︽ᠬᠤᠶᠠᠷ ᠬᠤᠷᠠᠯ︾ ᠳᠤ ᠠᠩᠬᠠᠷᠤᠯ ᠢᠶᠠᠨ ᠲᠥᠪᠯᠡᠷᠡᠭᠦᠯ︕ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2022/1/18
     1 ᠰᠠᠷ᠎ᠠ ᠶᠢᠨ 6 ᠤ ᠦᠳᠡ ᠶᠢᠨ ᠬᠤᠶᠢᠨᠠᠬᠢ 17 ᠴᠠᠭ ᠤᠨ ᠦᠶ᠎ᠡ ᠪᠠᠷ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠪᠦᠬᠦ ᠭᠡᠰᠢᠭᠦᠳ ᠤᠨ ᠬᠠᠮᠲᠤ ᠶᠢᠨ ᠴᠢᠷᠮᠠᠶᠢᠯᠭ᠎ᠠ ᠪᠠᠷ᠂ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠲᠡᠭᠦᠰᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠶ ᠬᠤᠩ ᠵᠢᠶᠦ᠋ᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠧᠨ ᠰᠢ ᠯᠸᠡ᠂ ᠳᠡᠳ᠋ ᠲᠡᠷᠢᠭᠦᠯᠡᠭᠴᠢ ᠸᠠᠩ ᠹᠧᠩ᠂ ᠼᠦᠢ ᠶᠠᠨ ᠵᠢᠶᠦ᠋ᠨ᠂ ᠬᠠᠳᠠ᠂ ᠨᠠᠷᠢᠨ ᠪᠢᠴᠢᠭ ᠤᠨ ᠳᠠᠷᠤᠭ᠎ᠠ ᠯᠢᠶᠠᠩ ᠬᠤᠸᠠᠢ ᠯᠢ ᠶᠡᠭᠡ ᠬᠤᠷᠠᠯ ᠤᠨ ᠲᠡᠭᠦᠰᠬᠦ ᠶᠣᠰᠣᠯᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠪᠠᠰᠠ ᠵᠣᠣ ᠯᠢ ᠮᠢᠨ᠂ ᠴᠠᠩ ᠵᠢᠶᠠᠨ ᠵᠢᠶᠦ᠋ᠨ᠂ ᠵᠢᠶᠠ ᠶᠢᠨ ᠹᠧᠩ᠂ ᠸᠠᠩ ᠱᠦᠦ ᠶᠠ᠂ ᠵᠣᠣ ᠶᠦᠩ ᠴᠢᠶᠠᠩ ᠰᠠᠭᠤᠵᠠᠶ᠃      ᠬᠤᠷᠠᠯ ᠢ ᠸᠠᠩ ᠹᠧᠩ ᠡᠷᠬᠢᠯᠡᠪᠡ᠃    ᠬᠤᠷᠠᠯ ᠳᠡᠭᠡᠷ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠤᠯᠤᠰ ᠲᠥᠷᠥ ᠶᠢᠨ  ᠰᠢᠢᠳᠪᠦᠷᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠠᠷᠪᠠᠨ ᠬᠤᠶᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ ᠪᠣᠯᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠵᠠᠢ᠃      ᠶᠡᠭᠡ ᠬᠤᠷᠠᠯ ᠤᠨ ᠲᠡᠭᠦᠰᠬᠦ ᠶᠣᠰᠣᠯᠠᠯ ᠠᠴᠠ ᠡᠮᠦᠨ᠎ᠡ ᠬᠤᠷᠠᠯᠳᠤᠭᠰᠠᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠭᠤᠷᠪᠠᠳᠤᠭᠠᠷ ᠶᠡᠭᠡ ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠂ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃ ᠴᠧᠨ ᠰᠢ ᠯᠸᠡ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠳᠠᠪᠠ᠃ ᠸᠠᠩ ᠹᠧᠩ᠂ ᠼᠦᠢ ᠶᠠᠨ ᠵᠢᠶᠦ᠋ᠨ᠂ ᠬᠠᠳᠠ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠳᠡᠳ᠋ ᠲᠡᠷᠢᠭᠦᠯᠡᠭᠴᠢ ᠪᠠᠷ ᠰᠣᠩᠭᠤᠭᠳᠠᠪᠠ᠃ ᠯᠢᠶᠠᠩ ᠬᠤᠸᠠᠢ ᠯᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠪᠠ᠃      ᠰᠢᠨ᠎ᠡ ᠪᠠᠷ ᠰᠣᠩᠭᠤᠭᠳᠠᠭᠰᠠᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠧᠨ ᠰᠢ ᠯᠸᠡ ᠶᠡᠭᠡ ᠬᠤᠷᠠᠯ ᠤᠨ ᠲᠡᠭᠦᠰᠬᠦ ᠶᠣᠰᠣᠯᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ ᠬᠡᠯᠡᠭᠰᠡᠨ ᠨᠢ᠂ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠨᠢ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠠᠯᠢ ᠣᠯᠠᠨ ᠰᠢᠨ᠎ᠡ ᠶᠢ ᠡᠭᠦᠳᠬᠦ ᠦᠢᠯᠡᠳᠦᠯᠭᠡ ᠶᠢ ᠥᠷᠨᠢᠭᠦᠯᠵᠦ᠂ ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠰᠠᠶᠢᠨ ᠪᠥᠭᠡᠳ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠴᠧᠨ ᠰᠢ ᠯᠸᠡ ᠵᠢᠭᠠᠵᠤ ᠭᠠᠷᠭᠠᠭᠰᠠᠨ ᠨᠢ᠂ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ︽ᠬᠤᠤᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢᠨ ᠲᠡᠤᠬᠡ ᠶᠢᠨ ᠠᠭᠤᠯᠵᠠᠷ ᠤᠨ ᠵᠠᠩᠭᠢᠯᠠᠭ᠎ᠠ ᠶᠢᠨ ᠴᠡᠭ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠦᠴᠦᠷᠬᠡᠭ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠤ ᠵᠠᠩᠭᠢᠯᠠᠭ᠎ᠠ ᠶᠢᠨ ᠬᠤᠭᠤᠴᠠᠭᠠᠨ ᠳᠤ ᠵᠠᠷᠯᠢᠭ ᠬᠦᠯᠢᠶᠡᠵᠦ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠣᠶᠤᠨ ᠤᠬᠠᠭᠠᠨ ᠬᠦᠴᠦᠨ ᠴᠢᠳᠠᠯ ᠢ ᠲᠥᠪᠯᠡᠷᠡᠭᠦᠯᠦᠭᠰᠡᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠲᠠᠢ ᠭᠠᠷ ᠬᠤᠯᠪᠣᠨ ᠮᠥᠷᠥ ᠵᠡᠷᠭᠡᠴᠡᠨ ᠴᠡᠴᠡᠭᠯᠡᠨ ᠬᠥᠭᠵᠢᠭᠰᠡᠨ ᠲᠤᠭ᠂ ᠠᠮᠢᠵᠢᠷᠠᠯ ᠤᠨ ᠬᠦᠴᠦᠨ ᠤ ᠲᠤᠭ᠂ ᠵᠣᠯ ᠵᠢᠷᠭᠠᠯ ᠤᠨ ᠲᠤᠭ ᠢ ᠪᠥᠲᠥᠭᠡᠨ ᠪᠠᠶᠢᠭᠤᠯᠬᠤ ᠴᠢᠬᠤᠯᠠ ᠶᠡᠭᠡ ᠡᠭᠦᠷᠭᠡ ᠶᠢ ᠡᠭᠦᠷᠭᠡᠯᠡᠵᠦ ᠪᠠᠶᠢᠨ᠎ᠠ᠃      ᠴᠧᠨ ᠰᠢ ᠯᠸᠡ ᠴᠢᠬᠤᠯᠠᠴᠢᠯᠠᠭᠰᠠᠨ ᠨᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ︽ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ︾ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠰᠡᠳᠬᠢᠯ ᠳᠡᠭᠡᠨ ᠪᠠᠲᠤ ᠴᠡᠭᠡᠵᠢᠯᠡᠵᠦ᠂ ᠴᠢᠰᠤᠨ ᠳᠤ ᠠᠭᠤᠰᠬᠠᠵᠤ᠂ ᠦᠵᠡᠯ ᠰᠠᠨᠠᠭᠠᠨ ᠤ ᠬᠡᠪ ᠤᠨ ᠪᠠᠶᠢᠳᠠᠯ ᠪᠠ ᠦᠶ᠋ᠯᠡ ᠠᠵᠢᠯᠯᠠᠭᠠᠨ ᠤ ᠤᠬᠠᠮᠰᠠᠷ ᠪᠣᠯᠭᠠᠬᠤ ᠬᠡᠷᠡᠭᠲᠡᠶ᠃ ᠪᠦᠬᠦ ᠬᠦᠴᠦᠨ ᠢᠶᠠᠷ ᠢᠶᠠᠨ ᠰᠤᠷᠤᠯᠴᠠᠯᠭ᠎ᠠ ᠶᠢ ᠠᠳᠬᠤᠵᠤ᠂ ᠰᠤᠷᠤᠯᠴᠠᠬᠤ ᠮᠠᠶ᠋ᠢᠭ ᠤᠨ ᠤᠯᠤᠰ ᠲᠦᠷᠦ ᠶᠢᠨ ᠵᠥᠪᠯᠡᠯᠭᠡᠨ ᠢ ᠴᠢᠷᠮᠠᠶᠢᠨ ᠪᠠᠶᠢᠭᠤᠯᠵᠤ᠂ ᠤᠬᠠᠮᠰᠠᠷ ᠠᠴᠠ ᠪᠠᠨ ᠨᠠᠮ ᠤᠨ ᠲᠦᠷᠦ ᠶᠢᠨ ᠪᠤᠳᠤᠯᠭ᠎ᠠ ᠶᠢᠨ ᠤᠬᠠᠭᠤᠯᠤᠭᠴᠢ᠂ ᠤᠯᠠᠨ ᠲᠦᠮᠡᠨ ᠤ ᠠᠰᠢᠭ ᠲᠤᠰᠠ ᠶᠢᠨ ᠬᠠᠮᠠᠭᠠᠯᠠᠭᠴᠢ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠭᠴᠢ ᠪᠣᠯᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠲᠤᠬᠠᠢ ᠰᠢᠨ᠎ᠡ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ ᠲᠤᠰᠬᠠᠢ ᠵᠥᠪᠯᠡᠬᠦ ᠪᠠᠶᠢᠭᠤᠯᠤᠮᠵᠢ ᠪᠣᠯᠬᠤ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠨᠡᠩ ᠴᠤᠭ ᠪᠠᠳᠠᠷᠠᠩᠭᠤᠢ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠶᠢᠨ ᠰᠥᠰᠥ ᠵᠣᠷᠢᠭ ᠢᠶᠠᠷ ᠰᠢᠨ᠎ᠡ ᠴᠠᠭ ᠦᠶ᠎ᠡ ᠲᠠᠢ ᠭᠠᠷ ᠬᠤᠯᠪᠣᠯᠴᠠᠵᠤ᠂ ᠰᠢᠨ᠎ᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠲᠡᠦᠬᠡ ᠶᠢᠨ ᠬᠠᠷᠢᠭᠤᠴᠠᠯᠭ᠎ᠠ ᠪᠣᠯᠤᠨ ᠡᠭᠦᠷᠭᠡᠯᠡᠯ ᠢ ᠡᠭᠦᠷᠭᠡᠯᠡᠬᠦ ᠬᠡᠷᠡᠭᠲᠡᠢ᠃      ᠶᠡᠭᠡ ᠬᠤᠷᠠᠯ ᠤᠨ ᠲᠡᠭᠦᠰᠬᠦ ᠶᠣᠰᠣᠯᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠶᠠᠷ ᠳᠠᠷᠤᠭ᠎ᠠ ᠪᠠᠶᠢᠪᠠ᠃      ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠭᠰᠠᠨ ᠤ ᠲᠠᠷᠠᠭ᠎ᠠ᠂ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠢᠯᠠᠯᠲᠠ ᠲᠠᠢ ᠪᠠᠷ ᠲᠡᠭᠦᠰᠪᠡ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号