ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠲᠣᠬᠢᠷᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/8/19
 ᠶᠢᠨ ᠱᠠᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠶᠠᠩ ᠪᠠᠯᠭᠠᠰᠤ᠂ ᠬᠤᠰᠢᠭᠤᠨ ᠤ ᠡᠯ᠎ᠡ ᠰᠠᠯᠠᠭ᠎ᠠ ᠮᠥᠴᠢᠷ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠠᠵᠢᠯᠲᠠᠨ ᠤ ᠶᠠᠪᠤᠳᠠᠯ ᠤᠨ ᠬᠤᠪᠢᠷᠠᠯᠲᠠ ᠪᠠ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 11 ᠳ᠋ᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠳᠡᠮᠵᠢᠨ ᠰᠤᠳᠤᠯᠤᠨ ᠲᠣᠭᠲᠠᠭᠠᠵᠤ᠂ ᠳᠡᠳ᠋ ᠬᠤᠰᠢᠭᠤᠨ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠳᠣᠤᠷᠠᠬᠢ ᠮᠡᠲᠦ ᠳᠣᠭᠢᠷᠠᠭᠤᠯᠤᠨ᠎ᠠ᠄     ᠸᠠᠩ ᠵᠥᠩ ᠭᠠᠩ ᠳᠡᠳ᠋ ᠬᠤᠰᠢᠭᠤᠨ ᠳᠠᠷᠤᠭ᠎ᠠ᠄ ᠬᠤᠰᠢᠭᠤᠨ ᠳᠠᠷᠤᠭ᠎ᠠ ᠶᠢ ᠬᠠᠪᠰᠤᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠪᠠ ᠡᠳ᠋ ᠤᠨ ᠵᠠᠰᠠᠭ ᠭᠠᠶᠢᠯᠢ᠂ ᠬᠢᠨᠠᠨ ᠪᠤᠳᠤᠯᠲᠠ ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠰᠤᠨ ᠠᠰᠢᠭᠯᠠᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ᠂ ᠬᠤᠲᠠ ᠶᠢᠨ ᠬᠥᠭᠵᠢᠯᠲᠡ ᠶᠢᠨ ᠪᠠᠯᠠ ᠣᠷᠣᠭᠤᠯᠤᠯᠲᠠ ᠡᠵᠡᠩᠨᠡᠯᠲᠡ ᠶᠢᠨ ᠬᠢᠵᠠᠭᠠᠷᠲᠤ ᠺᠣᠮᠫᠠᠨᠢ᠃      ᠬᠠᠷᠢᠯᠴᠠᠬᠤ ᠨᠢ᠄ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠡᠪᠰᠡᠭᠲᠦ ᠬᠦᠴᠦᠨ ᠤ ᠬᠡᠯᠲᠡᠰ᠂ ᠪᠡᠯᠡᠳᠬᠡᠯ ᠠᠯᠪᠠ ᠵᠢᠴᠢ ᠬᠤᠰᠢᠭᠤᠨ ᠳᠤ ᠰᠠᠭᠤᠭ᠎ᠠ ᠴᠡᠷᠢᠭ ᠠᠩᠭᠢ᠂ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠭᠢ᠂ ᠵᠡᠪᠰᠡᠭᠲᠦ ᠴᠠᠭᠳᠠᠭᠠᠨ ᠤ ᠳᠤᠮᠳᠠ ᠠᠩᠭᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠠᠷᠠᠳ ᠤᠨ ᠪᠠᠩᠬᠢ ᠵᠢᠴᠢ ᠪᠤᠰᠤᠳ ᠬᠤᠰᠢᠭᠤᠨ ᠳᠤ ᠰᠠᠭᠤᠭ᠎ᠠ ᠪᠣᠰᠤᠳ ᠪᠠᠩᠬᠢ᠂ ᠡᠯ᠎ᠡ ᠮᠥᠩᠭᠦᠨ  ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ  ᠭᠦᠢᠴᠡᠳᠬᠡᠨ᠎ᠡ᠃          ᠬᠥ᠋ ᠯᠸᠢ ᠳᠡᠳ᠋ ᠬᠤᠰᠢᠭᠤᠨ ᠳᠠᠷᠤᠭ᠎ᠠ᠄ ᠬᠤᠰᠢᠭᠤᠨ ᠳᠠᠷᠤᠭ᠎ᠠ ᠶᠢ ᠬᠠᠪᠰᠤᠷᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠤᠰᠢᠭᠤᠨ ᠤ ᠣᠶᠢᠯᠠᠯᠭ᠎ᠠ ᠨᠠᠶᠢᠷᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠃      ᠬᠠᠷᠢᠯᠴᠠᠬᠤ ᠨᠢ᠄ ᠬᠤᠰᠢᠭᠤᠨ ᠤ ᠲᠠᠩᠰᠠ ᠡᠪᠬᠡᠮᠡᠯ ᠤᠨ ᠭᠠᠵᠠᠷ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃         ᠵᠠᠩ ᠭᠤᠸᠠᠩ ᡁᠢ ᠳᠡᠳ᠋ ᠬᠤᠰᠢᠭᠤᠨ ᠳᠠᠷᠤᠭ᠎ᠠ᠄ ᠬᠤᠰᠢᠭᠤᠨ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ᠂ ᠰᠢᠨᠵᠢᠯᠡᠬᠦ ᠤᠬᠠᠭᠠᠨ ᠮᠡᠷᠭᠡᠵᠢᠯ᠂ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠷᠠᠳ ᠠᠴᠠ ᠡᠵᠡᠩᠨᠡᠭᠰᠡᠨ ᠠᠵᠤ ᠠᠬᠤᠶ᠂ ᠭᠠᠳᠠᠭᠠᠳᠤ ᠠᠵᠤ ᠠᠬᠤᠶ ᠠᠷᠠᠯᠵᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ᠂ ᠶᠢᠨ ᠴᠤᠸᠠᠨ ᠨᠡᠭᠡᠭᠡᠯᠲᠡ ᠶᠢᠨ ᠲᠣᠭᠤᠷᠢᠭ ᠢ ᠬᠤᠪᠢᠶᠠᠷᠢᠯᠠᠨ ᠰᠢᠯᠵᠢᠭᠦᠯᠵᠦ ᠲᠤᠰᠢᠶᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ      ᠬᠤᠪᠢᠳᠠᠨ ᠬᠠᠮᠢᠶᠠᠷᠬᠤ᠄ ᠶᠢᠨ ᠱᠠᠨ ᠨᠡᠭᠡᠭᠡᠯᠲᠡ ᠶᠢᠨ ᠲᠣᠭᠤᠷᠢᠭ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠭᠠᠵᠠᠷ ᠰᠢᠷᠣᠶ ᠶᠢ ᠬᠤᠷᠢᠶᠠᠨ ᠬᠠᠳᠠᠭᠠᠯᠠᠵᠤ ᠠᠷᠠᠯᠵᠢᠶᠠᠯᠠᠬᠤ ᠲᠥᠪ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠲᠥᠪ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠃      ᠬᠠᠷᠢᠯᠴᠠᠬᠤ ᠨᠢ᠄ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠬᠥᠬᠡᠬᠤᠲᠠ ᠶᠢᠨ ᠬᠤᠲᠠ ᠬᠥᠳᠡᠭᠡ ᠶᠢᠨ ᠠᠵᠤ ᠠᠬᠤᠶ ᠶᠢᠨ ᠪᠠᠶᠢᠴᠠᠭᠠᠯᠲᠠ ᠶᠢᠨ ᠲᠥᠪ ᠤᠨ ᠲᠦᠮᠡᠳ ᠵᠡᠭᠦᠨ ᠬᠤᠰᠢᠭᠤᠨ ᠤ ᠬᠤᠪᠢᠶᠠᠷᠢ ᠲᠥᠪ ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ  ᠲᠠᠮᠠᠬᠢᠨ ᠤ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠰᠦᠯᠵᠢᠶᠡᠨ ᠤ ᠺᠣᠮᠫᠠᠨᠢ᠂ ᠭᠠᠵᠠᠷ ᠰᠢᠨᠵᠢᠯᠡᠭᠡᠨ ᠤ ᠬᠠᠶᠢᠨ ᠬᠡᠮᠵᠢᠯᠲᠡ ᠶᠢᠨ ᠨᠢᠭᠡᠳᠦᠭᠡᠷ ᠬᠦᠷᠢᠶᠡᠯᠡᠩ᠂ ᠡᠯ᠎ᠡ ᠳᠤᠯᠠᠭᠠᠯᠭ᠎ᠠ ᠶᠢᠨ ᠠᠵᠤ ᠠᠬᠤᠶᠢᠯᠠᠯ ᠵᠢᠴᠢ ᠬᠤᠰᠢᠭᠤᠨ ᠳᠤ ᠰᠠᠭᠤᠭ᠎ᠠ ᠠᠵᠤ ᠦᠢᠯᠡᠳᠪᠦᠷᠢ ᠠᠵᠤ ᠠᠬᠤᠶᠢᠯᠠᠯ᠂ ᠱᠠ ᠧ ᠶᠢᠩ ᠪᠠᠷᠠᠭᠠᠨ ᠤ ᠭᠦᠢᠯᠭᠡᠭᠡᠨ ᠤ ᠠᠵᠤ  ᠦᠢᠯᠡᠰ ᠤᠨ ᠨᠡᠭᠡᠭᠡᠯᠲᠡ ᠶᠢᠨ ᠺᠣᠮᠫᠠᠨᠢ᠂ ᠴᠠᠭᠠᠰᠤᠴᠢ ᠭᠠᠯᠲᠤ ᠲᠡᠷᠭᠡᠨ ᠥᠷᠲᠡᠭᠡ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃          ᠠᠨᠳᠠ ᠳᠡᠳ᠋ ᠬᠤᠰᠢᠭᠤᠨ ᠳᠠᠷᠤᠭ᠎ᠠ᠄ ᠬᠤᠰᠢᠭᠤᠨ ᠳᠠᠷᠤᠭ᠎ᠠ ᠶᠢ ᠬᠠᠪᠰᠤᠷᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠶ᠂ ᠬᠠᠩᠭᠠᠨ ᠪᠣᠷᠣᠯᠠᠭᠤᠯᠬᠤ᠂ ᠬᠥᠯᠥᠰᠥᠨ ᠠᠵᠢᠯᠴᠢᠨ ᠤ ᠴᠠᠯᠢᠩ ᠤᠨ ᠥᠷᠢ ᠶᠢ ᠢᠯᠭᠠᠷᠠᠭᠤᠯᠬᠤ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠠᠵᠢᠯ ᠤᠨ ᠦᠢᠯᠡᠴᠢᠯᠡᠭᠡᠨ ᠤ ᠲᠥᠪ᠂ ᠠᠯᠲᠠᠨ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠃      ᠬᠠᠷᠢᠯᠴᠠᠬᠤ ᠨᠢ᠄ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠮᠡᠳ ᠵᠡᠭᠦᠨ ᠬᠤᠰᠢᠭᠤᠨ ᠤ ᠬᠤᠷᠢᠶ᠎ᠠ᠂ ᠪᠣᠭᠤᠮᠲᠠ ᠶᠢᠨ ᠠᠵᠢᠯ ᠤᠨ ᠵᠥᠪᠯᠡᠯ᠂ ᠴᠠᠭ ᠠᠭᠤᠷ ᠤᠨ ᠲᠣᠪᠴᠢᠶ᠎ᠠ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃                    ᠡᠤ ᡁᠢ ᠬᠤᠩ ᠳᠡᠳ᠋ ᠬᠤᠰᠢᠭᠤᠨ ᠳᠠᠷᠤᠭ᠎ᠠ᠄ ᠠᠨᠳᠠ ᠳᠡᠳ᠋ ᠬᠤᠰᠢᠭᠤᠨ ᠳᠠᠷᠤᠭ᠎ᠠ ᠳᠤ ᠬᠠᠪᠰᠤᠷᠤᠨ ᠠᠵᠢᠯᠯᠠᠨ᠎ᠠ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号