ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/11/20
   ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 43 ᠳ᠋ᠤᠭᠠᠷ ᠲᠣᠭᠠᠲᠤ    2022 ᠣᠨ ᠤ 7 ᠳ᠋ᠤᠭᠠᠷ ᠰᠠᠷ᠎ᠠ ᠶᠢᠨ 19 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ ︽ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠣᠨᠤᠪᠴᠢᠲᠠᠢ ᠨᠠᠶᠢᠳᠠᠪᠤᠷᠢᠵᠢᠭᠤᠯᠵᠤ᠂ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2021︺ 75 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠬᠤᠪᠢᠶᠠᠷᠢᠯᠠᠬᠤ ᠶᠢᠨ ᠲᠤᠰᠠᠳᠠ᠂ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ ᠨᠢᠭᠡ᠂ ᠶᠡᠷᠦᠩᠬᠡᠢ ᠱᠠᠭᠠᠷᠳᠠᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠤ ᠲᠥᠪ ᠲᠤ ᠲᠠᠯᠪᠢᠭᠰᠠᠨ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠠ ᠡᠳ᠋ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠵᠤ᠂ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠣᠭᠲᠠᠪᠤᠷᠢᠲᠠᠢ ᠳᠦᠷᠢᠮ ᠢ ᠪᠤᠢ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠬᠤ ᠳᠤ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠨ᠎ᠡ᠃ ᠬᠤᠶᠠᠷ᠂ ᠭᠤᠣᠯ ᠠᠭᠤᠯᠭ᠎ᠠ ︵ᠨᠢᠭᠡ︶ ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠬᠢᠨᠠᠨ ᠬᠡᠮᠵᠢᠯᠲᠡ᠂ ᠰᠠᠭᠤᠷᠢ ᠬᠡᠮᠵᠢᠨ ᠵᠢᠷᠤᠭᠯᠠᠯᠲᠠ᠃ ᠬᠤᠲᠠ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠬᠦᠯᠬᠦ᠂ ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠠᠵᠢᠯᠯᠠᠭᠤᠯᠵᠤ ᠬᠠᠮᠠᠭᠠᠯᠠᠬᠤ᠂ ᠰᠠᠭᠤᠷᠢ ᠬᠡᠮᠵᠢᠨ ᠵᠢᠷᠤᠭᠯᠠᠯᠲᠠ ᠪᠠ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠴᠢᠬᠤᠯᠠ ᠶᠡᠭᠡ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠬᠦᠯᠬᠦ᠂ ᠥᠨᠳᠥᠷ ᠲᠣᠳᠤᠷᠠᠴᠠ ᠲᠠᠢ ᠠᠯᠤᠰ ᠰᠡᠷᠡᠯ ᠤᠨ ᠰᠡᠭᠦᠳᠡᠷ ᠲᠦᠷᠰᠦ ᠶᠢᠨ ᠬᠠᠮᠢᠶᠠᠷᠤᠯᠲᠠ ᠂ ᠬᠤᠲᠠ ᠶᠢᠨ ᠬᠡᠪᠴᠢᠶᠡᠨ ᠳᠠᠬᠢ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠭᠤᠣᠯᠳᠠᠯᠭ᠎ᠠ ᠲᠠᠢ ᠣᠷᠣᠨ ᠪᠦᠰᠡ ᠶᠢᠨ ᠬᠢᠨᠠᠨ ᠬᠡᠮᠵᠢᠯᠲᠡ᠂ ᠰᠠᠭᠤᠷᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠸᠥᠯᠥᠭᠢ ᠶᠢᠨ ᠪᠠᠶᠢᠴᠠᠭᠠᠯᠲᠠ᠂ ᠬᠡᠮᠵᠢᠨ ᠵᠢᠷᠤᠬᠤ ᠣᠷᠣᠨ ᠵᠠᠢ ᠶᠢᠨ ᠰᠠᠭᠤᠷᠢ ᠪᠠᠷᠢᠮᠵᠢᠶ᠎ᠠ ᠶᠢ ᠪᠠᠶᠢᠭᠤᠯᠬᠤ ᠪᠠ ᠬᠠᠮᠠᠭᠠᠯᠠᠬᠤ᠂ ᠦᠨᠳᠦᠰᠦᠨ ᠬᠠᠷᠢᠴᠠᠭᠠᠲᠤ ᠱᠤᠭᠤᠮ ᠤᠨ ᠭᠠᠵᠠᠷ ᠤᠨ ᠪᠠᠶᠢᠴᠠ ᠶᠢᠨ ᠵᠢᠷᠤᠭ ︵ᠬᠤᠳᠠ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ ᠳᠣᠲᠣᠷᠠᠬᠢ 1᠄ 500 ᠶᠢᠨ ᠬᠠᠷᠢᠴᠠᠭᠠᠲᠤ ᠱᠤᠭᠤᠮ ᠤᠨ ᠭᠠᠵᠠᠷ ᠤᠨ ᠪᠠᠶᠢᠴᠠ ᠶᠢᠨ ᠵᠢᠷᠤᠭ᠂ ᠬᠤᠰᠢᠭᠤ ᠰᠢᠶᠠᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ 1᠄ 2000 ᠶᠢᠨ ᠭᠠᠵᠠᠷ ᠤᠨ ᠪᠠᠶᠢᠴᠠ ᠶᠢᠨ ᠵᠢᠷᠤᠭ ᠪᠠᠭᠲᠠᠨ᠎ᠠ︶᠂ ᠦᠨᠳᠦᠰᠦᠨ ᠰᠡᠭᠦᠳᠡᠷ ᠲᠦᠷᠰᠦ ᠶᠢ ᠣᠯᠬᠤ ︵ᠬᠤᠳᠠ ᠶᠢᠨ ᠲᠡᠰ︶ ᠵᠢᠴᠢ ᠰᠠᠭᠤᠷᠢ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠬᠠᠮᠠᠭᠠᠯᠠᠯᠲᠠ ︵ᠬᠤᠳᠠ ᠶᠢᠨ ᠲᠡᠰ︶᠂ ᠬᠤᠳᠠ ᠶᠢᠨ ᠳᠡᠰ ᠤᠨ ᠴᠢᠬᠤᠯᠠ ᠶᠡᠭᠡ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠵᠡᠷᠭᠡ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠬᠦᠯᠬᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠠᠵᠢᠯᠯᠠᠭᠤᠯᠵᠤ ᠬᠠᠮᠠᠭᠠᠯᠠᠬᠤ᠂ ᠰᠠᠭᠤᠷᠢ ᠴᠢᠨᠠᠷᠲᠠᠢ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠸᠥᠯᠥᠭᠢ ᠶᠢᠨ ᠪᠠᠶᠢᠴᠠᠭᠠᠯᠲᠠ᠂ ᠰᠠᠭᠤᠷᠢ ᠬᠡᠮᠵᠢᠨ ᠵᠢᠷᠤᠭᠯᠠᠯᠲᠠ ᠪᠠ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠦᠨᠳᠦᠰᠦᠨ ᠰᠡᠭᠦᠳᠡᠷ ᠳᠦᠷᠰᠦ ᠶᠢ ᠣᠯᠬᠤ ︵ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ︶ ᠵᠢᠴᠢ ᠰᠠᠭᠤᠷᠢ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠬᠠᠮᠠᠭᠠᠯᠠᠯᠲᠠ ︵ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ︶ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠶᠢᠨ ᠬᠠᠮᠢᠶᠠᠷᠤᠯᠲᠠ᠃ 1. ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ᠃ ᠬᠤᠲᠠ ᠶᠢᠨ ᠳᠡᠰ ᠵᠢᠴᠢ ᠬᠠᠷᠢᠶ᠎ᠠ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠠᠵᠢᠯᠯᠠᠭᠤᠯᠵᠤ ᠬᠠᠮᠠᠭᠠᠯᠠᠬᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ ᠪᠠ ᠡᠷᠬᠡ ᠶᠢᠨ ᠳᠠᠩᠰᠠ ᠶᠢᠨ ᠪᠠᠶᠢᠴᠠᠭᠠᠯᠲᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠭᠰᠠᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠ ᠡᠷᠬᠡ ᠶᠢᠨ ᠳᠠᠩᠰᠠ ᠶᠢᠨ ᠪᠠᠶᠢᠴᠠᠭᠠᠯᠲᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠭᠰᠠᠨ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠢ ᠪᠠᠶᠢᠴᠠᠭᠠᠬᠤ᠂ ᠰᠢᠢᠳᠪᠦᠷᠢᠯᠡᠬᠦ ᠵᠡᠷᠭᠡ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠪᠠ ᠥᠯᠥ ᠬᠥᠳᠡᠯᠬᠦ ᠬᠥᠷᠥᠩᠭᠡ ᠶᠢᠨ ᠲᠠᠩᠰᠠᠯᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠠᠵᠢᠯᠯᠠᠭᠤᠯᠵᠤ ᠬᠠᠮᠠᠭᠠᠯᠠᠬᠤ ᠶᠢ ᠬᠤᠰᠢᠭᠤ ᠰᠢᠶᠠᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ ᠪᠠ ᠡᠷᠬᠡ ᠶᠢᠨ ᠳᠠᠩᠰᠠ ᠶᠢᠨ ᠪᠠᠶᠢᠴᠠᠭᠠᠯᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠭᠰᠠᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠ ᠡᠷᠬᠡ ᠶᠢᠨ ᠳᠠᠩᠰᠠ ᠶᠢᠨ ᠪᠠᠶᠢᠴᠠᠭᠠᠯᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠭᠰᠠᠨ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠢ ᠪᠠᠶᠢᠴᠠᠭᠠᠬᠤ᠂ ᠰᠢᠢᠳᠪᠦᠷᠢᠯᠡᠬᠦ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ 2. ᠪᠠᠶᠢᠭᠠᠯᠢ ᠶᠢᠨ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠬᠡᠷᠡᠭᠯᠡᠬᠦ ᠪᠠ ᠡᠷᠬᠡ ᠠᠰᠢᠭ ᠤᠨ ᠬᠠᠮᠢᠶᠠᠷᠤᠯᠲᠠ᠃ ᠬᠤᠲᠠ ᠶᠢᠨ ᠱᠠᠲᠤᠨ ᠠᠴᠠ ᠬᠤᠲᠠ ᠶᠢᠨ ᠳᠡᠰ ᠤᠨ ᠬᠡᠪᠴᠢᠶᠡᠨ ᠳᠠᠬᠢ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠣᠳᠠᠲᠤ ᠵᠦᠢᠯ ᠤᠨ ᠬᠡᠮᠵᠢᠶ᠎ᠡ ᠶᠢ ᠪᠠᠶᠢᠴᠠᠭᠠᠬᠤ ᠠᠵᠢᠯ ᠢ ᠬᠠᠷᠢᠭᠤᠴᠠᠬᠤ᠂ ᠪᠥᠬᠦ ᠬᠤᠲᠠ ᠶᠢᠨ ᠬᠡᠪᠴᠢᠶᠡᠨ ᠳᠠᠬᠢ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠲᠤᠰ ᠬᠠᠷᠢᠶ᠎ᠠ ᠣᠷᠣᠨ ᠤ ᠪᠠᠨ ᠬᠡᠪᠴᠢᠶᠡᠨ ᠳᠠᠬᠢ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠣᠳᠠᠲᠤ ᠵᠦᠢᠯ ᠤᠨ ᠬᠡᠮᠵᠢᠶ᠎ᠡ ᠶᠢ ᠪᠠᠶᠢᠴᠠᠭᠠᠬᠤ ᠠᠵᠢᠯ ᠢ ᠬᠠᠷᠢᠭᠤᠴᠠᠬᠤ᠂ ᠲᠤᠰ ᠬᠠᠷᠢᠶ᠎ᠠ ᠣᠷᠣᠨ ᠤ ᠪᠠᠨ ᠬᠡᠪᠴᠢᠶᠡᠨ ᠳᠠᠬᠢ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠭᠤᠷᠪᠠ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠯᠡᠯᠲᠡ ᠶᠢ ᠵᠠᠬᠢᠷᠤᠨ ᠬᠠᠮᠢᠶᠠᠷᠬᠤ᠃ 1. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠃ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ ᠬᠢᠭᠡᠳ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠲᠡᠭᠦᠯᠳᠡᠷᠵᠢᠬᠦᠯᠬᠦ ᠪᠠ ᠬᠢᠨᠠᠯᠲᠠ ᠲᠠᠯᠪᠢᠨ ᠬᠡᠷᠡᠭᠵᠢᠭᠦᠯᠬᠦ᠂ ᠬᠤᠲᠠ ᠶᠢᠨ ᠳᠡᠰ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠬᠦ᠂ ᠬᠤᠰᠢᠭᠤ ᠰᠢᠶᠠᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠴᠢᠬᠤᠯᠠᠲᠠᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠬᠢᠨᠠᠨ ᠪᠠᠶᠢᠴᠠᠭᠠᠬᠤ᠂ ᠬᠤᠲᠠ ᠶᠢᠨ ᠳᠡᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ ᠬᠤᠲᠠ ᠶᠢᠨ ᠳᠡᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠤᠯᠪᠤᠭᠳᠠᠯ ᠪᠦᠬᠦᠢ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠡᠷᠭᠡ ᠵᠦᠢᠯᠡᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠤᠨ ᠵᠠᠭᠠᠭ ᠬᠢᠵᠠᠭᠠᠷ ᠢ ᠬᠤᠪᠢᠶᠠᠷᠢᠯᠠᠨ ᠲᠣᠭᠲᠠᠭᠠᠬᠤ᠂ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠡᠭᠡᠭᠡᠨ ᠬᠥᠭᠵᠢᠭᠦᠯᠦᠯᠲᠡ ᠳᠤ ᠲᠣᠬᠢᠷᠠᠬᠤ ᠴᠢᠨᠠᠷ ᠢ ᠦᠨᠡᠯᠡᠬᠦ ᠵᠡᠷᠭᠡ ᠵᠦᠢᠯᠡᠰ ᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠵᠢᠴᠢ ᠲᠡᠭᠦᠨ ᠠᠴᠠ ᠳᠣᠷᠣᠭᠰᠢᠬᠢ ᠡᠯ᠎ᠡ ᠲᠡᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ ᠵᠢᠴᠢ ᠬᠤᠯᠪᠤᠭᠳᠠᠯ ᠪᠦᠬᠦᠢ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠢᠨᠠᠯᠲᠠ ᠲᠠᠯᠪᠢᠬᠤ᠂ ᠬᠤᠯᠪᠤᠭᠳᠠᠯ ᠪᠦᠬᠦᠢ ᠲᠥᠯᠦᠪᠵᠢᠭᠦᠯᠭᠡ᠂ ᠪᠠᠶᠢᠯᠳᠤᠬᠤ ᠪᠣᠳᠣᠯᠭ᠎ᠠ ᠪᠠ ᠳᠦᠷᠢᠮ ᠳᠤ ᠬᠤᠳᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠬᠠᠮᠲᠤᠪᠠᠷ ᠨᠠᠶᠢᠳᠠᠪᠤᠷᠢᠵᠢᠭᠤᠯᠬᠤ ᠪᠠᠷ ᠲᠣᠳᠤᠷᠬᠠᠶᠢᠯᠠᠭᠰᠠᠨ ᠡᠭᠦᠷᠭᠡ ᠵᠡᠷᠭᠡ ᠶᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ 2. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ᠃ ᠬᠤᠲᠠ ᠶᠢᠨ ᠱᠠᠲᠤᠨ ᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠢ ᠲᠠᠲᠠᠪᠤᠷᠢᠯᠠᠨ ᠰᠢᠯᠵᠢᠭᠦᠯᠦᠨ ᠬᠡᠷᠡᠭᠯᠡᠬᠦ ᠶᠢ ᠵᠥᠪᠰᠢᠶᠡᠷᠡᠬᠦ ᠪᠣᠳᠠᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠬᠤᠲᠠ ᠶᠢᠨ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢᠨ ᠨᠥᠯᠥᠭᠡ ᠠᠴᠠ ᠪᠣᠯᠵᠤ ᠬᠡᠷᠡᠭᠵᠢᠭᠦᠯᠦᠭᠰᠡᠨ ᠠᠮᠢ ᠠᠬᠤᠢ ᠶᠢᠨ ᠨᠥᠬᠦᠪᠦᠷᠢ ᠵᠡᠷᠭᠡ ᠵᠦᠢᠯᠡᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠬᠤᠲᠠ ᠶᠢᠨ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ᠂ ᠬᠤᠲᠠ ᠶᠢᠨ ᠱᠠᠲᠤᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ᠂ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠭᠠᠵᠠᠷ ᠰᠢᠷᠣᠢ ᠲᠠᠲᠠᠪᠤᠷᠢᠯᠠᠨ ᠰᠢᠯᠵᠢᠭᠦᠯᠦᠨ ᠬᠡᠷᠡᠭᠯᠡᠬᠦ ᠶᠢ ᠵᠥᠪᠰᠢᠶᠡᠷᠡᠬᠦ ᠪᠣᠳᠠᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠨᠥᠯᠥᠭᠡ ᠠᠴᠠ ᠪᠣᠯᠵᠤ ᠬᠡᠷᠡᠭᠵᠢᠭᠦᠯᠦᠭᠰᠡᠨ ᠠᠮᠢ ᠠᠬᠤᠢ ᠶᠢᠨ ᠨᠥᠬᠦᠪᠦᠷᠢ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠳᠥᠷᠪᠡ︶ ᠠᠮᠢ ᠠᠬᠤᠢ ᠶᠢ ᠬᠠᠮᠠᠭᠠᠯᠠᠵᠤ ᠰᠡᠷᠭᠦᠭᠡᠬᠦ᠃ ᠠᠮᠢ ᠠᠬᠤᠢ ᠶᠢᠨ ᠠᠮᠤᠷ ᠲᠦᠪᠰᠢᠨ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠲᠠᠢ᠂ ᠠᠮᠢ ᠠᠬᠤᠢ ᠶᠢᠨ ᠠᠰᠢᠭ ᠭᠥᠷᠳᠡᠬᠦ ᠬᠡᠪᠴᠢᠶ᠎ᠡ ᠪᠠᠷ ᠬᠠᠷᠢᠴᠠᠩᠭᠤᠢ ᠥᠷᠭᠡᠨ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ︵ᠭᠤᠣᠯᠳᠠᠭᠤ᠄ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠸᠥᠯᠥᠭᠢ ᠢ ᠪᠦᠲᠦᠭᠡᠨ ᠪᠠᠶᠢᠭᠤᠯᠬᠤ ᠪᠠ ᠬᠠᠮᠢᠶᠠᠷᠬᠤ᠂ ᠣᠶ ᠮᠣᠳᠣᠨ ᠤ ᠰᠠᠶᠢᠨ ᠡᠭᠦᠯᠳᠡᠷ ᠢ ᠪᠤᠶᠢᠵᠢᠭᠤᠯᠬᠤ᠂ ᠣᠶᠢᠵᠢᠭᠤᠯᠬᠤ᠂ ᠣᠶ ᠰᠢᠭᠤᠢ ᠶᠢ ᠠᠷᠠᠴᠢᠯᠠᠨ ᠪᠤᠶᠢᠵᠢᠭᠤᠯᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠨᠤᠲᠤᠭ ᠪᠡᠯᠴᠢᠭᠡᠷ ᠢ ᠰᠡᠷᠭᠦᠭᠡᠬᠦ᠂ ᠣᠶ ᠰᠢᠭᠤᠢ ᠨᠤᠲᠤᠭ ᠪᠡᠯᠴᠢᠭᠡᠷ ᠤᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠵᠢᠱᠢᠶ᠎ᠡ ᠦᠵᠡᠭᠦᠯᠬᠦ᠂ ᠪᠠᠶᠢᠭᠠᠯᠢ ᠶᠢᠨ ᠣᠶ ᠵᠢᠴᠢ ᠤᠯᠤᠰ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠣᠶ᠂ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠶ ᠶᠢ ᠬᠠᠮᠠᠭᠠᠯᠠᠵᠤ ᠬᠠᠮᠢᠶᠠᠷᠬᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ᠂ ᠴᠦᠯ ᠤᠨ ᠠᠮᠢ ᠠᠬᠤᠢ ᠶᠢᠨ ᠰᠢᠰᠲ᠋ᠧᠮ ᠢ ᠵᠠᠰᠠᠬᠤ᠂ ᠤᠯᠤᠰ ᠬᠢᠭᠡᠳ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠬᠡ ᠬᠠᠭᠤᠷᠠᠢ ᠶᠢᠨ ᠠᠮᠢᠳᠠᠨ ᠤᠷᠭᠤᠮᠠᠯ ᠤᠨ ᠬᠠᠮᠠᠭᠠᠯᠠᠯᠲᠠ ᠶᠢᠨ ᠤᠯᠤᠰ ᠤᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠸᠥᠯᠥᠭᠢ ᠢ ᠪᠦᠲᠦᠭᠡᠨ ᠪᠠᠶᠢᠭᠤᠯᠬᠤ ᠪᠠ ᠬᠠᠮᠢᠶᠠᠷᠬᠤ᠂ ᠪᠤᠰᠤᠳ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ︶ ᠵᠡᠷᠭᠡ ᠵᠦᠢᠯᠡᠰ ᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ ᠠᠮᠢ ᠠᠬᠤᠢ ᠶᠢᠨ ᠠᠰᠢᠭ ᠭᠥᠷᠳᠡᠬᠦ ᠬᠡᠪᠴᠢᠶᠡᠨ ᠤ ᠭᠠᠵᠠᠷ ᠣᠷᠣᠨ ᠤ ᠴᠢᠨᠠᠷ ᠢᠶᠠᠷ ᠬᠠᠷᠢᠴᠠᠩᠭᠤᠢ ᠴᠢᠩᠭ᠎ᠠ ᠪᠤᠰᠤᠳ ᠠᠮᠢ ᠠᠬᠤᠢ ᠶᠢ ᠬᠠᠮᠠᠭᠠᠯᠠᠨ ᠰᠡᠷᠭᠦᠭᠡᠬᠦ ︵ᠭᠤᠣᠯᠳᠠᠭᠤ᠄ ᠬᠤᠰᠢᠭᠤ ᠰᠢᠶᠠᠨ ᠲᠣᠭᠤᠷᠢᠭ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠸᠥᠯᠥᠭᠢ ᠢ ᠪᠦᠲᠦᠭᠡᠨ ᠪᠠᠶᠢᠭᠤᠯᠬᠤ ᠪᠠ ᠬᠠᠮᠢᠶᠠᠷᠬᠤ᠂ ᠴᠢᠬᠤᠯᠠ ᠠᠮᠢ ᠠᠬᠤᠢ᠂ ᠰᠢᠨᠵᠢᠯᠡᠬᠦ ᠤᠬᠠᠭᠠᠨ᠂ ᠨᠡᠶᠢᠭᠡᠮ ᠤᠨ ᠦᠨ᠎ᠡ ᠥᠷᠲᠡᠭ ᠲᠠᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠪᠠᠭᠲᠠᠨ᠎ᠠ︶ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠠᠮᠤᠷ ᠲᠦᠪᠰᠢᠨ᠃ ᠪᠥᠬᠦ ᠬᠤᠲᠠ ᠶᠢᠨ ᠴᠢᠨᠠᠷᠲᠠᠢ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠬᠠᠮᠠᠭᠠᠯᠠᠨ ᠠᠰᠢᠭᠯᠠᠬᠤ᠂ ᠠᠭᠤᠷᠬᠠᠢ ᠶᠢᠨ ᠦᠢᠯᠡᠰ ᠤᠨ ᠡᠷᠬᠡ ᠶᠢᠨ ᠥᠷᠲᠡᠭ ᠢ ᠦᠨᠡᠯᠡᠨ ᠵᠢᠱᠢᠬᠦ ᠵᠡᠷᠭᠡ ᠵᠦᠢᠯᠡᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠲᠠ ᠶᠢᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠬᠠᠮᠠᠭᠠᠯᠠᠨ ᠠᠰᠢᠭᠯᠠᠬᠤ᠂ ᠲᠠᠷᠢᠶᠠᠯᠠᠬᠤ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠦᠨᠳᠦ ᠶᠡᠭᠡ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ᠂ ᠬᠤᠲᠠ ᠶᠢᠨ ᠳᠡᠰ ᠤᠨ ᠭᠤᠣᠯᠳᠠᠯᠭ᠎ᠠ ᠲᠠᠢ ᠣᠶ ᠰᠢᠭᠤᠢ ᠨᠤᠲᠤᠭ ᠪᠡᠯᠴᠢᠭᠡᠷ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠡᠷᠭᠡ ᠵᠦᠢᠯᠡᠰ ᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠵᠦᠢᠯᠡᠰ᠂ ᠣᠷᠣᠨ ᠨᠤᠲᠤᠭ ᠤᠨ ᠣᠶ ᠰᠢᠭᠤᠢ ᠨᠤᠲᠤᠭ ᠪᠡᠯᠴᠢᠭᠡᠷ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠰᠢᠶᠠᠨ ᠤ ᠱᠠᠲᠤᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠭᠠᠢ ᠭᠠᠮᠰᠢᠭ ᠢ ᠰᠡᠷᠭᠡᠶᠢᠯᠡᠨ ᠵᠠᠰᠠᠬᠤ᠃ ᠪᠠᠶᠢᠭᠠᠯᠢ ᠶᠢᠨ ᠬᠦᠴᠦᠨ ᠵᠦᠢᠯ ᠠᠴᠠ ᠪᠣᠯᠤᠭᠰᠠᠨ ᠣᠨᠴᠠ ᠶᠡᠭᠡ᠂ ᠶᠡᠭᠡ ᠳᠤᠮᠳᠠ ᠭᠸᠥᠯᠥᠭᠢ ᠶᠢᠨ ᠭᠠᠮᠰᠢᠭ ᠢ ᠶᠡᠷᠦᠩᠬᠡᠶᠢᠯᠡᠨ ᠵᠠᠰᠠᠬᠤ᠂ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠢᠨᠠᠯᠲᠠ ᠲᠠᠯᠪᠢᠨ ᠵᠢᠯᠤᠭᠤᠳᠬᠤ᠂ ᠪᠥᠬᠦ ᠬᠤᠲᠠ ᠶᠢᠨ ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠥᠪ ᠠᠴᠠ ᠪᠡᠯᠡ ᠣᠷᠤᠭᠤᠯᠤᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠲᠠ ᠶᠢᠨ ᠴᠢᠨᠠᠷᠲᠠᠢ ᠭᠸᠥᠯᠥᠭᠢ ᠶᠢᠨ ᠭᠠᠮᠰᠢᠭ ᠢ ᠪᠠᠶᠢᠴᠠᠭᠠᠨ ᠦᠨᠡᠯᠡᠬᠦ᠂ ᠭᠤᠣᠯᠳᠠᠯᠭ᠎ᠠ ᠲᠠᠢ ᠣᠷᠣᠨ ᠪᠦᠰᠡ ᠶᠢᠨ ᠭᠸᠥᠯᠥᠭᠢ ᠶᠢᠨ ᠭᠠᠮᠰᠢᠭ ᠢ ᠪᠠᠶᠢᠴᠠᠭᠠᠨ ᠦᠨᠡᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮᠵᠢ ᠪᠠ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ᠂ ᠪᠠᠶᠢᠭᠠᠯᠢ ᠶᠢᠨ ᠬᠦᠴᠦᠨ ᠵᠦᠢᠯ ᠠᠴᠠ ᠪᠣᠯᠤᠭᠰᠠᠨ ᠪᠠᠭ᠎ᠠ ᠬᠡᠯᠪᠡᠷᠢ ᠶᠢᠨ ᠭᠸᠥᠯᠥᠭᠢ ᠶᠢᠨ ᠭᠠᠮᠰᠢᠭ ᠢ ᠶᠡᠷᠦᠩᠬᠡᠶᠢᠯᠡᠨ ᠵᠠᠰᠠᠬᠤ᠂ ᠭᠸᠥᠯᠥᠭᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠬᠡᠮᠵᠢᠨ ᠵᠢᠷᠤᠬᠤ ᠪᠠᠲᠤᠯᠠᠭ᠎ᠠ ᠶᠢᠨ ᠠᠵᠢᠯ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠮᠠᠯᠲᠠᠭᠰᠠᠨ ᠠᠴᠠ ᠪᠣᠯᠤᠭᠰᠠᠨ ᠭᠠᠵᠠᠷ ᠤᠨ ᠭᠠᠳᠠᠷᠭᠤ ᠳᠣᠷᠣᠭᠰᠢ ᠰᠠᠭᠤᠭᠰᠠᠨ ᠵᠡᠷᠭᠡ ᠭᠸᠥᠯᠥᠭᠢ ᠶᠢᠨ ᠠᠰᠠᠭᠤᠳᠠᠯ ᠢ ᠬᠢᠨᠠᠨ ᠬᠠᠮᠢᠶᠠᠷᠬᠤ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠪᠠ ᠬᠤᠳᠠ ᠶᠢᠨ ᠱᠠᠲᠤᠨ ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠵᠠᠩᠭᠢᠯᠠᠭ᠎ᠠ ᠶᠢᠨ ᠣᠷᠣᠨ ᠪᠦᠰᠡ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠵᠦᠢᠯᠡᠰ ᠢ ᠬᠤᠳᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤᠪᠡᠷ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠸᠥᠯᠥᠭᠢ ᠶᠢᠨ ᠭᠠᠮᠰᠢᠭ ᠤᠨ ᠲᠦᠭᠰᠢᠭᠦᠷᠢ ᠶᠢ ᠪᠠᠶᠢᠴᠠᠭᠠᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠪᠤᠰᠤᠳ ᠣᠶ ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠲᠤᠯᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠪᠤᠰᠤᠳ ᠵᠦᠢᠯᠡᠰ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠣᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠳᠠᠶᠢᠪᠤᠷᠢᠵᠢᠭᠤᠯᠬᠤ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ ᠠᠵᠢᠯ᠂ ᠡᠷᠬᠡ ᠣᠯᠭᠤᠭᠰᠠᠨ ᠨᠠᠶᠢᠳᠠᠯᠭ᠎ᠠ ᠶᠢ ᠦᠨᠳᠦᠰᠦᠯᠡᠨ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠬᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ ᠵᠡᠷᠭᠡ ᠵᠦᠢᠯᠡᠰ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠬᠤᠲᠠ ᠠᠴᠠ ᠵᠠᠬᠢᠷᠬᠤ ᠪᠠᠷ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠬᠡᠷᠡᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠫᠠᠶᠢᠰᠠ ᠡᠯᠭᠦᠨ ᠵᠠᠷᠯᠠᠬᠤ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠭᠠᠵᠠᠷ ᠰᠢᠷᠣᠢ ᠠᠭᠤᠷᠬᠠᠢ ᠶᠢᠨ ᠭᠠᠷᠤᠯᠲᠠ ᠶᠢᠨ ᠳᠠᠭᠠᠭᠤᠯᠢ ᠣᠳᠣᠨ ᠤ ᠭᠡᠷᠡᠯ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠯ᠎ᠡ ᠲᠥᠷᠥᠯ ᠤᠨ ᠲᠤᠰᠬᠠᠢ ᠰᠢᠮᠳᠠᠭᠤᠯᠤᠨ ᠪᠠᠶᠢᠴᠠᠭᠠᠯᠲᠠ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠣᠳᠠᠲᠠᠢ ᠬᠡᠮᠵᠢᠯᠲᠡ ᠶᠢᠨ ᠵᠢᠷᠤᠭ ᠢ ᠬᠢᠨᠠᠨ ᠰᠢᠯᠭᠠᠬᠤ ᠵᠡᠷᠭᠡ ᠵᠦᠢᠯᠡᠰ᠂ ᠬᠤᠲᠠ ᠶᠢᠨ ᠬᠠᠷᠢᠶ᠎ᠠ ᠲᠣᠭᠤᠷᠢᠭ ᠤᠨ ᠪᠤᠰᠤᠳ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠮᠳᠠᠭᠤᠯᠤᠨ ᠪᠠᠶᠢᠴᠠᠭᠠᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠵᠡᠷᠭᠡ ᠵᠦᠢᠯᠡᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠲᠠ ᠶᠢᠨ ᠬᠠᠷᠢᠶ᠎ᠠ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠳᠠᠭᠠᠭᠤᠯᠢ ᠣᠳᠣᠨ ᠤ ᠭᠡᠷᠡᠯ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ ᠵᠡᠷᠭᠡ ᠵᠦᠢᠯᠡᠰ ᠢ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠬᠤᠰᠢᠭᠤ ᠰᠢᠶᠠᠨ  ᠠᠴᠠ ᠵᠠᠬᠢᠷᠬᠤ ᠪᠠᠷ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠬᠡᠷᠡᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠳᠠᠭᠠᠭᠤᠯᠢ ᠣᠳᠣᠨ ᠤ ᠭᠡᠷᠡᠯ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠫᠠᠶᠢᠰᠠ ᠡᠯᠭᠦᠨ ᠵᠠᠷᠯᠠᠬᠤ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ ᠵᠡᠷᠭᠡ ᠵᠦᠢᠯᠡᠰ ᠢ ᠬᠤᠰᠢᠭᠤ ᠰᠢᠶᠠᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠪᠣᠯᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠥᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠦᠨ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠥᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠬᠤᠶᠠᠷ︶ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠲᠣᠰ ᠲᠥᠰᠥᠯ ᠳᠤ ᠲᠣᠭᠲᠠᠭᠠᠭᠰᠠᠨ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ ᠲᠥᠰᠥᠪ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠵᠠᠷᠤᠯᠭ᠎ᠠ ᠶᠢᠨ ᠬᠠᠷᠢᠭᠤᠴᠠᠯᠭ᠎ᠠ ᠪᠠᠨ ᠭᠦᠢᠴᠡᠳᠬᠡᠨ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠬᠡᠷᠡᠭᠲᠡᠢ᠃ ︵ᠭᠤᠷᠪᠠ︶ ᠢᠵᠢ ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠪᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠥᠰᠥᠯ ᠤᠨ ᠱᠠᠭᠠᠷᠳᠠᠯᠭ᠎ᠠ ᠶᠣᠰᠣᠭᠠᠷ᠂ ᠬᠠᠷᠠᠯᠲᠠ ᠡᠭᠦᠷᠭᠡ ᠪᠠ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠢᠭᠡᠳᠦᠯᠲᠡᠢ ᠲᠥᠯᠥᠪᠯᠡᠨ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠠᠵᠢᠯ ᠤᠨ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠶᠠᠪᠤᠭᠳᠠᠬᠤ ᠶᠢ ᠦᠨᠡᠨᠬᠦ ᠪᠠᠲᠤᠯᠠᠵᠤ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠪᠣᠳᠠᠲᠤ ᠠᠬᠢᠴᠠ ᠲᠠᠢ ᠪᠣᠯᠬᠤ ᠪᠠ ᠵᠢᠱᠢᠭᠰᠡᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠲᠣᠰ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号