠠ ᠬᠡᠲᠦᠷᠡᠬᠦ ᠥᠬᠡᠶ | ᠬᠤᠳᠠᠯᠳᠤᠭᠠᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠨᠢᠭᠡ ᠤᠳᠠᠭ᠎ᠠ ᠶᠢᠨ ᠴᠢᠨᠠᠷᠲᠠᠶ ᠢᠵᠢ ᠪᠥᠷᠢᠳᠦᠭᠦᠯᠬᠦ | ᠪᠠᠲᠤᠯᠠᠭ᠎ᠠ ᠶᠢ ᠭᠤᠶᠤᠴᠢᠯᠠᠬᠤ ᠶᠢᠨ ᠬᠠᠮᠲᠤ ᠭᠤᠷᠪᠠᠨ ᠵᠢᠯ ᠤᠨ ᠳᠣᠲᠣᠷ᠎ᠠ ᠪᠡᠶᠡᠯᠡᠭᠦᠯᠦᠨ᠎ᠡ᠃ ᠬᠤᠳᠠᠯᠳᠤᠭᠠᠨ ᠤ | ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠬᠠᠤᠯᠢ ᠲᠣᠭᠲᠠᠭᠠᠯ ᠶᠣᠰᠣᠭᠠᠷ ᠰᠢᠯᠵᠢᠭᠦᠯᠦᠨ ᠬᠤᠳᠠᠯᠳᠤᠨ᠎ᠠ᠂ | ᠰᠢᠯᠵᠢᠭᠦᠯᠦᠨ ᠬᠤᠳᠠᠯᠳᠤᠬᠤ ᠳᠠᠭᠠᠨ ᠪᠠᠯᠠ ᠣᠷᠣᠭᠤᠯᠤᠭᠴᠢ ᠶᠢᠨ ᠬᠢᠷᠢ ᠬᠡᠮ᠂ ᠬᠥᠷᠥᠩᠭᠡ ᠢᠲᠡᠭᠡᠮᠵᠢ᠂ ᠠᠵᠤ | ᠦᠢᠯᠡᠰ ᠤᠨ ᠪᠠᠷᠢᠮᠵᠢᠶ᠎ᠠ᠂ ᠪᠠᠯᠠ ᠣᠷᠣᠭᠤᠯᠤᠯᠲᠠ ᠶᠢᠨ ᠬᠡᠪᠴᠢᠶ᠎ᠡ᠂ ᠡᠵᠡᠩᠨᠡᠯᠲᠡ ᠳᠤ ᠣᠷᠣᠭᠤᠯᠬᠤ ᠴᠠᠭ ᠤᠨ | ᠬᠢᠵᠠᠭᠠᠷ ᠵᠡᠷᠭᠡ ᠶᠢ ᠰᠢᠯᠵᠢᠭᠦᠯᠦᠨ ᠬᠤᠳᠠᠯᠳᠤᠬᠤ ᠶᠢᠨ ᠯᠠᠪᠯᠠᠬᠤ ᠨᠥᠬᠦᠴᠡᠯ ᠪᠣᠯᠭᠠᠵᠤ ᠪᠣᠯᠤᠨ᠎ᠠ᠃ | ᠳᠣᠯᠣᠳᠤᠭᠠᠷ ᠵᠦᠢᠯ᠂ ᠶᠡᠷᠦᠩᠬᠡᠶ ᠬᠡᠯᠲᠡᠰ ᠤᠨ ᠠᠵᠤ ᠠᠬᠤᠶ ᠶᠢ ᠬᠥᠭᠵᠢᠭᠦᠯᠬᠦ ᠶᠢ ᠳᠡᠮᠵᠢᠵᠦ᠂ ᠶᠡᠷᠦᠩᠬᠡᠶ | ᠬᠡᠯᠲᠡᠰ ᠲᠤ ᠰᠢᠨ᠎ᠡ ᠪᠠᠷ ᠣᠷᠣᠵᠤ ᠰᠠᠭᠤᠭᠰᠠᠨ ᠠᠵᠤ ᠠᠬᠤᠶᠢᠯᠠᠯ ︵ᠡᠵᠡᠩᠨᠡᠨ ᠪᠣᠷᠣᠯᠠᠭᠤᠯᠬᠤ ᠤᠬᠠᠭᠠᠯᠠᠭ᠎ᠠ᠂ | ᠬᠤᠳᠠᠯᠳᠤᠭᠠᠨ ᠤ ᠶᠠᠪᠤᠳᠠᠯ ᠤᠨ ᠮᠥᠩᠭᠦᠨ ᠭᠦᠢᠯᠭᠡᠭᠡᠨ ᠵᠡᠷᠭᠡ ᠪᠠᠭᠲᠠᠨ᠎ᠠ︶ ᠤᠨ ᠪᠣᠷᠣᠯᠠᠭᠤᠯᠭ᠎ᠠ ᠶᠢᠨ ᠥᠷᠲᠡᠭ ᠤᠨ | ᠨᠡᠮᠡᠭᠳᠡᠯ ᠬᠢᠭᠡᠳ ᠠᠵᠤ ᠠᠬᠤᠶᠢᠯᠠᠯ ᠤᠨ ᠡᠵᠡᠩᠨᠡᠯᠲᠡ ᠶᠢᠨ ᠠᠰᠢᠭ ᠣᠷᠣᠯᠭ᠎ᠠ ᠶᠢᠨ ᠣᠷᠣᠨ ᠨᠤᠲᠤᠭ ᠤᠨ ᠠᠵᠤ | ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠦᠨᠳᠦᠰᠦᠯᠡᠨ᠂ ᠲᠦᠷᠦᠭᠦᠤ ᠲᠠᠪᠤᠨ ᠵᠢᠯ ᠤᠨ | 80%᠂ ᠰᠡᠭᠦᠯ ᠤᠨ ᠲᠠᠪᠤᠨ ᠵᠢᠯ ᠤᠨ 50% ᠶᠢᠨ ᠬᠠᠷᠢᠴᠠᠯ ᠢᠶᠠᠷ ᠱᠠᠩᠨᠠᠵᠤ ᠨᠥᠬᠦᠪᠥᠷᠢᠯᠡᠨ᠎ᠡ᠃ | ᠨᠠᠢᠮᠠᠳᠤᠭᠠᠷ ᠵᠦᠢᠯ᠂ ᠡᠷᠡᠭᠦᠯ ᠮᠡᠨᠳᠦ ᠶᠢᠨ ᠬᠥᠨᠳᠡᠶ ᠶᠢᠨ ᠪᠠᠯᠠ ᠣᠷᠣᠭᠤᠯᠤᠭᠰᠠᠨ ᠠᠵᠤ ᠠᠬᠤᠶᠢᠯᠠᠯ ᠳᠤ | ᠠᠯᠪᠠᠯᠠᠬᠤ ᠬᠡᠷ ᠪᠠᠶᠢᠰᠢᠩ ᠤᠨ ᠳᠡᠮᠵᠢᠯᠭᠡ ᠬᠠᠩᠭᠠᠵᠤ᠂ ᠡᠷᠡᠭᠦᠯ ᠮᠡᠨᠳᠦ ᠶᠢᠨ ᠬᠥᠨᠳᠡᠶ ᠶᠢᠨ ᠬᠡᠪᠴᠢᠶᠡᠨ ᠳᠣᠲᠣᠷ᠎ᠠ | ᠬᠥᠮᠦᠨ ᠪᠦᠷᠢ ᠳᠤ 10 ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ 100 ᠲᠡᠭᠰᠢ ᠳᠥᠷᠪᠡᠯᠵᠢᠨ | ᠮᠧᠲᠷ ᠠᠴᠠ 500 ᠲᠡᠭᠰᠢ ᠳᠥᠷᠪᠡᠯᠵᠢᠨ ᠮᠧᠲᠷ ᠤᠨ ᠠᠯᠪᠠᠯᠠᠬᠤ ᠬᠡᠷ ᠪᠠᠶᠢᠰᠢᠩ ᠤᠨ ᠪᠠᠲᠤᠯᠠᠭ᠎ᠠ ᠣᠯᠭᠤᠵᠤ᠂ ᠵᠢᠯ | ᠬᠤᠭᠤᠴᠠᠭ᠎ᠠ ᠶᠢ 3 ᠵᠢᠯ ᠠᠴᠠ ᠬᠡᠲᠦᠷᠡᠭᠦᠯᠬᠦ ᠥᠬᠡᠶ᠂ ᠠᠵᠤ ᠠᠬᠤᠶᠢᠯᠠᠯ ᠤᠨ ᠣᠷᠣᠨ ᠨᠤᠲᠤᠭ ᠤᠨ ᠠᠵᠤ | ᠠᠬᠤᠶ ᠳᠤ ᠦᠵᠡᠭᠦᠯᠦᠭᠰᠡᠨ ᠬᠤᠪᠢ ᠨᠡᠮᠡᠷᠢ ᠶᠢ ᠦᠨᠳᠦᠰᠦᠯᠡᠨ ᠤᠷᠢᠳᠠᠪᠠᠷ ᠲᠤᠰᠢᠶᠠᠵᠤ ᠳᠠᠷᠠᠭ᠎ᠠ ᠨᠢ ᠱᠠᠩᠨᠠᠵᠤ | ᠨᠥᠬᠦᠪᠥᠷᠢᠯᠡᠬᠦ ᠠᠷᠭ᠎ᠠ ᠮᠠᠶ᠋ᠢᠭ ᠢᠶᠠᠷ ᠪᠡᠯᠡᠨ ᠵᠣᠭᠤᠰ ᠣᠯᠭᠤᠨ᠎ᠠ᠃ | ᠶᠢᠰᠦᠳᠦᠭᠡᠷ ᠵᠦᠢᠯ᠂ ᠠᠵᠦ ᠠᠬᠤᠶᠢᠯᠠᠯ ᠢ ᠢᠳᠡᠪᠬᠢᠲᠡᠢ ᠪᠠᠷ ᠬᠠᠪᠰᠤᠷᠴᠤ ᠪᠠᠶᠢᠭᠠᠳ ᠡᠯ᠎ᠡ ᠱᠠᠲᠤᠨ ᠤ ᠡᠯ᠎ᠡ | ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠦᠷᠦᠯ ᠵᠦᠢᠯ᠂ ᠰᠢᠨ᠎ᠡ ᠶᠢ ᠡᠭᠦᠳᠬᠦ | ᠠᠴᠢᠶᠠᠯᠠᠪᠤᠷᠢ ᠶᠢᠨ ᠲᠠᠪᠴᠠᠩ ᠤᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠵᠢᠯ ᠪᠦᠷᠢ ᠲᠣᠰ ᠱᠠᠲᠤᠨ ᠤ | ᠵᠠᠰᠠᠭ ᠤᠨ ᠣᠷᠳᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 3% ᠶᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠬᠤᠪᠢᠷᠠᠭᠤᠯᠬᠤ᠂ ᠵᠠᠩᠭᠢᠯᠠᠭ᠎ᠠ ᠶᠢᠨ | ᠮᠡᠷᠭᠡᠵᠢᠯ ᠢ ᠰᠤᠳᠤᠯᠤᠨ ᠨᠡᠭᠡᠭᠡᠬᠦ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠵᠡᠷᠭᠡ | ᠲᠥᠷᠥᠯ ᠵᠦᠢᠯ ᠤᠨ ᠱᠠᠩᠨᠠᠵᠤ ᠨᠥᠬᠦᠪᠥᠷᠢᠯᠡᠬᠦ ᠳᠤ ᠬᠡᠷᠡᠭᠯᠡᠨ᠎ᠡ︔ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ | ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠦᠭᠰᠡᠨ ᠳᠤ ᠴᠢᠭᠯᠡᠭᠦᠯᠦᠨ ᠣᠯᠠᠨ ᠤᠯᠤᠰ᠂ ᠤᠯᠤᠰ ᠠᠴᠠ | ᠦᠨᠡᠮᠰᠢᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 2000 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | | ᠠᠷᠪᠠᠳᠤᠭᠠᠷ ᠵᠦᠢᠯ᠂ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ ᠳᠤ ᠣᠷᠣᠵᠤ ᠰᠠᠭᠤᠭᠰᠠᠨ ᠠᠵᠤ | ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠳᠡᠭᠡᠳᠦ ᠵᠡᠷᠭᠡ ᠶᠢᠨ ᠮᠡᠷᠭᠡᠵᠢᠯ ᠤᠨ ᠲᠤᠰᠬᠠᠶ | ᠮᠡᠷᠭᠡᠵᠢᠯᠲᠡᠨ ᠵᠡᠷᠭᠡ ᠴᠢᠳᠠᠪᠤᠷᠢᠲᠠᠨ ᠳᠤ᠂ ᠲᠤᠬᠠᠶ ᠶᠢᠨ ᠵᠢᠯ ᠤᠨ ᠬᠤᠪᠢ ᠬᠥᠮᠦᠨ ᠤ ᠴᠠᠯᠢᠩ ᠬᠥᠯᠥᠰᠥ᠂ | ᠰᠲ᠋ᠣᠺ ᠤᠨ ᠡᠷᠬᠡ ᠶᠢ ᠰᠢᠯᠵᠢᠭᠦᠯᠦᠨ ᠥᠭᠭᠦᠭᠰᠡᠨ᠂ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠯ ᠤᠨ ᠮᠥᠩᠭᠦ᠂ | ᠠᠰᠢᠭ ᠣᠷᠣᠯᠭ᠎ᠠ ᠬᠤᠪᠢᠶᠠᠭᠰᠠᠨ ᠵᠡᠷᠭᠡ ᠠᠴᠠ ᠣᠯᠤᠭᠰᠠᠨ ᠣᠷᠣᠯᠭ᠎ᠠ ᠶᠢᠨ ᠣᠷᠣᠨ ᠨᠤᠲᠤᠭ ᠤᠨ ᠠᠵᠤ ᠠᠬᠤᠶ ᠶᠢᠨ | ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠪᠠᠷ 100% ᠶᠢᠨ ᠬᠠᠷᠢᠴᠠᠯ ᠢᠶᠠᠷ ᠱᠠᠩᠨᠠᠨ ᠨᠥᠬᠦᠪᠥᠷᠢᠯᠡᠬᠦ ᠶᠢᠨ | ᠬᠠᠮᠲᠤ᠂ ᠠᠵᠤ ᠠᠬᠤᠶᠢᠯᠠᠯ ᠵᠢᠴᠢ ᠲᠤᠬᠠᠶ ᠶᠢᠨ ᠭᠠᠵᠠᠷ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠠᠷᠭᠠᠭᠰᠠᠨ | ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠃ | ᠠᠷᠪᠠᠨ ᠨᠢᠭᠡᠳᠦᠭᠡᠷ ᠵᠦᠢᠯ᠂ ᠠᠵᠤ ᠦᠢᠯᠡᠰ ᠤᠨ ᠲᠥᠪᠯᠡᠷᠡᠯ ᠵᠢᠴᠢ ᠬᠥᠲᠥᠴᠢ ᠠᠵᠤ ᠠᠬᠤᠶᠢᠯᠠᠯ ᠤᠨ | ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠬᠤᠳᠠᠯᠳᠤᠭᠠᠴᠢᠨ ᠢᠶᠠᠷ ᠬᠤᠳᠠᠯᠳᠤᠭᠠᠴᠢᠨ | ᠤᠷᠢᠬᠤ ᠶᠢ ᠵᠣᠷᠢᠭᠵᠢᠭᠤᠯᠤᠨ᠂ ᠣᠷᠣᠭᠤᠯᠵᠤ ᠠᠪᠴᠢᠷᠠᠭᠰᠠᠨ ᠠᠵᠤ ᠠᠬᠤᠶᠢᠯᠠᠯ ᠵᠢᠴᠢ ᠳᠡᠭᠡᠳᠦ ᠳᠣᠤᠷᠠᠳᠤ | ᠤᠷᠤᠰᠬᠠᠯ ᠵᠡᠷᠭᠡ ᠢᠵᠢ ᠪᠥᠷᠢᠳᠦᠭᠦᠯᠬᠦ ᠠᠵᠤ ᠠᠬᠤᠶᠢᠯᠠᠯ ᠳᠤ᠂ ᠣᠷᠣᠵᠤ ᠰᠠᠭᠤᠭᠰᠠᠨ ᠠᠵᠤ ᠠᠬᠤᠶᠢᠯᠠᠯ ᠤᠨ | ᠰᠢᠨ᠎ᠡ ᠪᠠᠷ ᠨᠡᠮᠡᠭᠳᠡᠭᠰᠡᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠨᠢ 1 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ ᠡᠷᠡᠭᠦᠯ ᠮᠡᠨᠳᠦ ᠶᠢᠨ ᠬᠥᠨᠳᠡᠶ ᠶᠢᠨ ᠠᠵᠤ | ᠦᠢᠯᠡᠰ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ ᠬᠡᠯᠪᠡᠷᠢ ᠪᠠᠷ ᠬᠤᠳᠠᠯᠳᠤᠭᠠᠴᠢᠨ ᠤᠷᠢᠬᠤ ᠠᠵᠤ | ᠠᠬᠤᠶᠢᠯᠠᠯ ᠳᠤ 5% ᠶᠢᠨ ᠱᠠᠩᠨᠠᠯ ᠣᠯᠭᠤᠨ᠎ᠠ᠃ | | | | | | | | | | | | | | | |