ᠪᠥᠬᠦ ᠬᠤᠰᠢᠭᠤᠨ ᠤ ︽ᠰᠤᠷᠲᠠᠯ ᠢ ᠴᠡᠭᠴᠡᠯᠡᠵᠦ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠰᠡᠷᠡᠮᠵᠢ ᠶᠢᠨ ᠬᠥᠮᠦᠵᠢᠯ ᠵᠢᠴᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭᠠᠨ ᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/24
     1 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠪᠦᠭᠦ ᠬᠤᠰᠢᠭᠤᠨ ᠤ ︽ᠰᠤᠷᠲᠠᠯ ᠢ ᠴᠡᠭᠴᠡᠯᠡᠵᠦ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠰᠡᠷᠡᠮᠵᠢ ᠶᠢᠨ ᠬᠥᠮᠦᠵᠢᠯ ᠵᠢᠴᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠭᠠᠨ ᠤ ᠶᠡᠭᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠧᠶ ᠬᠤᠩ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠯᠢ ᠮᠢᠨ ᠬᠤᠷᠠᠯ ᠢ ᠡᠷᠭᠢᠯᠡᠪᠡ᠃      ᠬᠤᠷᠠᠯ ᠠᠴᠠ ᠮᠠᠨ ᠤ ᠬᠤᠰᠢᠭᠤᠨ ᠤ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠳᠤᠲᠠᠭᠳᠠᠯ ᠲᠠᠢ ᠲᠠᠯ᠎ᠠ ᠶᠢ ᠵᠠᠷᠯᠠᠨ ᠮᠡᠳᠡᠭᠳᠡᠵᠦ᠂ ᠪᠥᠬᠦ ᠬᠤᠰᠢᠭᠤᠨ ᠤ ᠠᠵᠢᠯ ᠤᠨ ᠰᠤᠷᠲᠠᠯ ᠢ ᠤᠯᠠᠮ ᠨᠢᠭᠡ ᠠᠯᠬᠤᠮ ᠴᠡᠭᠴᠡᠯᠡᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠢ ᠳᠠᠶᠢᠴᠢᠯᠠᠨ ᠦᠵᠡᠯ ᠰᠠᠨᠠᠭ᠎ᠠ ᠲᠠᠨᠢᠯᠲᠠ ᠶᠢ ᠨᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢ ᠨᠢ ᠴᠢᠩᠭᠠᠷᠠᠭᠤᠯᠤᠨ᠂ ᠴᠣᠣ ᠰᠢᠨ᠎ᠡ ᠳᠦᠷᠰᠦ ᠪᠠᠶᠢᠳᠠᠯ᠂ ᠴᠣᠣ ᠰᠢᠨ᠎ᠡ ᠠᠵᠢᠯ ᠤᠨ ᠪᠠᠶᠢᠳᠠᠯ ᠢᠶᠠᠷ ᠡᠯ᠎ᠡ ᠵᠦᠢᠯ ᠤᠨ ᠠᠵᠢᠯ ᠤᠨ ᠡᠭᠦᠷᠭᠡ ᠶᠢ ᠡᠷᠡᠰ ᠬᠦᠴᠦᠲᠡᠶ ᠪᠡᠶᠡᠯᠡᠭᠦᠯᠵᠦ᠂ ᠪᠥᠬᠦ ᠬᠤᠰᠢᠭᠤᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠰᠤᠷᠲᠠᠯ ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠪᠠᠨ ᠨᠠᠮᠴᠢ ᠴᠢᠨᠠᠷ ᠤᠨ ᠠᠰᠠᠭᠤᠳᠠᠯ᠂ ᠤᠯᠤᠰ ᠲᠥᠷᠥ ᠶᠢᠨ ᠠᠰᠠᠭᠤᠳᠠᠯ ᠮᠥᠨ᠃ ᠶᠡᠷᠦᠩᠬᠡᠶ ᠱᠦᠵᠢ ᠱᠢ ᠶᠢᠨ ᠫᠢᠩ ᠭᠦᠨᠵᠡᠭᠡᠶ ᠵᠢᠭᠠᠵᠤ ᠭᠠᠷᠭᠠᠭᠰᠠᠨ ᠨᠢ᠂ ᠨᠠᠮ ᠤᠨ ᠰᠤᠷᠲᠠᠯ ᠪᠣᠯ ᠳᠠᠷᠤᠶ ᠨᠠᠮ ᠤᠨ ᠳᠦᠷᠢ ᠲᠥᠷᠬᠦ ᠮᠥᠨ᠂ ᠲᠡᠷᠡ ᠨᠢ ᠬᠥᠮᠦᠨ ᠤ ᠰᠡᠳᠬᠢᠯ ᠤᠨ ᠬᠠᠨᠳᠤᠰᠢ ᠳᠤ ᠬᠤᠯᠪᠣᠭᠳᠠᠵᠤ᠂ ᠨᠠᠮ ᠤᠨ ᠮᠠᠨᠳᠤᠵᠤ ᠮᠥᠬᠦᠬᠦ ᠲᠠᠢ ᠬᠤᠯᠪᠣᠭᠳᠠᠵᠤ ᠪᠠᠶᠢᠳᠠᠭ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠨᠢ ︽ᠬᠤᠣᠰ ᠵᠠᠭᠤᠨ ᠵᠢᠯ︾ ᠤᠨ ᠲᠡᠦᠬᠡ ᠶᠢᠨ ᠠᠭᠤᠯᠵᠠᠷ ᠴᠡᠭ ᠲᠤ ᠵᠣᠭᠰᠣᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠳᠤ ᠲᠤᠤᠱᠯᠠᠭᠳᠠᠵᠤ ᠪᠠᠶᠢᠭ᠎ᠠ ᠢᠯᠡ ᠲᠣᠳᠣ ᠭᠤᠣᠯ ᠰᠡᠳᠦᠪ ᠪᠣᠯᠤᠨ ᠡᠭᠦᠳᠦᠨ ᠪᠦᠲᠦᠭᠡᠭᠰᠡᠨ ᠠᠭᠤᠤ ᠶᠡᠭᠡ ᠠᠮᠵᠢᠯᠲᠠ ᠶᠢ ᠭᠦᠨᠵᠡᠭᠡᠢ ᠡᠵᠡᠮᠳᠡᠵᠦ᠂ ᠰᠢᠨ᠎ᠡ ᠴᠠᠭ ᠦᠶ᠎ᠡ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠤᠷᠲᠠᠯ ᠤᠨ ᠪᠠᠶᠢᠭᠤᠯᠤᠯᠲᠠ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠡᠷᠬᠡᠪᠰᠢ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠦᠨᠡᠨᠴᠢ ᠰᠢᠳᠤᠷᠭᠤ ᠪᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ᠦᠨᠡᠨᠴᠢ ᠰᠢᠳᠤᠷᠭᠤ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠥᠯᠢᠭᠡᠷ ᠳᠠᠭᠤᠷᠢᠶᠠᠯ ᠪᠣᠯᠵᠣ᠂ ᠢᠮᠠᠭᠲᠠ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠢᠮᠠᠭᠲᠠ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢᠨ ᠦᠯᠢᠭᠡᠷ ᠳᠠᠭᠤᠷᠢᠶᠠᠯ ᠪᠤᠯᠵᠤ᠂ ᠬᠠᠷᠢᠭᠤᠴᠠᠯᠭ᠎ᠠ ᠪᠠᠨ ᠮᠡᠳᠡᠵᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠰᠠᠬᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠷᠢ ᠪᠣᠯᠤᠨ ᠠᠵᠢᠯ ᠤᠨ ᠪᠠᠶᠢᠷᠢ ᠶᠢᠨ ᠬᠤᠪᠢᠷᠠᠯᠲᠠ ᠳᠤ ᠠᠯᠢ ᠲᠦᠷᠭᠡᠨ ᠢᠶᠠᠷ ᠵᠣᠬᠢᠴᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠮᠦᠨ᠎ᠡ ᠹᠷᠣᠨᠲ ᠲᠤ ᠣᠷᠣᠯᠴᠠᠬᠤ ᠬᠡᠷᠡᠭᠲᠡᠢ︔ ᠡᠷᠬᠡᠪᠰᠢ ᠰᠡᠳᠬᠢᠯ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠢᠮᠠᠭᠲᠠ ᠠᠷᠠᠳ ᠲᠦᠮᠡᠨ ᠳᠤ ᠦᠢᠯᠡᠴᠢᠯᠡᠬᠦ ᠦᠯᠢᠭᠡᠷ ᠳᠠᠭᠤᠷᠢᠶᠠᠯ ᠪᠤᠯᠵᠤ᠂ ᠤᠯᠠᠨ ᠲᠦᠮᠡᠨ ᠤ ᠬᠦᠰᠡᠵᠦ ᠪᠠᠶᠢᠭ᠎ᠠ ᠵᠦᠢᠯ ᠪᠠ ᠠᠵᠤ ᠠᠬᠤᠶᠢᠯᠠᠯ ᠤᠨ ᠬᠡᠷᠡᠭᠴᠡᠭᠡ ᠶᠢ ᠪᠦᠬᠦ ᠲᠠᠯ᠎ᠠ ᠪᠠᠷ ᠡᠵᠡᠮᠰᠢᠵᠦ ᠂ ᠦᠨᠡᠨ ᠬᠦ ᠪᠣᠳᠠᠲᠤ ᠠᠰᠠᠭᠤᠳᠠᠯ ᠤᠨ ᠲᠠᠯ᠎ᠠ ᠠᠴᠠ ᠬᠦᠴᠦ ᠣᠷᠣᠭᠤᠯᠵᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠷ᠎ᠡ ᠪᠦᠲᠦᠮᠵᠢ ᠶᠢ ᠠᠳᠬᠤᠬᠤ ᠬᠡᠷᠡᠭᠲᠡᠢ︔ ᠡᠷᠬᠡᠪᠰᠢ ᠴᠥᠬᠦᠷᠡᠰᠢ ᠦᠭᠡᠢ ᠴᠢᠷᠮᠠᠶᠢᠨ ᠰᠤᠷᠤᠯᠴᠠᠵᠤ ᠂ ᠢᠮᠠᠭᠲᠠ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠦᠯᠢᠭᠡᠷ ᠳᠠᠭᠤᠷᠢᠶᠠᠯ ᠪᠤᠯᠵᠤ᠂ ᠰᠤᠷᠤᠯᠴᠠᠬᠤ ᠶᠢ ᠨᠢᠭᠡ ᠵᠦᠢᠯ ᠤᠨ ᠤᠯᠤᠰ ᠲᠦᠷᠦ ᠶᠢᠨ ᠬᠠᠷᠢᠭᠤᠴᠠᠯᠭ᠎ᠠ᠂ ᠨᠢᠭᠡ ᠵᠦᠢᠯ ᠤᠨ ᠤᠶᠤᠨ ᠰᠠᠨᠠᠭᠠᠨ ᠤ ᠬᠥᠭᠡᠭᠡᠴᠡᠯᠳᠦᠯ᠂ ᠨᠢᠭᠡ ᠵᠦᠢᠯ ᠤᠨ ᠠᠮᠢᠳᠤᠷᠠᠬᠤᠢ ᠶᠢᠨ ᠣᠪᠣᠷ ᠪᠣᠯᠭᠠᠬᠤ ᠪᠠᠷ ᠴᠢᠷᠮᠠᠶᠢᠬᠤ ᠬᠡᠷᠡᠭᠲᠡᠢ︔ ᠡᠷᠬᠡᠪᠰᠢ ᠪᠦᠯᠬᠦᠮᠳᠡᠨ ᠬᠠᠮᠵᠢᠯᠴᠠᠵᠤ ᠪᠠᠶᠢᠭᠠᠳ ᠶᠡᠭᠡ ᠲᠠᠯ᠎ᠠ ᠶᠢ ᠬᠠᠷᠠᠭᠠᠯᠵᠠᠵᠤ᠂ ᠢᠮᠠᠭᠲᠠ ᠬᠠᠮᠲᠤ ᠪᠠᠷ ᠠᠳᠠᠯ ᠦᠢᠯᠡᠰ ᠪᠦᠲᠦᠭᠡᠬᠦ ᠶᠢᠨ ᠦᠯᠢᠭᠡᠷ ᠳᠠᠭᠤᠷᠢᠶᠠᠯ ᠪᠤᠯᠵᠤ᠂ ᠪᠦᠯᠬᠦᠮᠳᠡᠯ ᠢ ᠡᠷᠬᠢᠮᠯᠡᠨ᠂ ᠲᠥᠪ ᠰᠤᠷᠲᠠᠯ ᠢ ᠡᠷᠬᠢᠮᠯᠡᠵᠦ᠂ ᠶᠡᠭᠡ ᠪᠠᠶᠢᠳᠠᠯ ᠢ ᠲᠠᠨᠢᠵᠤ᠂ ᠶᠡᠭᠡ ᠲᠠᠯ᠎ᠠ ᠶᠢ ᠬᠠᠷᠠᠭᠠᠯᠵᠠᠵᠤ᠂ ᠨᠢᠭᠲᠠᠷᠠᠨ ᠪᠦᠯᠬᠦᠮᠳᠡᠵᠦ᠂ ᠡᠷᠴᠢ ᠵᠣᠷᠢᠭ ᠢ ᠪᠦᠷᠢᠯᠳᠦᠭᠦᠯᠦᠨ᠂ ᠠᠵᠢᠯ ᠢᠶᠠᠨ ᠬᠠᠮᠲᠤ ᠪᠠᠷ ᠲᠦᠯᠬᠢᠨ ᠤᠷᠤᠭᠰᠢᠯᠠᠭᠤᠯᠬᠤ ᠬᠡᠷᠡᠭᠲᠡᠶ︔ ᠡᠷᠬᠡᠪᠰᠢ ᠠᠷᠢᠭᠤᠨ ᠴᠢᠬᠡᠴᠢ ᠪᠠᠷ ᠶᠣᠰᠣ ᠲᠦᠷᠢᠮ ᠢ ᠰᠠᠬᠢᠵᠤ᠂ ᠢᠮᠠᠭᠲᠠ ᠪᠡᠶ᠎ᠡ ᠪᠠᠨ ᠴᠢᠩᠭ᠎ᠠ ᠱᠠᠭᠠᠷᠳᠠᠬᠤ ᠦᠯᠢᠭᠡᠷ ᠳᠠᠭᠤᠷᠢᠶᠠᠯ ᠪᠤᠯᠵᠤ᠂ ᠲᠦᠷᠦᠭᠦᠯᠡᠨ ᠰᠠᠬᠢᠯᠭ᠎ᠠ ᠪᠠᠲᠤ ᠶᠢ ᠪᠢᠰᠢᠷᠡᠨ ᠵᠢᠷᠦᠬᠡᠰᠢᠶᠡᠵᠦ᠂ ᠰᠠᠬᠢᠯᠭ᠎ᠠ ᠪᠠᠲᠤ ᠶᠢ ᠰᠠᠬᠢᠵᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ᠂ ᠲᠦᠷᠦᠭᠦᠯᠡᠨ ᠪᠡᠶ᠎ᠡ ᠪᠠᠨ ᠴᠢᠩᠭ᠎ᠠ ᠵᠠᠰᠠᠵᠤ᠂ ᠡᠷᠬᠡ ᠪᠠᠨ ᠴᠢᠩᠭ᠎ᠠ ᠬᠡᠷᠡᠭᠯᠡᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠨᠢᠭᠡᠨ ᠡᠪ ᠬᠠᠮᠲᠤ ᠨᠠᠮ ᠤᠨ ᠭᠡᠰᠢᠭᠦᠨ ᠪᠠ ᠤᠳᠤᠷᠢᠳᠬᠤ ᠺᠠᠳ᠋ᠷ ᠤᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠬᠡᠪ ᠰᠤᠷᠲᠠᠯ ᠢᠶᠠᠷ᠂ ᠤᠴᠢᠷ ᠶᠠᠪᠤᠳᠠᠯ ᠢ ᠪᠣᠳᠣᠯᠬᠢᠯᠠᠬᠤ᠂ ᠠᠵᠢᠯ ᠶᠠᠪᠤᠳᠠᠯ ᠬᠢᠬᠦ᠂ ᠤᠴᠢᠷ ᠶᠠᠪᠤᠳᠠᠯ ᠢ ᠪᠦᠲᠦᠭᠡᠬᠦ ᠡᠷᠡᠰ ᠴᠢᠩᠭ᠎ᠠ ᠠᠵᠢᠯᠯᠠᠭ᠎ᠠ ᠪᠠᠷ ᠢᠶᠠᠨ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠳᠦᠷᠢ ᠲᠥᠷᠬᠦ ᠶᠢ ᠪᠣᠶ ᠪᠣᠯᠭᠠᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠡᠶ᠃      ᠬᠤᠰᠢᠭᠤᠨ ᠤ ᠤᠳᠤᠷᠢᠳᠤᠯᠭ᠎ᠠ ᠵᠢᠶᠠ ᠶᠢᠨ ᠹᠧᠩ᠂ ᠴᠧᠨ ᠰᠢ ᠯᠧ ᠪᠣᠯᠤᠨ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠮᠠᠨ ᠤ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号