ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠪᠡᠭᠡ ᠶᠢᠨ ᠦᠨᠦᠷ ᠢᠶᠠᠷ ᠰᠢᠨ᠎ᠡ ᠬᠠᠪᠤᠷ ᠢ ᠤᠭᠲᠤᠵᠦ᠂ ᠬᠤᠣᠰ ᠤᠶᠠᠩᠭ᠎ᠠ ᠪᠠᠷ ᠢᠷᠥᠭᠡᠯ ᠵᠦᠡᠭᠨᠡᠯ ᠳᠡᠪᠰᠢᠭᠦᠯᠬᠦ︾ ᠮᠠᠨ ᠤ ᠪᠠᠶᠠᠷ ᠤᠨ ᠡᠳᠦᠷ— ᠴᠠᠭᠠᠨ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/1/21
     ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠢᠶᠠᠷ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠤᠨ ᠡᠳᠦᠷ ᠤᠨ᠂ ᠡᠷᠡᠭᠦᠯ ᠴᠢᠭᠢᠷᠠᠭ᠂ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠦᠮᠡᠳ ᠵᠡᠭᠦᠨ ᠬᠤᠰᠢᠭᠤᠨ ᠤ ᠵᠠᠰᠠᠭ ᠤᠨ ᠣᠷᠳᠣᠨ 1 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ ᠬᠠᠭᠤᠴᠢᠨ ᠵᠠᠰᠠᠭ ᠤᠨ ᠣᠷᠳᠣᠨ ᠤ ᠲᠠᠯᠠᠪᠠᠶ ᠳᠤ ︽ᠪᠡᠭᠡ ᠶᠢᠨ ᠦᠨᠦᠷ ᠢᠶᠠᠷ ᠰᠢᠨ᠎ᠡ ᠬᠠᠪᠤᠷ ᠢ ᠤᠭᠲᠤᠵᠦ᠂ ᠬᠤᠣᠰ ᠤᠶᠠᠩᠭ᠎ᠠ ᠪᠠᠷ ᠢᠷᠥᠭᠡᠯ ᠵᠦᠡᠭᠨᠡᠯ ᠳᠡᠪᠰᠢᠭᠦᠯᠬᠦ︾ ᠮᠠᠨ ᠤ ᠪᠠᠶᠠᠷ ᠤᠨ ᠡᠳᠦᠷ—ᠴᠠᠭᠠᠨ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠪᠡ᠃ ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠨᠡᠩ ᠣᠯᠠᠨ ᠠᠷᠠᠳ ᠲᠦᠮᠡᠨ ᠳᠤ ᠪᠠᠶᠠᠷ ᠤᠨ ᠡᠳᠦᠷ ᠤᠨ ᠪᠠᠶᠠᠷ ᠪᠠᠶᠠᠰᠤᠯ ᠢ ᠡᠳ᠋ᠯᠡᠭᠦᠯᠬᠦ ᠶᠢ ᠬᠦᠰᠡᠵᠦ ᠪᠠᠶᠢᠨ᠎ᠠ ᠭᠡᠵᠡᠶ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠲᠠᠳ ᠥᠷᠯᠥᠭᠡ ᠡᠷᠲᠡ ᠰᠢᠷᠡᠭᠡ ᠰᠠᠨᠳᠠᠯᠢ᠂ ᠴᠠᠭᠠᠰᠤ ᠪᠡᠭᠡ᠂ ᠪᠢᠷ ᠵᠢᠭᠤᠷᠠᠭᠤᠯ ᠪᠡᠯᠡᠳᠬᠡᠵᠦ᠂ ᠠᠵᠢᠯᠯᠠᠭ᠎ᠠ ᠡᠬᠢᠯᠡᠭᠰᠡᠨ ᠤ ᠳᠠᠷᠠᠭ᠎ᠠ ᠮᠠᠰᠢ ᠤᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠪᠠ᠃ ︽ᠨᠢᠭᠡ ᠲᠦᠷᠦᠯ ᠤᠨ ᠲᠩᠷᠢ ᠠᠴᠠ ᠰᠣᠶᠣᠷᠬᠠᠭᠰᠠᠨ ᠠᠮᠤᠷ ᠠᠮᠤᠭᠤᠯᠠᠩ ᠤᠨ ᠪᠤᠶᠠᠨ ᠳᠡᠯᠡᠬᠡᠢ ᠳ᠋ᠠᠬᠢᠨ ᠤ ᠬᠥᠮᠦᠰ ᠪᠠᠶᠠᠨ ᠡᠷᠬᠢᠮ ᠤᠨ ᠬᠠᠪᠤᠷ ᠲᠠᠢ ᠬᠠᠮᠲᠤ ᠣᠷᠣᠰᠢᠬᠤᠢ︾ ︽ᠲᠦᠮᠡᠨ ᠡᠷᠤᠬᠡ ᠰᠢᠨᠡᠳᠴᠦ ᠵᠠᠭᠤᠨ ᠪᠤᠶᠠᠨ ᠢ ᠤᠭᠲᠤᠬᠤ ᠳᠤ ᠢᠯᠭᠤᠮ ᠤᠷᠤᠭᠰᠢᠲᠠᠢ ᠤᠷᠤᠭᠰᠢᠯᠠᠨᠠᠮ︾ ᠭᠡᠬᠦ ᠤᠷᠠᠨ ᠪᠢᠴᠢᠯᠭᠡ᠂ ᠢᠷᠥᠭᠡᠯ ᠵᠥᠩᠨᠡᠯ ᠤᠨ ᠦᠭᠡ ᠥᠭᠦᠯᠡᠪᠦᠷᠢ ᠨᠦᠭᠦᠳ᠂ ᠰᠠᠶᠢᠬᠠᠨ ᠪᠢᠴᠢᠭᠰᠡᠨ ᠬᠤᠣᠰ ᠤᠶᠠᠩᠭ᠎ᠠ ᠨᠢᠭᠡᠪᠦᠷᠢ ᠨᠢ ᠴᠥᠮ ᠭᠦᠨ ᠵᠤᠵᠠᠭᠠᠨ ᠢᠷᠥᠭᠡᠯ ᠵᠥᠩᠨᠡᠯ ᠢ ᠠᠬᠤᠭᠤᠯᠵᠤ ᠪᠠᠶᠢᠳᠠᠭ᠂ ᠭᠠᠯ ᠤᠯᠠᠭᠠᠨ ᠬᠤᠣᠰ ᠤᠶᠠᠩᠭ᠎ᠠ ᠭᠠᠷ ᠲᠠᠭᠠᠨ ᠳᠠᠮᠵᠢᠭᠳᠠᠵᠤ᠂ ᠤᠯᠠᠨ ᠳᠤ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠶᠢ ᠠᠪᠴᠢᠷᠠᠵᠤ ᠥᠭᠲᠡᠭ ᠢᠶᠠᠷ ᠢᠶᠠᠨ ᠬᠥᠮᠦᠰ ᠲᠤ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠶᠢ ᠠᠪᠴᠢᠷᠠᠵᠤ ᠥᠭᠲᠡᠭ᠃      ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠳᠡᠯᠭᠡᠨ ᠦᠵᠡᠭᠦᠯᠵᠦ᠂ ᠰᠠᠭᠤᠭᠠᠯᠢ ᠠᠷᠠᠳ ᠲᠤ ᠪᠠᠰᠠ ᠬᠥᠷᠰᠢ ᠵᠡᠷᠭᠡᠯᠡᠳᠡᠭᠡ ᠶᠢᠨ ᠭᠡᠷ ᠣᠷᠣᠨ ᠤ ᠭᠦᠨ ᠵᠤᠵᠠᠭᠠᠨ ᠠᠭᠤᠷ ᠠᠮᠢᠰᠬᠤᠯ ᠢ ᠮᠡᠳᠡᠷᠡᠭᠦᠯᠦᠭᠰᠡᠨ ᠪᠠᠶᠢᠨ᠎ᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号