︽ᠰᠡᠳᠬᠢᠯ ᠢ ᠳᠤᠯᠠᠭᠠᠴᠠᠭᠤᠯᠵᠤ ᠬᠢᠵᠢᠭ ᠢ ᠡᠰᠡᠷᠭᠦᠴᠡᠬᠦ ᠬᠥᠬᠡᠬᠤᠲᠠ ᠶᠢᠨ ᠳᠤᠯᠠᠭᠠᠨ ᠤ ᠬᠡᠮᠵᠢᠶ᠎ᠡ︾ ᠤᠷᠠᠨ  ᠭᠠᠢ ᠪᠠᠷ ᠴᠠᠭᠠᠰᠤᠨ ᠬᠠᠶᠢᠴᠢᠯᠠᠮᠠᠯ ᠬᠠᠶᠢᠴᠢᠯᠠᠵᠤ ᠬᠢᠵᠢᠭ ᠢ ᠡᠰᠡᠷᠭᠦᠴᠡᠬᠦ ᠬᠦᠴᠦᠨ ᠢ ᠳᠠᠮᠵᠢᠭᠤᠯᠪᠠ
ᠨᠡᠶᠢᠲᠡᠯᠡᠭᠰᠡᠨ ᠴᠠᠭ᠄
2022/11/12
   ᠣᠶᠢᠷ᠎ᠠ ᠳᠤ᠂ ᠬᠥᠬᠡᠬᠤᠲᠠ ᠶᠢᠨ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠤᠯᠠᠮᠵᠢᠯᠠᠭᠴᠢ ᠯᠢ ᠬᠤᠸᠠᠨ ᠰᠢᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠨ ᠰᠠᠬᠢᠬᠤ ᠵᠠᠪᠰᠠᠷ ᠲᠤ ᠭᠠᠷ ᠲᠠᠬᠢ ᠬᠠᠶᠢᠴᠢ ᠪᠠᠷ ᠢᠶᠠᠨ ︽ᠬᠢᠵᠢᠭ ᠢ ᠡᠰᠡᠷᠭᠦᠴᠡᠬᠦ︾ ᠳᠤ ᠣᠷᠣᠯᠴᠠᠵᠤ᠂ ︽ᠬᠢᠵᠢᠭ︾ ᠢ ᠡᠰᠡᠷᠭᠦᠴᠡᠬᠦ ᠰᠢᠷᠢᠰ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠵᠣᠬᠢᠶᠠᠨ ᠪᠦᠲᠦᠭᠡᠭᠰᠡᠨ ᠪᠠᠶᠢᠨ᠎ᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠯᠢ ᠬᠤᠸᠠᠨ ᠰᠢᠤ ᠬᠢᠵᠢᠭ ᠢ ᠡᠰᠡᠷᠭᠦᠴᠡᠬᠦ ᠠᠵᠢᠯᠲᠠᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ᠂ ᠡᠮᠴᠢ ᠰᠤᠪᠢᠯᠠᠭᠴᠢ᠂ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠺᠠᠳ᠋ᠷ ᠨᠠᠷ ᠢᠶᠠᠷ ᠭᠤᠣᠯ ᠲᠣᠭᠯᠠᠭᠴᠢ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠡᠳᠬᠢᠯ ᠨᠢᠭᠡᠳᠦᠨ ᠬᠢᠵᠢᠭ ᠢ ᠡᠰᠡᠷᠭᠦᠴᠡᠭᠰᠡᠨ ᠠᠮᠢᠳᠤᠯᠢᠭ ᠦᠵᠡᠭᠳᠡᠯ ᠢ ᠲᠡᠮᠳᠡᠭᠯᠡᠪᠡ᠃    ᠵᠢᠵᠢᠭᠦᠷᠯᠡᠨ ᠰᠠᠬᠢᠬᠤ ᠶᠠᠪᠤᠴᠠ ᠳᠤ᠂ ᠳᠡᠷᠭᠡᠳᠡᠬᠢ ᠨᠠᠮ ᠤᠨ ᠭᠡᠰᠢᠭᠦᠨ ᠺᠠᠳ᠋ᠷ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠡᠮᠦᠨ᠎ᠡ ᠹᠷᠣᠨᠲ ᠲᠤ ᠡᠳᠦᠷᠵᠢᠨ ᠰᠥᠨᠢᠵᠢᠨ ᠠᠵᠢᠯᠯᠠᠵᠤ ᠪᠠᠶᠢᠬᠤ ᠶᠢ ᠬᠠᠷᠠᠭᠠᠳ ᠯᠢ ᠬᠤᠸᠠᠨ ᠰᠢᠤ ᠶᠡᠬᠡᠳᠡ ᠰᠡᠳᠬᠢᠯ ᠬᠥᠳᠡᠯᠵᠦ᠂ ᠬᠠᠮᠤᠭ ᠤᠨ ᠭᠠᠷᠮᠠᠭᠠᠢ ᠴᠠᠭᠠᠰᠤᠨ ᠬᠠᠶᠢᠴᠢᠯᠠᠮᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦ ᠨᠡᠮᠡᠷᠢᠯᠡᠬᠦ ᠶᠢ ᠪᠤᠳᠤᠵᠠᠢ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号