︽ᠲᠦᠮᠡᠳ ᠵᠡᠭᠦᠨ ᠬᠤᠰᠢᠭᠤᠨ ᠤ ᠬᠤᠲᠠ ᠲᠣᠭᠤᠷᠢᠭ ᠤᠨ ᠬᠤᠶᠠᠳᠤᠭᠠᠷ ᠳᠡᠰ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠭᠠᠵᠠᠷ ᠤᠨ ᠳᠣᠲᠣᠷᠠᠬᠢ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠢ ᠲᠤᠰᠬᠠᠶ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/5/21
            ᠲᠥᠮᠡᠳ ᠵᠡᠭᠦᠨ ᠵᠠᠰᠠᠭ ᠲᠠᠷᠬᠠᠭᠠᠭᠰᠠᠨ ﹇2021﹈ 67 ᠳ᠋ᠤᠭᠠᠷ ᠲᠣᠭᠠᠲᠤ                                                       ᠬᠤᠯᠪᠣᠭᠳᠠᠯ ᠪᠦᠬᠦᠢ ᠨᠢᠭᠡᠴᠡ ᠨᠦᠭᠦᠳ᠄      ᠲᠦᠮᠡᠳ ᠵᠡᠭᠦᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ 200 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠲᠦᠮᠡᠳ ᠵᠡᠭᠦᠨ ᠬᠤᠰᠢᠭᠤᠨ ᠤ ᠬᠤᠲᠠ ᠲᠣᠭᠤᠷᠢᠭ ᠤᠨ ᠬᠤᠶᠠᠳᠤᠭᠠᠷ ᠳᠡᠰ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠭᠠᠵᠠᠷ ᠤᠨ ᠳᠣᠲᠣᠷᠠᠬᠢ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠢ ᠲᠤᠰᠬᠠᠶᠢᠯᠠᠨ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠯ᠎ᠡ ᠨᠢᠭᠡᠴᠡ ᠨᠦᠭᠦᠳ ᠲᠥᠰᠦᠯ ᠤᠨ ᠱᠠᠭᠠᠷᠳᠠᠯᠭ᠎ᠠ ᠶᠣᠰᠣᠭᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                2021 ᠣᠨ ᠤ 5 ᠰᠠᠷ᠎ᠠ ᠶᠢᠨ 21 ᠤ ᠡᠳᠦᠷ      ᠲᠦᠮᠡᠳ ᠵᠡᠭᠦᠨ ᠬᠤᠰᠢᠭᠤᠨ ᠤ ᠬᠤᠲᠠ ᠲᠣᠭᠤᠷᠢᠭ ᠤᠨ ᠬᠤᠶᠠᠳᠤᠭᠠᠷ ᠳᠡᠰ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠭᠠᠵᠠᠷ ᠤᠨ ᠳᠣᠲᠣᠷᠠᠬᠢ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠢ ᠲᠤᠰᠬᠠᠶ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ      ᠮᠠᠨ ᠤ ᠬᠤᠰᠢᠭᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠬᠠᠳᠬᠠᠵᠤ᠂ ᠲᠥᠪᠯᠡᠷᠡᠩᠭᠦᠶ ᠬᠡᠯᠪᠡᠷᠢ ᠶᠢᠨ ᠠᠮᠢᠳᠤᠷᠠᠯ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠪᠣᠬᠢᠷᠲᠤᠯ ᠢ ᠰᠡᠷᠭᠡᠶᠢᠯᠡᠨ ᠂ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠠᠭᠠᠯᠠᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ ᠬᠤᠶᠠᠳᠤᠭᠠᠷ ᠳᠡᠰ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠭᠠᠵᠠᠷ ᠤᠨ ᠳᠣᠲᠣᠷᠠᠬᠢ ᠮᠠᠰᠢᠨ ᠰᠡᠯᠪᠢᠨ ᠵᠠᠰᠠᠬᠤ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠲᠥᠰᠦᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠴᠡᠭᠴᠡᠯᠡᠨ ᠵᠠᠰᠠᠬᠤ ᠬᠠᠷᠠᠯᠲᠠ      ᠰᠢ ᠶᠢᠨ ᠫᠢᠩ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ᠮᠠᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠨᠡᠨᠬᠦ ᠴᠢᠩᠭᠠᠳᠬᠠᠵᠤ᠂ ᠠᠷᠠᠳ ᠣᠯᠠᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠤ ᠪᠠᠶᠢᠭ᠎ᠠ ᠮᠠᠰᠢᠨ ᠲᠡᠷᠭᠡ ᠰᠡᠯᠪᠢᠨ ᠵᠠᠰᠠᠬᠤ ᠡᠭᠦᠳᠡᠨ ᠳᠡᠯᠭᠡᠭᠦᠷ ᠲᠤ ᠲᠤᠰᠬᠠᠶ ᠴᠡᠭᠴᠡᠯᠡᠨ ᠵᠠᠰᠠᠯᠲᠠ ᠬᠢᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠮᠠᠰᠢᠨ ᠲᠡᠷᠭᠡ ᠰᠡᠯᠪᠢᠨ ᠵᠠᠰᠠᠬᠤ ᠡᠭᠦᠳᠡᠨ ᠳᠡᠯᠭᠡᠭᠦᠷ ᠤᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠥᠬᠡᠶ ᠪᠠᠶᠢᠬᠤ ᠶᠢ ᠪᠡᠶᠡᠯᠡᠭᠦᠯᠬᠦ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃      ᠬᠤᠶᠠᠷ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠡᠭᠴᠡᠯᠡᠨ ᠵᠠᠰᠠᠬᠤ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠵᠢᠷᠠᠨ ᠵᠢᠷᠭᠤᠳᠤᠭᠠᠷ ᠵᠦᠢᠯ ᠢ ᠦᠨᠳᠦᠰᠦᠯᠡᠪᠡᠯ᠄ ︽ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ᠂ ᠰᠢᠶᠠᠩ ᠪᠠᠯᠭᠠᠰᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ︔ ᠨᠢᠭᠡᠨᠲᠡ ᠪᠠᠶᠢᠭᠤᠯᠤᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠨᠤᠷᠠᠭᠠᠯᠭᠠᠬᠤ ᠪᠤᠶᠤ ᠡᠭᠦᠳᠡ ᠶᠢ ᠨᠢ ᠬᠠᠭᠠᠯᠭᠠᠨ᠎ᠠ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠠᠬᠤᠶ ᠶᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠷᠢᠨ ᠨᠢᠭᠡᠳᠦᠭᠡᠷ ᠵᠦᠢᠯ ᠳᠤ᠄ ︽ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠣᠷᠣᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠥᠪᠯᠡᠷᠡᠭᠰᠡᠨ ᠣᠷᠣᠨ ᠪᠠ ᠣᠨᠴᠠᠭᠠᠶᠢᠯᠠᠨ ᠬᠠᠮᠠᠭᠠᠯᠠᠬᠤ ᠴᠢᠬᠤᠯᠠᠲᠠᠶ ᠪᠤᠰᠤᠳ ᠣᠷᠣᠨ ᠪᠦᠰᠡ ᠶᠢᠨ ᠳᠣᠲᠣᠷ᠎ᠠ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠬᠠᠳᠠᠭᠠᠯᠠᠬᠤ᠂ ᠠᠰᠢᠭᠯᠠᠬᠤ᠂ ᠰᠢᠢᠳᠪᠦᠷᠢᠯᠡᠬᠦ ᠪᠡᠯᠡᠳᠬᠡᠮᠵᠢ᠂ ᠲᠠᠯᠠᠪᠤᠷ ᠭᠠᠵᠠᠷ ᠪᠠ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠪᠠᠶᠢᠭᠤᠯᠬᠤ ᠶᠢ ᠴᠠᠭᠠᠵᠠᠯᠠᠨ᠎ᠠ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠦᠷᠢᠮ︾ ᠤᠨ ᠭᠤᠷᠪᠠᠳᠤᠭᠠᠷ ᠵᠦᠢᠯ ᠳᠠᠬᠢ ︽ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠳᠤ ᠰᠡᠷᠭᠡᠶᠢᠯᠡᠬᠦ ᠪᠠᠷ ᠭᠤᠤᠯ ᠪᠣᠯᠭᠠᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠶᠡᠷᠦᠩᠬᠡᠶᠢᠯᠡᠨ ᠵᠠᠰᠠᠬᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠵᠠᠷᠴᠢᠮ ᠢ ᠵᠢᠷᠤᠮᠯᠠᠬᠤ ᠬᠡᠷᠡᠭᠲᠡᠶ︾︔ ᠠᠷᠪᠠᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ︽ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ᠂ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠤᠶᠤ ᠪᠤᠰᠤᠳ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ︾ ᠭᠡᠬᠦ ᠲᠣᠭᠲᠠᠭᠠᠯ ᠢ ᠦᠨᠳᠦᠰᠦᠯᠡᠪᠡᠯ᠂ ︽ᠠᠶᠤᠯᠲᠠᠶ ᠬᠠᠶᠠᠭᠳᠠᠮᠠᠯ ᠪᠣᠳᠠᠰ ᠢ ᠬᠠᠳᠠᠭᠠᠯᠠᠬᠤ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ︾ ︵GB18597 — 2001︶ ᠪᠠᠷ ᠯᠠᠪᠯᠠᠯᠲᠠ ᠪᠣᠯᠭᠠᠪᠠᠯ᠂ ᠲᠡᠷᠭᠡ ᠬᠥᠰᠬᠡ᠂ ᠮᠠᠰᠢᠨ ᠮᠧᠬᠠᠨᠢᠭ ᠢ ᠰᠡᠯᠪᠢᠨ ᠵᠠᠰᠠᠬᠤ ᠪᠠ ᠵᠠᠳᠠᠯᠬᠤ ᠶᠠᠪᠤᠴᠠ ᠳᠤ ᠪᠤᠢ ᠪᠣᠯᠤᠭᠰᠠᠨ ᠬᠠᠶᠠᠭᠳᠠᠮᠠᠯ ᠬᠥᠳᠡᠯᠭᠡᠭᠦᠷ ᠤᠨ ᠲᠣᠰᠣ᠂ ᠲᠣᠷᠮᠣᠰᠯᠠᠭᠤᠷ ᠤᠨ ᠲᠣᠰᠣ᠂ ᠠᠦ᠋ᠲ᠋ᠣ᠋ ᠬᠤᠷᠳᠤᠴᠠ ᠥᠭᠡᠷᠡᠴᠢᠯᠡᠭᠴᠢ ᠶᠢᠨ ᠲᠣᠰᠣ᠂ ᠠᠷᠠᠭᠠᠲᠤ ᠬᠦᠷᠳᠦᠨ ᠤ ᠲᠣᠰᠣ ᠵᠡᠷᠭᠡ ᠬᠠᠶᠠᠭᠳᠠᠮᠠᠯ ᠭᠤᠯᠭᠤᠭᠤᠷ ᠲᠣᠰᠣ ᠨᠢ ᠬᠤᠣᠷᠲᠤ ᠴᠢᠨᠠᠷ ᠪᠠ ᠨᠣᠴᠣᠮᠠᠲᠠᠭᠠᠶ ᠴᠢᠨᠠᠷ ᠲᠠᠢ ᠪᠠᠶᠢᠵᠤ᠂ ᠠᠶᠤᠯᠲᠠᠶ ᠬᠠᠶᠠᠭᠳᠠᠮᠠᠯ ᠪᠣᠳᠠᠰ ᠲᠤ ᠲᠣᠭᠠᠴᠠᠭᠳᠠᠨ᠎ᠠ᠂ ᠡᠶᠢᠮᠦ ᠠᠴᠠ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠤᠶᠠᠳᠤᠭᠠᠷ ᠳᠡᠰ ᠤᠨ ᠣᠰᠣᠨ ᠰᠤᠷᠪᠤᠯᠵᠢ ᠶᠢᠨ ᠬᠠᠮᠠᠭᠠᠯᠠᠯᠲᠠ ᠶᠢᠨ ᠭᠠᠵᠠᠷ ᠤᠨ ᠳᠣᠲᠣᠷᠠᠬᠢ ᠪᠣᠬᠢᠷᠲᠤᠯ ᠲᠠᠢ ᠬᠤᠯᠪᠣᠭᠳᠠᠭᠰᠠᠨ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠢ ᠠᠯᠬᠤᠮ ᠠᠯᠬᠤᠮ ᠢᠶᠠᠷ ᠬᠦᠴᠦᠨ ᠥᠭᠡᠢ ᠪᠣᠯᠭᠠᠨ᠎ᠠ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠲᠦᠮᠡᠳ ᠵᠡᠭᠦᠨ ᠬᠤᠰᠢᠭᠤᠨ ᠤ ᠬᠤᠶᠠᠳᠤᠭᠠᠷ ᠳᠡᠰ ᠤᠨ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠤ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃      ᠳᠤᠭᠤᠶᠢᠯᠠᠩ ᠤᠨ ᠳᠠᠷᠤᠭ᠎ᠠ᠄ ᠸᠠᠩ ᠵᠥᠩ ᠭᠠᠩ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ      ᠪᠦᠷᠢᠯᠳᠦᠬᠦᠨ᠄ ᠪᠦᠬᠡ᠂ ᠲᠦᠮᠡᠳ ᠵᠡᠭᠦᠨ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠠᠷᠢᠭᠤᠴᠠᠯᠭᠠᠲᠠᠨ                   ᠱᠢ ᠸᠧᠨ ᠬᠤᠩ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ                   ᠪᠤᠶᠠᠨ᠂ ᠬᠤᠰᠢᠭᠤᠨ ᠤ ᠬᠤᠲᠠ ᠶᠢᠨ ᠦᠵᠡᠮᠵᠢ ᠶᠢᠨ ᠲᠣᠪᠴᠢᠶ᠎ᠠ ᠶᠢᠨ ᠳᠠᠷᠤᠭ᠎ᠠ                   ᠵᠤᠤ ᠶᠠᠨ ᠵᠢᠶᠦ᠋ᠨ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ                   ᠷᠧᠨ ᠸᠧᠶ᠂ ᠴᠠᠭᠠᠰᠤᠴᠢ ᠪᠠᠯᠭᠠᠰᠤᠨ ᠤ ᠳᠠᠷᠤᠭ᠎ᠠ                   ᠯᠢ ᠵᠢᠶᠦ᠋ᠨ᠂ ᠲᠠᠶᠢᠭ᠎ᠠ ᠮᠣᠳᠤ ᠪᠠᠯᠭᠠᠰᠤᠨ ᠤ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠨ᠎ᠠ᠄ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠠᠷᠢᠭᠤᠴᠠᠯᠭᠠᠲᠠᠨ ᠪᠦᠬᠡ ᠨᠥᠬᠦᠷ ᠬᠠᠪᠰᠤᠷᠭᠠᠨ ᠬᠠᠷᠢᠭᠤᠴᠠᠵᠤ᠂ ᠭᠤᠣᠯᠳᠠᠭᠤ ᠡᠳᠦᠷ ᠳᠤᠳᠤᠮ ᠤᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ᠂ ᠮᠡᠳᠡᠭᠡ ᠵᠠᠩᠭᠢ ᠶᠢ ᠬᠤᠷᠢᠶᠠᠩᠭᠤᠶᠢᠯᠠᠬᠤ᠂ ᠳ᠋ᠦᠩᠨᠡᠵᠦ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃      ᠳᠥᠷᠪᠡ᠂ ᠠᠵᠢᠯ ᠤᠨ ᠠᠯᠬᠤᠮ ᠳᠠᠷᠠᠭ᠎ᠠ      ︵ᠨᠢᠭᠡ︶ ᠤᠬᠠᠭᠤᠯᠤᠨ ᠮᠡᠳᠡᠭᠳᠡᠬᠦ ᠱᠠᠲᠤ ᠦᠶ᠎ᠡ ︵2021 ᠣᠨ ᠤ 5 ᠰᠠᠷ᠎ᠠ ᠶᠢᠨ 16 ᠤ ᠡᠳᠦᠷ — 5 ᠰᠠᠷ᠎ᠠ ᠶᠢᠨ 26 ᠤ ᠡᠳᠦᠷ︶      ᠤᠰᠤᠨ ᠰᠤᠷᠪᠤᠯᠵᠢ ᠶᠢᠨ ᠭᠠᠵᠠᠷ ᠤᠨ ᠳᠣᠲᠣᠷᠠᠬᠢ ᠮᠠᠰᠢᠨ ᠲᠡᠷᠭᠡ ᠰᠡᠯᠪᠢᠨ ᠵᠠᠰᠠᠬᠤ ᠠᠵᠢᠯ ᠲᠥᠷᠥᠯ ᠤᠨ ᠵᠢᠭᠰᠠᠭᠠᠨ ᠪᠠᠶᠢᠴᠠᠭᠠᠬᠤ ᠨᠡᠷᠡᠰ ᠢ ᠦᠨᠳᠦᠰᠦᠯᠡᠨ᠂ ᠮᠠᠰᠢᠨ ᠤ ᠲᠤᠰᠤ᠂ ᠰᠢᠷ ᠰᠦᠷᠴᠢᠬᠦ ᠲᠤᠬᠠᠶᠢᠯᠠᠭᠰᠠᠨ ᠠᠵᠢᠯ ᠢ ᠰᠣᠯᠢᠬᠤ ᠳᠤ ᠬᠤᠯᠪᠣᠭᠳᠠᠬᠤ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠢ ᠬᠤᠭᠤᠴᠠᠭ᠎ᠠ ᠬᠢᠵᠠᠭᠠᠷᠯᠠᠨ ᠥᠪᠡᠷ ᠲᠡᠭᠡᠨ ᠬᠠᠭᠠᠬᠤ ᠪᠤᠶᠤ ᠨᠡᠭᠦᠯᠭᠡᠬᠦ ᠪᠠᠷ ᠬᠤᠭᠤᠴᠠᠭ᠎ᠠ ᠶᠣᠰᠣᠭᠠᠷ ᠵᠠᠷᠯᠠᠨ ᠮᠡᠳᠡᠭᠳᠡᠨ᠎ᠡ᠃ ᠮᠠᠰᠢᠨ ᠲᠡᠷᠭᠡ ᠰᠡᠯᠪᠢᠨ ᠵᠠᠰᠠᠬᠤ ᠠᠵᠢᠯ ᠲᠥᠷᠥᠯ ᠤᠨ ᠵᠢᠭᠰᠠᠭᠠᠨ ᠪᠠᠶᠢᠴᠠᠭᠠᠬᠤ ᠨᠡᠷᠡᠰ ᠢ ᠦᠨᠳᠦᠰᠦᠯᠡᠨ᠂ ᠮᠠᠰᠢᠨ ᠤ ᠲᠤᠰᠤ᠂ ᠰᠢᠷ ᠰᠦᠷᠴᠢᠬᠦ ᠲᠤᠬᠠᠶᠢᠯᠠᠭᠰᠠᠨ ᠠᠵᠢᠯ ᠢ ᠰᠣᠯᠢᠬᠤ ᠳᠤ ᠬᠤᠯᠪᠣᠭᠳᠠᠬᠤ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠢ ᠬᠤᠭᠤᠴᠠᠭ᠎ᠠ ᠬᠢᠵᠠᠭᠠᠷᠯᠠᠨ ᠥᠪᠡᠷ ᠲᠡᠭᠡᠨ ᠬᠠᠭᠠᠬᠤ ᠪᠤᠶᠤ ᠨᠡᠭᠦᠯᠭᠡᠬᠦ ᠬᠡᠷᠡᠭᠲᠡᠶ᠃      ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵2021 ᠣᠨ ᠤ 5 ᠳ᠋ᠤᠭᠠᠷ ᠰᠠᠷ᠎ᠠ ᠶᠢᠨ 27 ᠤ ᠡᠳᠦᠷ — 6 ᠳ᠋ᠤᠭᠠᠷ ᠰᠠᠷ᠎ᠠ ᠶᠢᠨ 16 ᠤ ᠡᠳᠦᠷ︶      ᠵᠠᠷᠯᠠᠯ ᠤᠨ ᠪᠠᠭᠤᠯᠭᠠᠭᠰᠠᠨ ᠪᠠᠶᠢᠳᠠᠯ ᠢ ᠦᠨᠳᠦᠰᠦᠯᠡᠨ᠂ ᠡᠭᠦᠳᠡ ᠪᠠᠨ ᠬᠠᠭᠠᠬᠤ ᠪᠤᠶᠤ ᠨᠡᠭᠦᠯᠭᠡᠬᠦ ᠶᠢ ᠲᠡᠪᠴᠢᠭᠰᠡᠨ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠲᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠡᠬᠢᠯᠡᠭᠦᠯᠵᠦ᠂ ᠴᠡᠭᠴᠡᠯᠡᠨ ᠵᠠᠰᠠᠬᠤ ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠡᠯ᠎ᠡ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠬᠤᠲᠠ ᠶᠢᠨ ᠦᠵᠡᠮᠵᠢ ᠶᠢᠨ ᠲᠣᠪᠴᠢᠶ᠎ᠠ ᠬᠠᠮᠵᠢᠯᠴᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃      ᠲᠠᠪᠤ᠂ ᠡᠭᠦᠷᠭᠡ ᠶᠢᠨ ᠵᠠᠳᠠᠯᠤᠯᠲᠠ      ︵ᠨᠢᠭᠡ︶ ᠲᠦᠮᠡᠳ ᠵᠡᠭᠦᠨ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠣᠷᠣᠨ ᠤ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ ᠡᠯ᠎ᠡ ᠰᠢᠶᠠᠩ ᠪᠠᠯᠭᠠᠰᠤ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠨᠢᠭᠡᠳᠦᠯᠲᠡᠶ ᠵᠣᠬᠢᠴᠠᠭᠤᠯᠵᠤ ᠪᠠᠶᠢᠭᠠᠳ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠮᠠᠰᠢᠨ ᠲᠡᠷᠭᠡ ᠰᠡᠯᠪᠢᠨ ᠵᠠᠰᠠᠬᠤ ᠳᠡᠯᠭᠡᠭᠦᠷ ᠤᠨ ᠲᠤᠰᠬᠠᠶ ᠠᠵᠢᠯ ᠢ ᠴᠢᠩᠭᠠᠳᠬᠠᠨ᠎ᠠ︔ ᠢᠯᠭᠠᠷᠠᠭᠤᠯᠤᠨ ᠴᠡᠭᠴᠡᠯᠡᠵᠦ ᠵᠠᠰᠠᠭᠰᠠᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃      ︵ᠬᠤᠶᠠᠷ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠦᠷᠢᠮ︾ ᠢ ᠵᠥᠷᠢᠴᠡᠭᠰᠡᠨ ᠡᠵᠡᠩᠨᠡᠯᠲᠡ ᠶᠢᠨ ᠨᠢᠭᠡᠴᠡ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠤᠷᠠᠳᠤᠭᠰᠠᠨ ᠡᠵᠡᠩᠨᠡᠯᠲᠡ ᠶᠢᠨ ᠦᠨᠡᠮᠯᠡᠯ ᠢ ᠨᠢ ᠬᠦᠴᠦᠨ ᠥᠬᠡᠶ ᠪᠣᠯᠭᠠᠬᠤ ᠭᠤᠶᠤᠴᠢᠯᠠᠯ ᠢ ᠦᠨᠳᠦᠰᠦᠯᠡᠨ᠂ ᠡᠵᠡᠩᠨᠡᠯᠲᠡ ᠶᠢᠨ ᠦᠨᠡᠮᠯᠡᠯ ᠢ ᠨᠢ ᠬᠠᠤᠯᠢ ᠶᠣᠰᠣᠭᠠᠷ ᠬᠦᠴᠦᠨ ᠥᠬᠡᠶ ᠪᠣᠯᠭᠠᠨ᠎ᠠ᠃      ︵ᠭᠤᠷᠪᠠ︶ ᠬᠤᠲᠠ ᠶᠢᠨ ᠦᠵᠡᠮᠵᠢ ᠶᠢᠨ ᠲᠣᠪᠴᠢᠶ᠎ᠠ ᠨᠢ ᠲᠥᠪᠯᠡᠷᠡᠭᠦᠯᠦᠨ ᠴᠡᠭᠴᠡᠯᠡᠨ ᠵᠠᠰᠠᠬᠤ ᠬᠤᠭᠤᠴᠠᠭᠠᠨ ᠳᠠᠬᠢ ᠵᠠᠮ ᠤᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠨ᠎ᠠ᠃      ︵ᠲᠥᠷᠪᠡ︶ ᠬᠤᠶᠠᠳᠤᠭᠠᠷ ᠳᠡᠰ ᠤᠨ ᠤᠰᠤᠨ ᠰᠤᠷᠪᠤᠯᠵᠢ ᠶᠢᠨ ᠭᠠᠵᠠᠷ ᠤᠨ ᠳᠣᠲᠣᠷᠠᠬᠢ ᠮᠠᠰᠢᠨ ᠲᠡᠷᠭᠡ ᠰᠡᠯᠪᠢᠨ ᠵᠠᠰᠠᠬᠤ ᠡᠭᠦᠳᠡᠨ ᠳᠡᠯᠭᠡᠭᠦᠷ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠬᠡᠷᠡᠭᠵᠢᠭᠦᠯᠬᠦ ᠠᠵᠢᠯ ᠢ ᠬᠠᠷᠢᠶ᠎ᠠ ᠭᠠᠵᠠᠷ ᠤᠨ ᠵᠠᠷᠴᠢᠮ ᠤᠨ ᠶᠣᠰᠣᠭᠠᠷ᠂ ᠲᠤᠬᠠᠶ ᠶᠢᠨ ᠭᠠᠵᠠᠷ ᠤᠨ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠠᠴᠠ ᠲᠤᠰ ᠬᠠᠷᠢᠶ᠎ᠠ ᠣᠷᠣᠨ ᠤ ᠪᠠᠨ ᠢᠯᠭᠠᠷᠠᠭᠤᠯᠤᠨ ᠴᠡᠭᠴᠡᠯᠡᠬᠦ ᠡᠭᠦᠷᠭᠡ ᠶᠢ ᠬᠠᠷᠢᠭᠤᠴᠠᠨ ᠤᠷᠤᠭᠰᠢᠲᠠᠶ ᠲᠥᠯᠬᠢᠨ ᠠᠬᠢᠭᠤᠯᠬᠤ ᠶᠢᠨ ᠬᠠᠮᠲᠤ ᠲᠤᠬᠠᠶ ᠶᠢᠨ ᠭᠠᠵᠠᠷ ᠤᠨ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃      ︵ᠲᠠᠪᠤ︶ ᠤᠰᠤᠨ ᠤ ᠶᠠᠪᠤᠳᠠᠯ ᠤᠨ ᠲᠣᠪᠴᠢᠶ᠎ᠠ ᠨᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠠᠷᠠᠳ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠢ ᠢᠳᠡᠪᠬᠢᠲᠡᠶ ᠪᠠᠷ ᠬᠠᠮᠵᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠲᠤᠰᠠᠭᠠᠷᠯᠠᠬᠤ ᠪᠦᠰᠡ᠂ ᠬᠦᠷᠢᠶ᠎ᠡ ᠲᠣᠤᠷ ᠪᠠ ᠲᠡᠮᠳᠡᠭ ᠫᠠᠶᠢᠰᠠ ᠪᠠᠶᠢᠭᠤᠯᠬᠤ ᠵᠡᠷᠭᠡ ᠠᠵᠢᠯ ᠢ ᠥᠷᠨᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠢ ᠬᠠᠮᠵᠢᠨ ᠬᠠᠤᠯᠢ ᠠᠴᠠ ᠵᠥᠷᠢᠴᠡᠨ ᠤᠰᠤ ᠲᠠᠲᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      ᠵᠢᠷᠭᠤᠭ᠎ᠠ᠂ ᠬᠠᠮᠢᠶ᠎ᠠ ᠪᠥᠬᠦᠶ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠬᠠᠮᠢᠶ᠎ᠠ ᠪᠥᠬᠦᠶ ᠰᠠᠯᠠᠭ᠎ᠠ ᠮᠥᠴᠢᠷ᠂ ᠬᠠᠮᠢᠶ᠎ᠠ ᠪᠥᠬᠦᠶ ᠰᠢᠶᠠᠩ ᠪᠠᠯᠭᠠᠰᠤ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠤᠨ ᠲᠡᠭᠦᠯᠳᠡᠷᠵᠢᠭᠦᠯᠦᠨ᠎ᠡ᠃      ︵ᠬᠤᠶᠠᠷ︶ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠮᠠᠰᠢᠨ ᠲᠡᠷᠭᠡ ᠰᠡᠯᠪᠢᠨ ᠵᠠᠰᠠᠬᠤ ᠠᠵᠢᠯ ᠲᠥᠷᠥᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠤᠨ᠎ᠠ᠃      ︵ᠭᠤᠷᠪᠠ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ᠂ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠨᠢᠭᠡ ᠠᠴᠠ ᠵᠦᠶ᠋ᠴᠢᠯᠡᠵᠦ ᠨᠥᠬᠦᠭᠡ ᠶᠢ ᠮᠡᠳᠡᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号