︽ᠰᠦᠯᠵᠢᠶᠡᠨ ᠤ ᠲᠠᠰᠤᠯᠪᠤᠷᠢ ᠶᠢᠨ ᠠᠵᠢᠯᠲᠠᠨ ᠤ ᠥᠯᠢᠭᠡᠷ︾  ᠵᠢᠵᠢᠭ ᠰᠦᠯᠵᠢᠶᠡᠨ ᠤ ᠲᠠᠰᠤᠯᠪᠤᠷᠢ ᠶᠡᠭᠡ ᠡᠨᠧᠷᠭᠢ ᠶᠢ ᠬᠤᠷᠠᠮᠳᠤᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/11/10
   ︽ᠲᠠ ᠰᠠᠶᠢᠨ ᠤᠤ᠂ ᠪᠢ ᠪᠣᠯ ᠮᠠᠨ ᠤ ᠲᠣᠰᠬᠤᠨ ᠤ ᠰᠦᠯᠵᠢᠶᠡᠨ ᠤ ᠠᠵᠢᠯᠲᠠᠨ ᠮᠥᠨ᠂ ᠥᠨᠥᠳᠦᠷ ᠲᠠᠨ ᠳᠤ ᠮᠡᠳᠡᠭᠡ ᠵᠠᠩᠭᠢ ᠲᠡᠮᠳᠡᠭᠯᠡᠵᠦ ᠥᠭᠭᠦᠶ᠎ᠡ᠂ ᠲᠠᠨ ᠤ ᠮᠠᠨ ᠤ ᠠᠵᠢᠯ ᠳᠤ ᠬᠠᠮᠵᠢᠯᠴᠠᠬᠤ ᠶᠢ ᠬᠦᠰᠡᠵᠦ ᠪᠠᠶᠢᠨ᠎ᠠ︾ ᠭᠡᠪᠡ᠃ ᠪᠠᠶᠢᠩᠭᠤ ᠰᠠᠭᠤᠭ᠎ᠠ ᠬᠥᠮᠦᠨ ᠠᠮᠠ ᠶᠢᠨ ᠪᠠᠶᠢᠳᠠᠯ ᠢ ᠣᠶᠢᠯᠠᠭᠠᠬᠤ ᠶᠢᠨ ᠲᠥᠯᠥᠭᠡ᠂ ᠡᠳᠡᠭᠡᠷ ᠦᠭᠡ ᠶᠢ ᠱᠠᠩᠳᠠ ᠪᠠᠯᠭᠠᠰᠤᠨ ᠤ ᠢ ᠺᠧᠨ ᠪᠠᠨ ᠱᠧᠨ ᠲᠣᠰᠬᠤᠨ ᠤ ᠰᠦᠯᠵᠢᠶᠡᠨ ᠤ ᠠᠵᠢᠯᠲᠠᠨ ᠸᠠᠩ ᠵᠢᠶᠦ᠋ᠨ ᠵᠧᠨ ᠡᠳᠦᠷ ᠲᠤ ᠤᠯᠠᠨ ᠤᠳᠠᠭ᠎ᠠ ᠳᠠᠪᠲᠠᠨ ᠶᠠᠷᠢᠨ᠎ᠠ᠃    ᠱᠠᠩᠳᠠ ᠪᠠᠯᠭᠠᠰᠤᠨ ᠤ ᠬᠢᠵᠢᠭ ᠰᠡᠷᠭᠡᠶᠢᠯᠡᠬᠦ ᠨᠢᠭᠡᠳᠦᠭᠡᠷ ᠹᠷᠣᠨᠲ ᠲᠤ᠂ ︽ᠤᠴᠢᠷ ᠲᠠᠢ ᠪᠣᠯ ᠨᠠᠳᠠ ᠶᠢ ᠡᠷᠢᠭᠡᠷᠡᠢ︾ ᠭᠡᠬᠦ ᠪᠣᠯ ᠰᠦᠯᠵᠢᠶᠡᠨ ᠤ ᠲᠠᠰᠤᠯᠤᠭᠴᠢ ᠶᠢᠨ ᠠᠮᠠᠨ ᠤᠩᠰᠢᠯᠭ᠎ᠠ ᠪᠣᠯᠤᠨ᠎ᠠ᠂ ᠰᠦᠯᠵᠢᠶᠡᠨ ᠤ ᠲᠠᠰᠤᠯᠤᠭᠴᠢ ᠨᠠᠷ ᠰᠦᠯᠵᠢᠶᠡᠨ ᠤ ᠲᠠᠰᠤᠯᠪᠤᠷᠢ ᠶᠢᠨ ︽ᠬᠠᠷᠢᠭᠤᠴᠠᠯᠭ᠎ᠠ ᠶᠢᠨ ᠲᠠᠷᠢᠶ᠎ᠠ︾ ᠳᠤ ︽ᠭᠦᠨᠵᠡᠭᠡᠢ ᠲᠠᠷᠢᠵᠤ ᠨᠢᠮᠪᠠᠢ ᠠᠷᠠᠴᠢᠯᠠᠬᠤ︾ ᠬᠠᠮᠢᠶᠠᠷᠤᠯᠲᠠ ᠶᠠᠪᠤᠭᠤᠯᠵᠤ᠂ ᠬᠡᠪᠢᠰ ᠤᠨ ᠬᠡᠯᠪᠡᠷᠢ ᠪᠠᠷ ︽ᠡᠭᠦᠳᠡ ᠲᠣᠭᠰᠢᠬᠤ ᠠᠵᠢᠯᠯᠠᠭ᠎ᠠ ︾ ᠥᠷᠨᠢᠭᠦᠯᠬᠦ ᠶᠢᠨ ᠬᠠᠮᠲᠤ ᠲᠤᠭ᠎ᠠ ᠪᠠᠷᠢᠮᠲᠠ ᠶᠢᠨ ᠬᠠᠷᠢᠭᠤ ᠳᠤᠰᠬᠠᠯ ᠤᠨ ᠮᠡᠳᠡᠭᠡ ᠵᠠᠩᠭᠢ ᠶᠢ ᠤᠲᠠᠰᠤ ᠪᠠᠷ ᠠᠰᠠᠭᠤᠨ ᠯᠠᠪᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠭᠦᠢᠴᠡᠳᠬᠡᠵᠡᠢ᠃    ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠬᠠᠷᠢᠶ᠎ᠠ ᠣᠷᠣᠨ ᠤ ᠣᠯᠠᠨ ᠲᠦᠮᠡᠨ ᠳᠤ ᠬᠢᠵᠢᠭ ᠰᠡᠷᠭᠡᠶᠢᠯᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠣᠶᠢᠯᠠᠭᠠᠭᠤᠯᠬᠤ ᠶᠢᠨ ᠲᠥᠯᠥᠭᠡ᠂ ᠰᠦᠯᠵᠢᠶᠡᠨ ᠤ ᠠᠵᠢᠯᠲᠠᠳ ᠵᠡᠭᠡᠯᠢ ᠭᠤᠳᠤᠮᠵᠢ ᠪᠠᠷ ᠶᠠᠪᠤᠵᠤ᠂ ᠠᠶᠢᠯ ᠡᠷᠦᠬᠡ ᠪᠠᠷ ᠰᠤᠷᠪᠤᠯᠵᠢᠯᠠᠨ᠂ ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ᠂ ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠬᠤ ᠶᠢᠨ ᠴᠢᠬᠤᠯᠠ ᠴᠢᠨᠠᠷ ᠵᠡᠷᠭᠡ ᠶᠢ ᠲᠠᠶᠢᠯᠪᠤᠷᠢᠯᠠᠨ ᠥᠭᠴᠦ᠂ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠰᠡᠳᠬᠢᠯ ᠳᠣᠭᠳᠣᠯᠤᠭᠰᠠᠨ ᠰᠠᠭᠤᠭᠠᠯᠢ ᠠᠷᠠᠳ ᠢ ᠲᠣᠬᠤᠨᠢᠭᠤᠯᠬᠤ ᠶᠢᠨ ᠬᠠᠮᠲᠤ ᠬᠦᠴᠢᠷᠳᠡᠯ ᠢ ᠨᠢ ᠴᠠᠭ ᠲᠤᠬᠠᠶ ᠳᠤᠨᠢ  ᠰᠢᠢᠳᠪᠦᠷᠢᠯᠡᠵᠠᠢ᠃    ᠡᠭᠦᠨ ᠤ ᠵᠡᠷᠭᠡ ᠳᠤ ᠰᠦᠯᠵᠢᠶᠡᠨ ᠤ ᠠᠵᠢᠯᠲᠠᠳ ᠪᠠᠰᠠ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠠᠮᠢᠳᠤᠷᠠᠯ ᠤᠨ ᠡᠳ᠋ ᠪᠣᠳᠠᠰ ᠲᠣᠬᠢᠷᠠᠭᠤᠯᠤᠨ ᠬᠦᠷᠭᠡᠬᠦ᠂ ᠬᠥᠳᠡᠯᠵᠦ ᠪᠠᠷᠢᠬᠤ ᠳᠤ ᠳᠥᠭᠦᠮ ᠦᠭᠡᠢ ᠲᠣᠰᠬᠤᠨ ᠤ ᠠᠷᠠᠳ ᠲᠤ ᠪᠥᠭᠡᠮ ᠬᠦᠴᠢᠯ ᠴᠤᠭᠯᠠᠭᠤᠯᠵᠤ ᠥᠭᠬᠦ ᠶᠢ ᠬᠠᠷᠢᠭᠤᠴᠠᠳᠠᠭ᠃ ᠪᠠᠶᠢᠭᠤᠯᠤᠭᠰᠠᠨ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠮᠡᠳᠡᠭᠡ ᠵᠠᠩᠭᠢ ᠪᠠ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠭᠥᠯᠢᠶᠡᠨ ᠠᠪᠴᠤ᠂ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠨ᠎ᠠ᠃    ᠱᠠᠩᠳᠠ ᠪᠠᠯᠭᠠᠰᠤᠨ ᠤ ᠰᠦᠯᠵᠢᠶᠡᠨ ᠤ ᠠᠵᠢᠯᠲᠠᠳ ︽ᠬᠢᠵᠢᠭ︾ ᠢ ᠡᠰᠡᠷᠭᠦᠴᠡᠬᠦ ᠡᠮᠦᠨ᠎ᠡ ᠹᠷᠣᠨᠲ ᠲᠤ ᠰᠠᠨᠠᠭᠠᠴᠢᠯᠠᠭ᠎ᠠ ᠠᠴᠠ ᠪᠠᠨ ᠡᠷᠡᠯᠬᠡᠭᠯᠡᠨ ᠠᠵᠢᠯᠯᠠᠵᠤ᠂ ᠪᠠᠯᠭᠠᠰᠤ᠂ ᠲᠣᠰᠬᠤᠨ ᠤ ᠺᠠᠳ᠋ᠷᠴᠤᠳ ᠲᠠᠢ ᠬᠠᠮᠲᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠤᠭᠴᠢ᠂ ᠢᠳᠬᠠᠭᠴᠢ᠂ ᠡᠭᠦᠳᠡ ᠰᠠᠬᠢᠭᠴᠢ᠂ ᠦᠢᠯᠡᠴᠢᠯᠡᠭᠴᠢ ᠲᠠᠢ ᠬᠠᠮᠲᠤᠪᠠᠷ ᠪᠦᠬᠦ ᠠᠷᠠᠳ ᠢᠶᠠᠷ ᠢᠶᠠᠨ ︽ᠬᠢᠵᠢᠭ︾ ᠢ ᠡᠰᠡᠷᠭᠦᠴᠡᠬᠦ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠵᠠᠢ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号