2021 ᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/1/26
               ᠬᠦᠬᠡᠬᠤᠲᠠ ᠵᠠᠰᠠᠭ ᠲᠠᠷᠬᠠᠭᠠᠭᠰᠠᠨ ︹2022︺ 11 ᠳ᠋ᠤᠭᠡᠷ ᠲᠤᠭᠠᠲᠤ                2022 ᠣᠨ ᠤ 1 ᠰᠠᠷ᠎ᠠ ᠶᠢᠨ 19 ᠤ ᠡᠳᠦᠷ    2021 ᠣᠨ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠭᠠᠳ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠢᠳᠡᠪᠬᠢᠲᠡᠶ ᠦᠷ᠎ᠡ ᠪᠦᠲᠦᠮᠵᠢ ᠤᠯᠪᠠ᠃ ᠶᠡᠭᠡ ᠬᠤᠳᠠᠯᠳᠤᠭᠠᠨ ᠤ ᠳᠡᠯᠭᠡᠭᠦᠷ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ︽12345︾ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ᠂ 2021 ᠣᠨ ᠤ ᠥᠪᠥᠷ ᠮᠣᠩᠭᠤᠯ ᠤᠨ ︽ᠠᠷᠪᠠᠨ ᠶᠡᠭᠡ ᠬᠠᠤᠯᠢ ᠪᠠᠷ ᠵᠠᠰᠠᠬᠤ ᠬᠡᠷᠡᠭ︾ ᠢᠶᠠᠷ ᠦᠨᠡᠯᠡᠨ ᠰᠣᠩᠭᠤᠭᠳᠠᠪᠠ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠃    ᠨᠢᠭᠡ᠂ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ    ︵ᠨᠢᠭᠡ︶ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠪᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠲᠦᠷᠦᠭᠦᠯᠡᠨ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭᠠᠨ ᠤ ᠦᠨᠡᠨᠴᠢ ᠰᠢᠲᠦᠭᠴᠢ᠂ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠤᠯᠪᠠ᠃ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠵᠤ ᠰᠡᠳᠭᠢᠵᠦ ᠬᠡᠷᠡᠭᠯᠡᠬᠦ ᠶᠢ ᠬᠤᠯᠪᠤᠭᠳᠠᠭᠤᠯᠵᠤ᠂ ᠤᠶᠢᠯᠠᠭᠠᠵᠤ ᠢᠲᠡᠭᠡᠵᠦ ᠠᠵᠢᠯᠯᠠᠬᠤ ᠶᠢ ᠨᠢᠭᠡᠳᠭᠡᠬᠦ ᠳᠡᠭᠡᠷ᠎ᠡ ᠦᠷᠬᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠦᠨᠡᠨᠬᠦ ᠲᠠᠰᠤᠷᠠᠯᠳᠡ ᠦᠭᠡᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠪᠠ᠃ ᠪᠦᠬᠦ ᠬᠤᠳᠠ ᠶᠢᠨ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠶᠢ ᠬᠠᠯᠠᠭᠤᠨ ᠢᠶᠠᠷ ᠦᠷᠨᠢᠭᠦᠯᠵᠦ᠂ ᠲᠤᠰᠬᠠᠢ ᠰᠡᠳᠦᠪᠲᠦ ᠰᠤᠷᠤᠯᠴᠠᠯᠭ᠎ᠠ ᠤᠬᠠᠭᠤᠯᠤᠨ ᠲᠠᠶᠢᠯᠪᠤᠷᠢᠯᠠᠯᠲᠠ ᠶᠢ 540 ᠭᠠᠷᠤᠢ ᠤᠳᠠᠭ᠎ᠠ ᠵᠣᠬᠢᠶᠠᠨ ᠪᠠᠶᠢᠭᠤᠯᠵᠤ ᠥᠷᠨᠢᠭᠦᠯᠪᠡ᠃    ︵ᠬᠤᠶᠠᠷ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ ᠶᠣᠰᠣᠭᠠᠷ ᠠᠬᠢᠭᠤᠯᠪᠠ᠃ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠶ ᠪᠥᠭᠡᠳ ᠬᠦᠴᠦᠲᠡᠶ ᠠᠷᠭ᠎ᠠ ᠬᠡᠮᠵᠢᠶ᠎ᠡ ᠠᠪᠴᠤ᠂ 10 ᠳ᠋ᠤᠭᠠᠷ ᠰᠠᠷ᠎ᠠ ᠶᠢᠨ ᠬᠤᠷᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠨ ᠤ ᠢᠯᠠᠯᠲᠠ ᠶᠢ ᠤᠯᠪᠠ᠃ ᠡᠳ᠋ ᠪᠠᠷᠠᠭ᠎ᠠ ᠶᠢ ᠪᠤᠴᠠᠵᠤ ᠮᠦᠷᠳᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠪᠡ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠪᠠᠷᠠᠭᠠᠨ ᠤ ᠦᠨ᠎ᠡ ᠶᠢ ᠲᠦᠷᠭᠢᠯᠳᠦᠨ ᠥᠰᠬᠡᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ 84 ᠬᠡᠷᠡᠭ ᠢ ᠰᠢᠢᠳᠪᠦᠷᠢᠯᠡᠵᠦ ᠳᠠᠭᠤᠰᠬᠠᠪᠠ᠃    ︵ᠭᠤᠷᠪᠠ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠪᠠᠷᠢᠬᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠪᠡ᠃ ︽ᠬᠥᠬᠡᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠦᠷᠢᠮ︾ ᠵᠡᠷᠭᠡ 8 ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠢ ᠲᠤᠭᠲᠠᠭᠠᠬᠤ ᠪᠤᠶᠤ ᠵᠠᠰᠠᠪᠤᠷᠢ ᠣᠷᠣᠭᠤᠯᠵᠤ᠂ 9 ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠲᠠᠭᠠᠬᠤ ᠪᠤᠶᠤ ᠬᠦᠴᠦᠨ ᠥᠬᠡᠶ ᠪᠣᠯᠭᠠᠪᠠ᠃ ᠬᠤᠳᠠ ᠶᠢᠨ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢ 3 ᠪᠠᠶᠢᠭᠤᠯᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ᠂ ᠢᠷᠭᠡᠨ ᠤ ᠬᠠᠤᠯᠢ ᠶᠢᠨ ᠪᠢᠴᠢᠭ᠂ ᠨᠡᠭᠦᠷᠡᠰᠦᠨ ᠤ ᠡᠬᠢ ᠪᠠᠶᠠᠯᠢᠭ ᠤᠨ ᠲᠠᠯ᠎ᠠ ᠳᠤ ᠬᠤᠯᠪᠣᠭᠳᠠᠭᠰᠠᠨ 59 ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠢ ᠡᠮᠬᠢᠯᠡᠨ ᠴᠡᠪᠡᠷᠯᠡᠵᠦ᠂ 40 ᠳᠤ ᠵᠠᠰᠠᠪᠤᠷᠢ ᠤᠷᠤᠭᠤᠯᠵᠤ᠂ 6 ᠶᠢ ᠨᠢ ᠬᠦᠴᠦᠨ ᠦᠭᠡᠢ ᠪᠤᠯᠤᠭᠰᠠᠨ ᠢᠶᠠᠷ ᠲᠤᠭᠲᠠᠪᠠ︔ 44 ᠵᠠᠰᠠᠭ ᠤᠨ ᠣᠷᠳᠣᠨ ᠤ ᠲᠦᠷᠢᠮ ᠲᠣᠭᠲᠠᠭᠠᠯ ᠠᠴᠠ 7 ᠶᠢ ᠨᠢ ᠬᠦᠴᠦᠨ ᠥᠬᠡᠶ ᠪᠣᠯᠭᠠᠬᠤ ᠪᠠᠷ ᠲᠣᠭᠲᠠᠭᠠᠪᠠ︔ 202 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠠᠴᠠ 20 ᠳᠤ ᠨᠢ ᠵᠠᠰᠠᠪᠤᠷᠢ ᠤᠷᠤᠭᠤᠯᠵᠤ᠂ 39 ᠶᠢ ᠨᠢ ᠬᠦᠴᠦᠨ ᠥᠭᠡᠢ ᠪᠣᠯᠭᠠᠵᠤ᠂ 24 ᠨᠢ ᠬᠦᠴᠦᠨ ᠥᠭᠡᠢ ᠪᠤᠯᠤᠭᠰᠠᠨ ᠢᠶᠠᠷ ᠲᠤᠭᠲᠠᠪᠠ᠃    ︵ᠳᠥᠷᠪᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠥᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠪᠡ᠃ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠣᠭᠲᠠᠭᠠᠯ︾ ᠢ ᠨᠡᠶᠢᠲᠡᠯᠡᠵᠦ᠂ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ 9 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠡᠷᠬᠡ ᠶᠢᠨ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠤᠳᠠ ᠶᠢᠨ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ 5009 ᠵᠦᠢᠯ ᠢ ᠨᠠᠶᠢᠷᠠᠭᠤᠯᠤᠨ ᠨᠡᠶᠢᠲᠡᠯᠡᠪᠡ᠃ ︽ᠭᠡᠷᠡᠴᠢ ᠶᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠠᠷᠴᠠᠭ ᠢ ᠢᠯᠡ ᠪᠠᠷ ᠨᠡᠶᠢᠲᠡᠯᠡᠵᠦ᠂ 34 ᠵᠦᠢᠯ ᠤᠨ ᠭᠡᠷᠡᠴᠢ ᠶᠢ ᠠᠵᠤ ᠠᠬᠤᠶᠢᠯᠠᠯ ᠣᠯᠠᠨ ᠲᠦᠮᠡᠨ ᠠᠴᠠ ᠭᠠᠷᠭᠠᠵᠤ ᠥᠭᠬᠦ ᠶᠢ ᠳᠠᠭᠢᠵᠤ ᠱᠠᠭᠠᠷᠳᠠᠬᠤ ᠥᠬᠡᠶ ᠪᠣᠯᠪᠠ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠶᠠᠪᠤᠴᠠ ᠶᠢᠨ ᠬᠢᠨᠠᠨ ᠵᠥᠪᠰᠢᠶᠡᠷᠡᠬᠦ ᠵᠦᠢᠯᠡᠰ ᠢ 52 ᠵᠦᠢᠯ ᠪᠣᠯᠭᠠᠨ ᠴᠦᠬᠡᠳᠭᠡᠪᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠠ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠰᠤᠭᠤᠴᠢᠨ ᠪᠠᠶᠢᠴᠠᠭᠠᠭᠰᠠᠨ ᠠᠵᠤ ᠠᠬᠤᠶᠢᠯᠠᠯ ᠤᠨ ᠲᠤᠭ᠎ᠠ ᠨᠢ ᠠᠵᠤ ᠠᠬᠤᠶᠢᠯᠠᠯ ᠤᠨ ᠶᠡᠷᠦᠩᠬᠡᠶ ᠲᠣᠭᠠᠨ ᠤ 3% ᠶᠢ ᠡᠵᠡᠯᠡᠵᠦ᠂ ᠦᠷ᠎ᠡ ᠳ᠋ᠦᠩ ᠢ ᠢᠯᠡ ᠨᠡᠶᠢᠲᠡᠯᠡᠭᠰᠡᠨ ᠨᠣᠷᠮ᠎ᠠ ᠶᠢ 100% ᠬᠦᠷᠭᠡᠪᠡ᠃ ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ︽ᠤᠯᠠᠨ ᠳᠤ ᠪᠠᠨ ᠨᠢᠭᠡ ᠤᠳᠠᠭ᠎ᠠ ᠭᠦᠶᠦᠬᠦ︾ ᠬᠠᠷᠢᠴᠠᠯ ᠨᠢ 99.06% ᠶᠢ ᠳᠠᠪᠠᠵᠤ᠂ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠵᠦᠢᠯᠡᠰ 97.17% ᠶᠢ ᠳᠠᠪᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠠᠨᠤᠮᠵᠢ ᠶᠢᠨ ᠨᠣᠷᠮ᠎ᠠ 99.99% ᠳᠤ ᠬᠥᠷᠪᠡ᠃ ︽12345︾ ︵ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠶ ᠰᠢᠢᠳᠪᠦᠷᠢᠯᠡᠬᠦ︶ ᠶᠢᠨ ᠬᠠᠯᠠᠮᠰᠢᠯ ᠤᠲᠠᠰᠤᠨ ᠤ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠡᠯ᠎ᠡ ᠲᠦᠷᠦᠯ ᠤᠨ ᠪᠠᠴᠢᠮ ᠪᠤᠰᠤ ᠬᠠᠯᠠᠮᠰᠢᠯ ᠤᠲᠠᠰᠤ 58 ᠶᠢ ᠡᠮᠬᠢᠯᠡᠨ ᠨᠡᠶᠢᠯᠡᠭᠦᠯᠵᠦ᠂ ᠡᠯ᠎ᠡ ᠲᠦᠷᠦᠯ ᠤᠨ ᠤᠴᠢᠷ ᠶᠠᠪᠤᠳᠠᠯ ᠢ 97 ᠲᠦᠮᠡ ᠭᠠᠷᠤᠶ ᠰᠢᠢᠳᠪᠦᠷᠢᠯᠡᠪᠡ᠃    ︵ᠲᠠᠪᠤ︶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠢ ᠨᠠᠷᠢᠨ ᠬᠢᠨᠠᠮᠠᠭᠠᠶ ᠲᠤᠭᠤᠰᠢᠯᠠᠭᠤᠯᠤᠨ᠂ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ ᠪᠠᠷᠢᠮᠵᠢᠶ᠎ᠠ︾ ᠶᠢ ᠲᠣᠭᠲᠠᠭᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠪᠠ᠃ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠲᠣᠰ ᠱᠠᠲᠤᠨ ᠤ 25 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ 46 ᠭᠡᠷ᠎ᠡ ᠬᠡᠯᠡᠯᠴᠡᠭᠡᠷ᠂ 192 ᠵᠢᠭᠠᠪᠤᠷᠢ ᠠᠪᠬᠤ ᠮᠡᠳᠡᠭᠦᠯᠦᠯᠲᠡ ᠶᠢᠨ ᠲᠥᠷᠥᠯ ᠤᠨ ᠪᠢᠴᠢᠭ ᠮᠠᠲ᠋ᠧᠷᠢᠶᠠᠯ᠂ 19 ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ᠂ 172 ᠪᠤᠰᠤᠳ ᠪᠢᠴᠢᠭ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠠ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ 19 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠪᠠ᠃    ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠵᠠᠮ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ 15 ᠭᠤᠣᠯᠳᠠᠯᠭ᠎ᠠ ᠲᠠᠢ ᠬᠦᠷᠢᠶᠡᠨ ᠳᠤ ︽ᠬᠦᠷᠢᠶ᠎ᠡ ᠴᠠᠷᠠᠭ᠎ᠠ ᠳᠤ ᠨᠢᠭᠡ ᠡᠩᠨᠡᠭᠡ ᠬᠠᠤᠯᠢ ᠬᠡᠷᠡᠭᠵᠢᠭᠦᠯᠬᠦ ᠶᠢ ᠬᠠᠮᠢᠶᠠᠷᠬᠤ︾  ᠶᠢ ᠦᠨᠳᠦᠰᠦᠨ ᠳᠡᠭᠡᠨ ᠪᠡᠶᠡᠯᠡᠭᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠲᠥᠪᠯᠡᠷᠡᠭᠦᠯᠦᠨ ᠵᠤᠬᠢᠶᠠᠨ ᠪᠠᠶᠢᠭᠤᠯᠤᠨ ᠦᠨᠡᠯᠡᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠢᠭᠡᠳ ᠪᠠᠶᠢᠴᠠᠭᠠᠬᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ︽ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠬᠢᠭᠡᠳ ᠵᠠᠰᠠᠭ ᠵᠠᠬᠢᠷᠭᠠᠨ ᠤ ᠬᠢᠨᠠᠯᠲᠠ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ︵ᠲᠤᠯᠤᠭ᠎ᠠ︶ ᠵᠠᠰᠠᠭ ᠵᠠᠬᠢᠷᠭᠠᠨ ᠤ ᠡᠷᠬᠡ ᠶᠢᠨ ᠳᠣᠲᠣᠷ᠎ᠠ ᠭᠠᠳᠠᠨᠠᠬᠢ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠶᠢᠨ ᠵᠠᠰᠠᠭ ᠤᠨ ᠣᠷᠳᠣᠨ ᠠᠴᠠ ᠪᠦᠬᠦ ᠵᠢᠯ ᠳᠤ 370 ᠬᠤᠪᠢ ᠬᠤᠲᠠ ᠶᠢᠨ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ᠂ 427 ᠬᠤᠪᠢ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠵᠦᠪᠯᠡᠯᠭᠡ ᠶᠢ ᠰᠢᠢᠳᠪᠦᠷᠢᠯᠡᠪᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠦᠪᠯᠡᠯ ᠢ ᠪᠠᠶᠢᠭᠤᠯᠤᠨ᠂ ︽ᠨᠢᠭᠡ ᠱᠠᠲᠤᠨ ᠤ ᠵᠠᠰᠠᠭ ᠤᠨ ᠣᠷᠳᠣᠨ ᠳᠤ ᠵᠦᠪᠬᠡᠨ ᠨᠢᠭᠡ ᠯᠡ ᠳᠠᠬᠢᠨ ᠵᠥᠪᠯᠡᠬᠦ ᠪᠠᠶᠢᠭᠤᠯᠭ᠎ᠠ ᠪᠠᠶᠢᠭᠤᠯᠬᠤ︾ ᠬᠠᠷᠠᠯᠲᠠ ᠶᠢ ᠪᠡᠶᠡᠯᠡᠭᠦᠯᠵᠦ᠂ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ 285 ᠬᠤᠪᠢ ᠭᠤᠶᠤᠴᠢᠯᠠᠯ ᠢ ᠭᠥᠯᠢᠶᠡᠨ ᠠᠪᠴᠤ᠂ 192 ᠬᠤᠪᠢ ᠭᠤᠶᠤᠴᠢᠯᠠᠯ ᠢ ᠰᠢᠭᠦᠨ ᠳᠠᠭᠤᠰᠬᠠᠵᠤ᠂ 37 ᠬᠤᠪᠢ ᠶᠢ ᠬᠦᠴᠦᠨ ᠥᠬᠡᠶ ᠪᠣᠯᠭᠠᠭᠰᠠᠨ ᠪᠤᠶᠤ ᠬᠠᠤᠯᠢ ᠶᠢ ᠵᠥᠷᠢᠴᠡᠭᠰᠡᠨ ᠢᠶᠠᠷ ᠨᠤᠲᠠᠯᠠᠵᠤ᠂ 76 ᠬᠤᠪᠢ ᠶᠢ ᠪᠠᠷᠢᠮᠲᠠᠯᠠᠵᠤ᠂ 42 ᠬᠤᠪᠢ ᠶᠢ ᠨᠢ ᠵᠤᠭᠰᠤᠭᠠᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠴᠢᠩᠭᠠᠳᠬᠠᠵᠤ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠠ ︽ᠪᠢᠴᠢᠯ ᠪᠦᠷᠭᠡ ᠸᠢᠴᠠᠲ ᠨᠢᠭᠡ ᠦᠵᠦᠭᠦᠷ︾ ᠢᠶᠠᠷ ᠮᠡᠳᠡᠭᠡ ᠵᠠᠩᠭᠢ 4600 ᠭᠠᠷᠤᠶ ᠨᠡᠶᠢᠲᠡᠯᠡᠪᠡ︔ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠠᠷᠯᠠᠨ ᠮᠡᠳᠡᠭᠳᠡᠬᠦ ᠬᠤᠷᠠᠯ ᠢ 49 ᠤᠳᠠᠭ᠎ᠠ ᠬᠤᠷᠠᠯᠳᠤᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠪᠡ᠃    ︵ᠨᠠᠢᠮᠠ︶ ᠤᠯᠠᠨ ᠡᠰᠢᠴᠢᠯᠡᠭᠰᠡᠨ ᠰᠢᠢᠳᠪᠦᠷᠢᠯᠡᠬᠦ ᠨᠡᠶᠢᠯᠡᠯ ᠬᠦᠴᠦᠨ ᠢ ᠨᠢᠭᠲᠠᠷᠠᠭᠤᠯᠤᠨ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠢᠳᠡᠪᠬᠢᠲᠡᠶ ᠪᠠᠷ ᠰᠢᠢᠳᠪᠦᠷᠢᠯᠡᠪᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠦᠪᠯᠡᠯ ᠪᠠ ᠰᠤᠷᠭᠠᠭᠤᠯᠢ ᠶᠢᠨ ᠬᠦᠷᠢᠶᠡᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠦᠪᠯᠡᠯ ᠢ ᠪᠠᠶᠢᠭᠤᠯᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠡᠶᠡᠳᠡᠭᠦᠯᠵᠦ᠂ ᠠᠷᠠᠳ ᠤᠨ ᠡᠶᠡᠳᠡᠭᠦᠯᠭᠡ ᠶᠢᠨ ᠬᠡᠷᠡᠭ ᠢ ᠨᠡᠶᠢᠲᠡ 6202 ᠬᠤᠪᠢ ᠭᠥᠯᠢᠶᠡᠨ ᠠᠪᠴᠤ ᠰᠢᠢᠳᠪᠦᠷᠢᠯᠡᠵᠦ᠂ 6100 ᠬᠤᠪᠢ ᠶᠢ ᠨᠢ ᠠᠮᠵᠢᠯᠲᠠ ᠲᠠᠢ ᠡᠶᠡᠲᠡᠭᠦᠯᠪᠡ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ︽ᠬᠥᠬᠡᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠪᠣᠳᠠᠲᠤ ᠴᠣᠭᠴᠠ᠂ ᠬᠠᠯᠠᠮᠰᠢᠯ ᠤᠲᠠᠰᠤ᠂ ᠲᠣᠤᠷ ᠰᠦᠯᠵᠢᠶ᠎ᠡ ᠵᠡᠷᠭᠡ ᠭᠤᠷᠪᠠᠨ ᠶᠡᠭᠡ ᠲᠠᠪᠴᠠᠩ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 2687 ᠬᠤᠪᠢ ᠬᠦᠯᠢᠶᠡᠨ ᠠᠪᠴᠤ ᠰᠢᠢᠳᠪᠦᠷᠢᠯᠡᠵᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠢ 7282 ᠬᠤᠪᠢ ᠪᠡᠶᠡᠯᠡᠭᠦᠯᠵᠦ᠂ ᠠᠯᠪᠠᠨ ᠭᠡᠷᠡᠴᠢᠯᠡᠭᠡ ᠶᠢᠨ ᠵᠦᠢᠯᠡᠰ ᠢ 85895 ᠬᠤᠪᠢ ᠰᠢᠢᠳᠪᠦᠷᠢᠯᠡᠵᠦ᠂ ᠬᠥᠨᠳᠡᠯᠡᠨ ᠠᠴᠠ ᠲᠠᠰᠤᠯᠬᠤ ᠬᠡᠷᠡᠭ ᠢ 877 ᠬᠤᠪᠢ ᠬᠦᠯᠢᠶᠡᠨ ᠠᠪᠴᠤ ᠰᠢᠢᠳᠪᠦᠷᠢᠯᠡᠪᠡ᠃    ︵ᠶᠢᠰᠦ︶ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠦᠬᠦ ᠲᠠᠯ᠎ᠠ ᠪᠠᠷ ᠡᠬᠢᠯᠡᠭᠦᠯᠵᠦ᠂ ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠪᠡ᠃ ︽ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠶ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠰᠤᠳᠤᠯᠤᠨ ᠲᠣᠭᠲᠠᠭᠠᠪᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠥᠮ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠳᠣᠷᠬᠠᠶ ᠬᠠᠭᠤᠳᠠᠰᠤ ᠶᠢ ᠪᠠᠶᠢᠭᠤᠯᠬᠤ ᠶᠢᠨ ᠬᠠᠮᠲᠤ ᠵᠦᠢᠯ ᠳᠠᠷᠠᠭᠠᠯᠠᠨ ᠨᠠᠶᠢᠳᠠᠪᠤᠷᠢᠵᠢᠭᠤᠯᠪᠠ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠠᠴᠠ 54 ᠤᠳᠠᠭ᠎ᠠ ᠶᠢᠨ ᠬᠠᠤᠯᠢᠵᠢᠯ ᠤᠨ ᠬᠢᠴᠢᠶᠡᠯ ᠤᠷᠤᠪᠠ᠃ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠦᠨᠳᠦᠰᠦᠲᠡᠨ ᠤ ᠪᠦᠯᠬᠦᠮᠳᠡᠯ ᠤᠨ ᠬᠦᠷᠢᠶᠡᠨ ᠳᠠᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠳᠤᠪᠤᠶᠢᠯᠭᠠᠨ ᠰᠠᠶᠢᠲᠤᠷ ᠠᠳᠬᠤᠵᠤ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠢᠶᠠᠷ ᠭᠤᠣᠯ ᠱᠤᠭᠤᠮ ᠪᠣᠯᠭᠠᠭᠰᠠᠨ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠶᠢ 480 ᠤᠳᠠᠭ᠎ᠠ ᠥᠷᠨᠢᠭᠦᠯᠵᠦ᠂ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠳᠤ ᠬᠠᠤᠯᠢ ᠪᠠᠷ ᠵᠠᠰᠠᠬᠤ ᠲᠧᠯᠸᠢᠰ ᠨᠡᠪᠲᠡᠷᠡᠭᠦᠯᠭᠡ ︽ᠬᠠᠥᠯᠢ ᠶᠢᠨ ᠪᠢᠴᠢᠭ ᠢ ᠦᠭᠦᠯᠡᠬᠦᠢ︾ ᠶᠢ ᠨᠡᠭᠡᠭᠡᠪᠡ᠃    ᠬᠤᠶᠠᠷ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ    ᠬᠤᠳᠠ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠪᠠ᠃ ᠨᠢᠭᠡ ᠳᠤ ᠰᠤᠷᠤᠯᠴᠠᠯᠭ᠎ᠠ ᠪᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠪᠠ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ ᠠᠴᠠ ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ᠂ ᠵᠢᠷᠭᠤᠳᠤᠭᠠᠷ ᠪᠦᠬᠦᠳᠠ ᠬᠤᠷᠠᠯ ᠂ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠪᠣᠯᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠳᠠ ᠶᠢᠨ ᠱᠠᠲᠤᠨ ᠤ ᠰᠠᠯᠠᠭ᠎ᠠ ᠮᠥᠴᠢᠷ ᠤᠨ ᠬᠤᠷᠠᠯ ᠠᠴᠠ ᠡᠮᠦᠨ᠎ᠡ ᠬᠠᠤᠯᠢ ᠰᠤᠷᠤᠯᠴᠠᠬᠤ ᠶᠢ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠪᠠ᠃ ᠬᠤᠶᠠᠷ ᠲᠤ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠬᠦ ᠶᠢ ᠴᠢᠬᠤᠯᠠᠴᠢᠯᠠᠪᠠ᠃ ︽ᠬᠥᠬᠡᠬᠤᠲᠠ ᠶᠢᠨ 2021 ᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠲᠣᠭᠲᠠᠭᠠᠵᠤ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠥᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠬᠤ᠂ ᠬᠠᠤᠯᠢ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠭᠤᠷᠪᠠ ᠳᠤ᠂ ᠭᠤᠣᠯᠳᠠᠯᠭ᠎ᠠ ᠶᠢ ᠲᠦᠯᠬᠢᠨ ᠠᠬᠢᠭᠤᠯᠬᠤ ᠶᠢ ᠴᠢᠩᠭᠠᠳᠬᠠᠪᠠ᠃ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ᠪᠦᠬᠦ ᠬᠤᠳᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠤᠷᠮ᠎ᠠ ᠶᠢ ᠶᠡᠭᠡ ᠪᠠᠷ ᠳᠡᠭᠡᠭᠰᠢᠯᠡᠭᠦᠯᠪᠡ᠃    ᠭᠤᠷᠪᠠ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ    ᠨᠢᠭᠡ ᠳᠤ ᠲᠥᠷᠥ ᠶᠢᠨ ᠠᠵᠢᠯᠲᠠᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠬᠤᠶᠠᠷ ᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠷᠢ ᠲᠦᠪᠰᠢᠨ ᠲᠡᠩᠴᠡᠭᠦᠷᠢ ᠦᠭᠡᠢ ᠪᠠᠶᠢᠨ᠎ᠠ︔ ᠭᠤᠷᠪᠠ ᠳᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠬᠤᠭᠤᠷᠣᠨᠳᠣᠬᠢ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠪᠠᠰᠠ ᠤᠯᠠᠮ ᠨᠢᠭᠡ ᠠᠯᠬᠤᠮ ᠰᠢᠯᠤᠭᠤᠳᠬᠠᠬᠤ ᠴᠢᠬᠤᠯᠠᠲᠠᠶ ᠪᠠᠶᠢᠨ᠎ᠠ᠃    ᠲᠦᠷᠪᠡ᠂ 2022 ᠣᠨ ᠤ ᠠᠵᠢᠯ ᠤᠨ ᠠᠩᠬ᠎ᠠ ᠠᠯᠬᠤᠮ ᠤᠨ ᠲᠤᠬᠢᠷᠠᠭᠤᠯᠤᠯᠳᠠ    2022 ᠣᠨ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠡᠶᠢᠭᠡᠮ ᠵᠢᠷᠤᠮ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡᠬᠤᠲᠠ ᠂ ᠦᠨᠢᠷ ᠪᠠᠶᠠᠯᠢᠭ ᠲᠠᠯ᠎ᠠ ᠶᠢᠨ ᠬᠤᠳᠠ︾ ᠶᠢ ᠪᠦᠳᠦᠬᠡᠨ ᠪᠠᠶᠢᠭᠤᠯᠬᠤ ᠳᠤ ᠴᠢᠩᠭ᠎ᠠ ᠬᠦᠴᠦᠲᠡᠢ ᠬᠠᠥᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃ ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄    ︵ᠨᠢᠭᠡ︶ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ᠎ᠠ᠃ ︽ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠲᠤᠬᠠᠢ ᠥᠭᠦᠯᠡᠬᠦ ᠨᠢ︾᠂ ︽ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠵᠡᠷᠭᠡ ᠪᠠᠷ ᠭᠤᠣᠯᠳᠠᠯᠭ᠎ᠠ ᠪᠣᠯᠭᠠᠵᠤ᠂ ᠰᠤᠷᠤᠯᠴᠠᠯᠭ᠎ᠠ ᠤᠬᠠᠭᠤᠯᠭ᠎ᠠ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃    ︵ᠬᠤᠶᠠᠷ︶ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠪᠤᠨ ᠵᠢᠯ ᠤᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠬᠥᠬᠡᠬᠤᠲᠠ ᠶᠢᠨ ︿ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠰᠠᠨᠠᠯ ︵2021 — 2025 ᠣᠨ︶﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠬᠡᠷᠡᠭᠵᠢᠭᠦᠯᠦᠨ᠎ᠡ᠃    ︵ᠭᠤᠷᠪᠠ︶ ᠬᠠᠥᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠪᠣᠶ ᠪᠣᠯᠭᠠᠨ᠎ᠠ᠃ ︽ᠢᠨᠲ᠋ᠧᠷ ᠰᠦᠯᠵᠢᠶ᠎ᠡ +︾ ᠬᠡᠷᠡᠭᠯᠡᠭᠡᠨ ᠤ ᠦᠢᠯᠡᠴᠢᠯᠡᠭᠡ ᠶᠢ ᠢᠳᠡᠪᠬᠢᠲᠡᠶ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠡᠶ᠎ᠡ ᠶᠢᠨ ᠭᠠᠷᠤᠯ ᠤᠨ ᠭᠡᠷᠡᠴᠢ ᠪᠠᠷᠢᠮᠲᠠ ᠶᠢᠨ ︽ᠪᠡᠶ᠎ᠡ ᠪᠠᠨ ᠳᠠᠭᠠᠬᠤ︾ ᠶᠢ ᠪᠡᠶᠡᠯᠡᠭᠦᠯᠦᠨ᠎ᠡ᠃    ︵ᠲᠦᠷᠪᠡ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠨᠠᠷ ᠰᠠᠶᠢᠲᠠᠶ ᠲᠦᠯᠬᠢᠨ ᠠᠬᠢᠭᠤᠯᠤᠨ᠎ᠠ᠃ ᠬᠤᠳᠠ ᠶᠢᠨ ᠵᠠᠰᠠᠭ ᠤᠨ ᠣᠷᠳᠣᠨ ᠤ 2022 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ᠂ ᠤᠷᠳᠤ ᠴᠠᠭᠠᠨ ᠬᠡᠷᠡᠮ ᠢ ᠬᠠᠮᠠᠭᠠᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠣᠭᠲᠠᠭᠠᠬᠤ ᠠᠵᠢᠯ ᠢ ᠲᠦᠯᠬᠢᠨ ᠠᠬᠢᠭᠤᠯᠤᠨ᠎ᠠ᠃    ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠭᠤᠷᠪᠠᠨ ᠱᠠᠲᠤ ᠶᠢ ᠪᠦᠬᠦᠨ ᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠲᠠᠯ᠎ᠠ ᠶᠢᠨ᠂ ᠪᠥᠬᠦ ᠶᠠᠪᠤᠴᠠ ᠪᠠᠷ ᠬᠢᠨᠠᠯᠲᠠ ᠲᠠᠯᠪᠢᠬᠤ ᠶᠢ ᠴᠢᠩᠭᠠᠳᠬᠠᠨ᠎ᠠ᠃    ︵ᠵᠢᠷᠭᠤᠭ᠎ᠠ︶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠡᠶᠡᠳᠡᠭᠦᠯᠭᠡ᠂ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠢᠳᠡᠪᠬᠢᠲᠡᠶ ᠪᠠᠷ ᠡᠮᠬᠢᠯᠡᠨ ᠨᠡᠶᠢᠳᠭᠡᠵᠦ᠂ ᠬᠤᠳᠠ ᠬᠥᠳᠡᠭᠡ ᠶᠢ ᠬᠠᠮᠤᠷᠤᠭᠰᠠᠨ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠠᠳᠠᠯᠢ ᠲᠡᠭᠰᠢ ᠨᠡᠶᠢᠳᠡᠮ ᠠᠰᠢᠭ ᠬᠦᠷᠲᠡᠭᠡᠬᠦ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号