ᠬᠤᠲᠠ ᠶᠢᠨ ᠶᠠᠳᠠᠭᠤ ᠶᠢ ᠲᠡᠳᠬᠦᠬᠦ ᠰᠠᠭᠤᠷᠢ ᠮᠥᠩᠭᠦᠨ ᠤ ᠨᠡᠶᠢᠭᠡᠮᠯᠢᠭ ᠲᠦᠮᠡᠳ ᠵᠡᠭᠦᠨ ᠬᠤᠰᠢᠭᠤᠨ ᠤ ᠱᠠᠩᠳᠠ ᠪᠠᠯᠭᠠᠰᠤᠨ ᠤ ᠴᠤᠤ ᠬᠤᠤ ᠲᠣᠰᠬᠤᠨ ᠳᠤ ᠬᠦᠷᠴᠦ ᠴᠠᠭᠠᠨ ᠰᠠᠷ᠎ᠠ ᠶᠢᠨ ᠲᠣᠬᠤᠨᠢᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2022/1/18
     1 ᠰᠠᠷ᠎ᠠ ᠶᠢᠨ 14 ᠤ ᠦᠳᠡ ᠶᠢᠨ ᠡᠮᠦᠨ᠎ᠡ᠂ ᠬᠥᠬᠡᠬᠤᠲᠠ ᠶᠢᠨ ᠶᠠᠳᠠᠭᠤ ᠶᠢ ᠲᠡᠳᠬᠦᠬᠦ ᠰᠠᠭᠤᠷᠢ ᠮᠥᠩᠭᠦᠨ ᠤ ᠨᠡᠶᠢᠭᠡᠮᠯᠢᠭ ᠤᠨ ︽ᠴᠠᠭᠠᠨ ᠰᠠᠷ᠎ᠠ ᠶᠢ ᠤᠭᠲᠤᠵᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠲᠦᠮᠡᠳ ᠵᠡᠭᠦᠨ ᠬᠤᠰᠢᠭᠤᠨ ᠤ ᠱᠠᠩᠳᠠ ᠪᠠᠯᠭᠠᠰᠤ ᠶᠢᠨ ᠴᠤᠤ ᠬᠤᠤ ᠲᠣᠰᠬᠤᠨ ᠳᠤ ᠬᠦᠷᠪᠡ᠃      ᠲᠣᠰ ᠤᠳᠠᠭᠠᠨ ᠤ ᠠᠵᠢᠯᠯᠠᠭ᠎ᠠ ᠨᠢ ᠴᠤᠤ ᠬᠤᠤ ᠲᠣᠰᠬᠤᠨ ᠤ 62 ᠡᠷᠦᠬᠡ ᠠᠮᠢᠳᠤᠷᠠᠯ ᠨᠢ ᠬᠦᠴᠢᠷᠲᠡᠶ ᠣᠯᠠᠨ ᠲᠦᠮᠡᠨ ᠳᠤ ᠨᠡᠶᠢᠲᠡ 11000 ᠭᠠᠷᠤᠶ ᠲᠥᠭᠦᠷᠢᠭ ᠤᠨ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠲᠣᠬᠤᠨᠢᠭᠤᠯᠬᠤ ᠪᠣᠳᠠᠰ ᠲᠦᠭᠡᠭᠡᠵᠦ᠂ ᠦᠨᠳᠦᠰᠦᠨ ᠱᠠᠲᠤᠨ ᠤ ᠬᠦᠴᠢᠷᠳᠡᠯᠲᠡᠶ ᠣᠯᠠᠨ ᠲᠦᠮᠡᠨ ᠳᠤ ᠴᠠᠭᠠᠨ ᠰᠠᠷ᠎ᠠ ᠶᠢᠨ ᠵᠥᠡᠭᠨᠡᠯ ᠳᠡᠪᠰᠢᠭᠦᠯᠵᠡᠶ᠃      ᠲᠠᠷᠠᠭ᠎ᠠ ᠨᠢ᠂ ᠬᠤᠳᠠ ᠶᠢᠨ ᠶᠠᠳᠠᠭᠤ ᠶᠢ ᠲᠡᠳᠬᠦᠬᠦ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠪᠠᠰᠠ ᠬᠥᠳᠡᠯᠵᠦ ᠪᠠᠷᠢᠬᠤ ᠳᠤ ᠳᠥᠭᠦᠮ ᠦᠭᠡᠢ ᠶᠠᠳᠠᠭᠤ ᠬᠦᠴᠢᠷᠳᠡᠯᠲᠡᠢ ᠤᠯᠠᠨ ᠲᠦᠮᠡᠨ ᠤ ᠭᠡᠷ ᠲᠤ ᠬᠦᠷᠴᠦ᠂ ᠲᠡᠳᠡᠨ ᠤ ᠠᠮᠢᠳᠤᠷᠠᠯ ᠤᠨ ᠪᠠᠶᠢᠳᠠᠯ᠂ ᠴᠠᠭᠠᠨ ᠰᠠᠷ᠎ᠠ ᠶᠢᠨ ᠡᠳ᠋ ᠪᠣᠳᠠᠰ ᠤᠨ ᠪᠡᠯᠡᠳᠬᠡᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠵᠥᠩᠨᠡᠯ ᠳᠡᠪᠰᠢᠭᠦᠯᠵᠡᠢ᠃      ᠳᠡᠳ᠋ ᠬᠤᠰᠢᠭᠤᠨ ᠳᠠᠷᠤᠭ᠎ᠠ ᠠᠨ ᠳ᠋ᠠ ᠵᠢᠴᠢ ᠬᠤᠲᠠ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠣᠷᠣᠯᠴᠠᠪᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号