ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠰᠢᠭᠤᠨ ᠳᠤ ᠰᠠᠭᠤᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠤᠷᠠᠯ ᠠᠴᠠ ᠡᠮᠦᠨ᠎ᠡ ᠲᠥᠪᠯᠡᠷᠡᠭᠦᠯᠦᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/1/24
     ᠬᠤᠰᠢᠭᠤᠨ ᠳᠤ ᠰᠠᠭᠤᠭ᠎ᠠ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠬᠤᠷᠠᠯᠳᠤᠬᠤ ᠠᠴᠠ ᠡᠮᠦᠨ᠎ᠡ ᠪᠥᠬᠦ ᠬᠤᠲᠠ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠤᠯᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠨᠠᠩ ᠰᠠᠶᠢᠨ ᠭᠦᠢᠴᠡᠳᠬᠡᠬᠦ ᠳᠤ ᠪᠡᠯᠡᠳᠬᠡᠯ ᠬᠢᠬᠦ ᠶᠢᠨ ᠲᠥᠯᠥᠭᠡ᠂ 1 ᠰᠠᠷ᠎ᠠ ᠶᠢᠨ 21 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠤᠰᠢᠭᠤᠨ ᠳᠤ ᠰᠠᠭᠤᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠤᠷᠠᠯ ᠠᠴᠠ ᠡᠮᠦᠨ᠎ᠡ ᠲᠥᠪᠯᠡᠷᠡᠭᠦᠯᠦᠨ ᠪᠠᠶᠢᠴᠠᠭᠠᠨ ᠦᠵᠡᠪᠡ᠃      ᠲᠥᠯᠥᠭᠡᠯᠡᠭᠴᠢᠳ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠨᠠᠷᠢᠮᠤ ᠶᠢᠨ ᠰᠢᠩᠭᠡᠨ ᠰᠦ ᠶᠢᠨ ᠦᠢᠯᠡᠳᠪᠦᠷᠢ᠂ ᠰᠦ ᠶᠢᠨ ᠲᠠᠯᠬ᠎ᠠ ᠶᠢᠨ ᠦᠢᠯᠡᠳᠪᠦᠷᠢ ᠪᠣᠯᠤᠨ ᠠᠯᠲᠠᠨ ᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠦᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠲᠥᠯᠥᠭᠡᠯᠡᠭᠴᠢᠳ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠪᠠᠶᠢᠴᠠᠭᠠᠨ ᠦᠵᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃      ᠲᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠠᠵᠢᠯᠲᠠᠳ ᠮᠡᠳᠡᠭᠦᠯᠦᠯᠲᠡ ᠶᠢ ᠬᠢᠨᠠᠨ ᠵᠥᠪᠯᠡᠬᠦ ᠠᠷᠭ᠎ᠠ᠂ ᠲᠥᠯᠥᠭᠡᠯᠡᠭᠴᠢᠳ ᠤᠨ ᠵᠥᠪᠯᠡᠯᠭᠡ ᠪᠠ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠪᠢᠴᠢᠬᠦ ᠠᠷᠭ᠎ᠠ᠂ ︽ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠵᠢᠴᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ︾ ᠢ ᠬᠡᠷᠡᠭᠯᠡᠬᠦ ᠠᠷᠭ᠎ᠠ ᠵᠡᠷᠭᠡ ᠠᠭᠤᠯᠭ᠎ᠠ ᠶᠢᠨ ᠲᠠᠯ᠎ᠠ ᠪᠠᠷ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ ᠪᠣᠯᠪᠠᠰᠤᠷᠠᠯ ᠬᠦᠷᠲᠡᠭᠡᠪᠡ᠃      ᠬᠤᠷᠠᠯ ᠠᠴᠠ᠂ ᠬᠤᠰᠢᠭᠤᠨ ᠳᠤ ᠰᠠᠭᠤᠭ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠯᠤᠰ ᠲᠦᠷᠦ ᠶᠢᠨ ᠤᠬᠠᠮᠰᠠᠷ ᠢᠶᠠᠨ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠱᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠪᠠᠨ ᠲᠠᠰᠤᠷᠠᠯᠳᠡ ᠦᠭᠡᠢ ᠴᠢᠩᠭᠠᠳᠬᠠᠵᠤ᠂ ᠲᠤᠭ ᠳᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠡᠷᠬᠡ ᠶᠢ ᠰᠠᠶᠢᠲᠤᠷ ᠬᠡᠷᠡᠭᠯᠡᠵᠦ᠂ ᠵᠥᠪ ᠣᠨᠣᠪᠴᠢᠲᠠᠢ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠪᠦᠬᠦ ᠬᠤᠳᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠤᠪᠤᠶᠢᠮ᠎ᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠷᠠᠳ ᠤᠯᠠᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠤᠯᠠᠨ ᠳᠤ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠲᠠᠯ᠎ᠠ ᠪᠠᠷ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠮᠵᠢᠨ ᠠᠷᠠᠳ ᠤᠯᠠᠨ ᠳᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠦᠭᠦᠭᠡ ᠲᠠᠯ᠎ᠠ ᠪᠠᠷ ᠠᠷᠠᠳ ᠤᠯᠠᠨ ᠯᠤᠭ᠎ᠠ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠤᠯᠠᠨ ᠲᠦᠮᠡᠨ ᠲᠠᠢ ᠨᠡᠩ ᠰᠠᠶᠢᠨ ᠣᠶᠢᠷᠠᠲᠤᠵᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠡᠷᠭᠢᠯᠡᠭᠴᠢ ᠵᠢᠶᠠ ᠶᠢᠨ ᠹᠧᠩ᠂ ᠳᠡᠳ᠋ ᠡᠷᠭᠢᠯᠡᠭᠴᠢ ᠯᠢᠦ ᡁᠢ ᠴᠢᠶᠠᠩ᠂ ᠨᠡᠬᠡᠬᠡᠯᠲᠡ ᠶᠢᠨ ᠲᠣᠭᠤᠷᠢᠭ ᠤᠨ ᠤᠳᠤᠷᠢᠳᠤᠯᠭ᠎ᠠ ᠯᠢ ᠷᠦᠢ ᠪᠢᠶᠣᠤ ᠠᠵᠢᠯ ᠪᠠᠶᠢᠴᠠᠭᠠᠬᠤ ᠳᠤ ᠣᠷᠣᠯᠴᠠᠪᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号