︽ᠲᠠᠨ ᠤ ︿ᠬᠠᠶᠢᠷ᠎ᠠ ᠬᠠᠯᠠᠮᠵᠢ ᠶᠢᠨ ᠢᠳᠡᠰᠢᠨ ᠨᠣᠭᠤᠭᠠᠨ ᠤ ᠪᠣᠭᠤᠳᠠᠯ﹀ ᠶᠢ ᠨᠢᠭᠡᠨᠲᠡ ᠬᠦᠷᠭᠡᠵᠦ ᠢᠷᠡᠭᠰᠡᠨ᠂ ᠭᠠᠷ ᠤᠨ ᠦᠰᠦᠭ ᠵᠢᠷᠤᠵᠤ ᠬᠤᠷᠢᠶᠠᠨ ᠠᠪᠬᠤ ᠪᠣᠯᠪᠠᠤ︕︾ 
ᠨᠡᠶᠢᠲᠡᠯᠡᠭᠰᠡᠨ ᠴᠠᠭ᠄
2022/11/11
   ︽ᠲᠠ ᠰᠠᠶᠢᠨ ᠦᠦ᠂ ᠲᠠᠨ ᠤ ︿ᠬᠠᠶᠢᠷ᠎ᠠ ᠬᠠᠯᠠᠮᠵᠢ ᠶᠢᠨ ᠢᠳᠡᠰᠢᠨ ᠨᠣᠭᠤᠭᠠᠨ ᠤ ᠪᠣᠭᠤᠳᠠᠯ﹀ ᠶᠢ ᠨᠢᠭᠡᠨᠲᠡ ᠬᠦᠷᠭᠡᠵᠦ ᠢᠷᠡᠭᠰᠡᠨ᠂ ᠭᠠᠷ ᠤᠨ ᠦᠰᠦᠭ ᠵᠢᠷᠤᠵᠤ ᠬᠤᠷᠢᠶᠠᠨ ᠠᠪᠬᠤ ᠪᠣᠯᠪᠠᠤ︕    ︽ᠢᠳᠡᠰᠢᠨ ᠨᠣᠭᠤᠭ᠎ᠠ ᠲᠣᠩ ᠰᠢᠨ᠎ᠡ ᠰᠣᠷᠭᠤᠭ ᠪᠠᠢᠨ᠎ᠠ᠂ ᠦᠨᠡᠬᠡᠷ ᠰᠡᠳᠬᠢᠯ ᠬᠥᠳᠡᠯᠵᠡᠶ᠂ ᠲᠠ ᠨᠠᠷ ᠲᠤ ᠪᠠᠶᠠᠷᠯᠠᠯ᠎ᠠ︾ ᠭᠡᠪᠡ᠃ ᠲᠠᠪᠤᠰᠠᠢ ᠰᠢᠶᠠᠩ ᠤᠨ ᠵᠠᠩ ᠹᠠᠩ ᠲᠣᠰᠬᠤᠨ ᠤ 82 ᠨᠠᠰᠤᠲᠠᠢ ᠵᠤᠤ ᠰᠢ ᠶᠦᠨ ᠨᠠᠰᠤᠲᠠᠨ ︽ᠬᠠᠶᠢᠷ᠎ᠠ ᠬᠠᠯᠠᠮᠵᠢ ᠶᠢᠨ ᠢᠳᠡᠰᠢᠨ ᠨᠣᠭᠤᠭᠠᠨ ᠤ ᠪᠣᠭᠤᠳᠠᠯ︾ ᠶᠢ ᠣᠯᠤᠭᠰᠠᠨ ᠤ ᠳᠠᠷᠠᠭ᠎ᠠ ᠰᠡᠳᠬᠢᠯ ᠳᠣᠭᠳᠣᠯᠤᠨ ᠬᠡᠯᠡᠪᠡ᠃    11 ᠰᠠᠷ᠎ᠠ ᠶᠢᠨ 11 ᠤ ᠡᠳᠦᠷ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠨᠴᠠᠭᠠᠶ ᠬᠦᠴᠢᠷᠳᠡᠯᠲᠡᠶ ᠨᠠᠰᠤᠲᠠᠶᠢᠴᠤᠳ ᠢ ᠬᠠᠪᠰᠤᠷᠤᠨ ᠲᠣᠬᠤᠨᠢᠭᠤᠯᠵᠤ ᠪᠠᠶᠢᠭ᠎ᠠ ︽ᠬᠠᠶᠢᠷ᠎ᠠ ᠬᠠᠯᠠᠮᠵᠢ ᠶᠢᠨ ᠢᠳᠡᠰᠢᠨ ᠨᠣᠭᠤᠭᠠᠨ ᠤ ᠪᠣᠭᠤᠳᠠᠯ︾ ᠶᠢ ᠲᠠᠪᠤᠰᠠᠢ ᠰᠢᠶᠠᠩ ᠳᠤ ᠬᠦᠷᠭᠡᠵᠦ᠂ ︽ᠬᠠᠶᠢᠷ᠎ᠠ ᠬᠠᠯᠠᠮᠵᠢ ᠶᠢᠨ ᠢᠳᠡᠰᠢᠨ ᠨᠣᠭᠤᠭᠠᠨ ᠤ ᠪᠣᠭᠤᠳᠠᠯ︾ ᠶᠢ ᠳᠠᠮᠵᠢᠭᠤᠯᠬᠤ ᠠᠵᠢᠯᠯᠠᠭ᠎ᠠ ᠪᠥᠬᠦ ᠰᠢᠶᠠᠩ ᠳᠤ ᠦᠳᠲᠡᠷ ᠲᠦᠷᠭᠡᠨ ᠥᠷᠨᠢᠪᠡ᠃    ᠲᠣᠰ ᠤᠳᠠᠭᠠᠨ ᠤ ︽ᠬᠠᠶᠢᠷ᠎ᠠ ᠬᠠᠯᠠᠮᠵᠢ ᠶᠢᠨ ᠢᠳᠡᠰᠢᠨ ᠨᠣᠭᠤᠭ᠎ᠠ ᠶᠢᠨ ᠪᠣᠭᠤᠳᠠᠯ︾ ᠢ ᠬᠤᠪᠢᠶᠠᠨ ᠲᠠᠷᠬᠠᠭᠠᠬᠤ ᠡᠲᠡᠭᠡᠳ ᠪᠣᠯ ᠪᠥᠬᠦ ᠰᠢᠶᠠᠩ ᠤᠨ ᠡᠯ᠎ᠡ ᠲᠣᠰᠬᠤᠨ ᠤ ᠪᠦᠬᠦᠯᠢ 65 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ᠂ ᠪᠦᠬᠦᠯᠢ 80 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠷ ᠪᠦᠯᠢ ᠵᠢᠴᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠡᠷ ᠪᠦᠯᠢ ᠶᠢᠨ ᠳᠣᠲᠣᠷᠠᠬᠢ ᠨᠠᠰᠤᠲᠠᠨ᠂ ᠪᠦᠬᠦᠯᠢ 60 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠡᠷ ᠪᠦᠯᠢ ᠶᠢᠨ ᠳᠣᠲᠣᠷᠠᠬᠢ ᠳᠤᠮᠳᠠ ᠵᠡᠷᠭᠡ ᠶᠢᠨ᠂ ᠬᠦᠨᠳᠦ ᠬᠡᠮᠵᠢᠶᠡᠨ ᠤ ᠴᠢᠳᠠᠪᠤᠷᠢ ᠪᠠᠨ ᠠᠯᠳᠠᠭᠰᠠᠨ ᠣᠶᠤᠨ ᠤ ᠴᠢᠳᠠᠪᠤᠷᠢ ᠪᠠᠨ ᠠᠯᠳᠠᠭᠰᠠᠨ ᠨᠠᠰᠤᠲᠠᠨ ᠪᠣᠯᠤᠨ᠎ᠠ᠃    ᠤᠯᠠᠭᠠᠨ ᠬᠤᠶᠠᠭ ᠲᠠᠢ ᠰᠠᠶᠢᠨ ᠳᠤᠷ᠎ᠠ ᠶᠢᠨ ᠠᠵᠢᠯᠯᠠᠭᠰᠠᠳ ︽ᠵᠥᠭᠡᠭᠡᠪᠦᠷᠢ ᠶᠢᠨ ᠠᠵᠢᠯᠴᠢᠨ︾᠂ ︽ᠪᠠᠷᠠᠭ᠎ᠠ ᠬᠦᠷᠭᠡᠬᠦ ᠠᠵᠢᠯᠴᠢᠨ︾ ᠪᠤᠯᠵᠤ᠂ ᠬᠤᠪᠢ ᠬᠤᠪᠢ ︽ᠬᠠᠶᠢᠷ᠎ᠠ ᠬᠠᠯᠠᠮᠵᠢ ᠶᠢᠨ ᠢᠳᠡᠰᠢᠨ ᠨᠣᠭᠤᠭᠠᠨ ᠤ ᠪᠣᠭᠤᠳᠠᠯ︾ ᠶᠢ ᠤᠯᠠᠨ ᠲᠦᠮᠡᠨ ᠤ ᠭᠠᠷ ᠲᠤ ᠬᠦᠷᠭᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠬᠦᠷᠭᠡᠵᠡᠢ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号