ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠬᠦ ᠪᠤᠴᠠᠭᠠᠬᠤ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/12/1
   ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹2022︺ 56 ᠳ᠋ᠤᠭᠠᠷ ᠲᠣᠭᠠᠲᠤ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠨᠢᠭᠡᠴᠡ ᠳᠤ᠄ ︽ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠬᠦ ᠪᠤᠴᠠᠭᠠᠬᠤ ᠬᠡᠷᠡᠭᠵᠢᠭᠦᠯᠬᠦ ᠨᠠᠷᠢᠨ ᠳᠦᠷᠢᠮ︾  ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2022 ᠣᠨ ᠤ 8 ᠳ᠋ᠤᠭᠠᠷ ᠰᠠᠷ᠎ᠠ ᠶᠢᠨ 31 ᠤ ᠡᠳᠦᠷ ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠬᠦ ᠪᠤᠴᠠᠭᠠᠬᠤ ᠬᠡᠷᠡᠭᠵᠢᠭᠦᠯᠬᠦ ᠨᠠᠷᠢᠨ ᠳᠦᠷᠢᠮ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠷᠢᠶᠡᠰᠦᠯᠡᠬᠦ ᠬᠥᠮᠥᠨ ᠤ ᠬᠢᠷᠢ ᠬᠡᠮ ᠢ ᠬᠢᠨᠠᠨ ᠪᠠᠶᠢᠴᠠᠭᠠᠬᠤ ᠶᠢ ᠵᠢᠷᠤᠮᠵᠢᠭᠤᠯᠤᠨ᠂ ᠲᠦᠷᠢᠶᠡᠰᠦᠯᠡᠬᠦ ᠪᠤᠴᠠᠭᠠᠬᠤ ᠲᠠᠰ ᠳᠠᠷᠠᠭᠠᠯᠠᠯ ᠢ ᠲᠣᠳᠣᠷᠬᠠᠢ ᠪᠣᠯᠭᠠᠵᠤ᠂ ᠰᠢᠨ᠎ᠡ ᠪᠠᠷ ᠠᠵᠢᠯ ᠣᠯᠣᠭᠰᠠᠨ ᠭᠡᠷ ᠪᠠᠶᠢᠰᠢᠩ ᠦᠭᠡᠢ ᠣᠶᠤᠲᠠᠨ᠂ ᠵᠠᠯᠠᠭᠤᠴᠤᠳ᠂ ᠬᠤᠲᠠ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠥᠮᠥᠰ ᠵᠡᠷᠭᠡ ᠰᠢᠨ᠎ᠡ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠬᠦᠴᠢᠷᠳᠡᠯ ᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ ᠲᠣᠰ ᠨᠠᠷᠢᠨ ᠳᠦᠷᠢᠮ ᠢ ᠲᠣᠭᠲᠠᠭᠠᠪᠠ᠃ ᠨᠢᠭᠡᠳᠦᠭᠡᠷ ᠵᠦᠢᠯ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠡᠯᠡᠳᠬᠡᠭᠰᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠴᠥᠮ ᠲᠣᠰ ᠨᠠᠷᠢᠨ ᠳᠦᠷᠢᠮ ᠢ ᠬᠡᠷᠡᠭᠯᠡᠨ᠎ᠡ᠃ ᠬᠤᠶᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠨᠢ ᠭᠤᠣᠯᠳᠠᠭᠤ ᠲᠤᠰ ᠬᠤᠳᠠ ᠳᠤ ᠪᠠᠶᠢᠩᠭᠤ ᠰᠠᠭᠤᠭ᠎ᠠ ᠭᠡᠷ ᠪᠠᠶᠢᠰᠢᠩ ᠦᠭᠡᠢ ᠵᠠᠯᠠᠭᠤᠴᠤᠳ ᠪᠣᠯᠣᠨ ᠰᠢᠨ᠎ᠡ ᠬᠤᠳᠠ ᠶᠢᠨ ᠠᠷᠠᠳ ᠤᠨ ᠱᠠᠲᠤ ᠦᠶ᠎ᠡ ᠶᠢᠨ ᠴᠢᠨᠠᠷᠲᠠᠢ ᠣᠷᠣᠨ ᠰᠠᠭᠤᠴᠠ ᠶᠢᠨ ᠬᠦᠴᠢᠷᠳᠡᠯ ᠠᠰᠠᠭᠤᠳᠠᠯ ᠢ ᠰᠢᠢᠳᠪᠦᠷᠢᠯᠡᠵᠦ᠂ ᠲᠦᠷᠢᠶᠡᠰᠦᠯᠡᠬᠦ ᠬᠥᠮᠥᠨ ᠨᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ ︵ᠨᠢᠭᠡ︶ ᠲᠦᠷᠢᠶᠡᠰᠦᠯᠡᠬᠦ ᠬᠥᠮᠥᠨ ᠨᠢ ᠪᠦᠬᠦᠯᠢ 18 ᠨᠠᠰᠤ ᠬᠦᠷᠦᠭᠰᠡᠨ᠃ ︵ᠬᠤᠶᠠᠷ︶ ᠲᠦᠷᠢᠶᠡᠰᠦᠯᠡᠬᠦ ᠬᠥᠮᠥᠨ ᠨᠢ ᠲᠤᠰ ᠬᠤᠳᠠ ᠳᠤ ᠠᠵᠢᠯ ᠣᠯᠣᠭᠰᠠᠨ ᠪᠤᠶᠤ ᠠᠳᠠᠯ ᠦᠢᠯᠡᠰ ᠴᠣᠭᠴᠠᠯᠠᠭᠰᠠᠨ᠃ ︵ᠭᠤᠷᠪᠠ︶ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ︵ᠤᠷᠤᠭᠯᠠᠭᠰᠠᠨ ᠬᠥᠮᠥᠨ ᠤ ᠭᠡᠷ ᠪᠦᠯᠢ ᠶᠢᠨ ᠪᠦᠷᠢᠯᠳᠦᠭᠦᠨ ᠳᠤ ᠬᠠᠨᠢ ᠢᠵᠢᠯᠢ᠂ ᠦᠷ᠎ᠡ ᠬᠡᠦᠬᠡᠳ ᠨᠢ ᠪᠠᠭᠲᠠᠨ᠎ᠠ᠂ ᠤᠷᠤᠭᠯᠠᠭᠠᠳᠤᠢ ᠬᠥᠮᠥᠨ ᠤ ᠭᠡᠷ ᠪᠦᠯᠢ ᠶᠢᠨ ᠪᠦᠷᠢᠯᠳᠦᠭᠦᠨ ᠳᠤ ᠡᠴᠢᠭᠡ ᠡᠬᠡ ᠨᠢ ᠪᠠᠭᠲᠠᠨ᠎ᠠ︶ ᠲᠣᠰ ᠬᠤᠲᠠ ᠳᠤ ᠬᠤᠪᠢ ᠶᠢᠨ ᠣᠷᠣᠨ ᠰᠠᠭᠤᠴᠠ ᠦᠭᠡᠢ᠂ ᠨᠡᠶᠢᠲᠡ ᠶᠢᠨ ᠥᠮᠴᠢᠯᠡᠯ ᠤᠨ ᠣᠷᠣᠨ ᠰᠠᠭᠤᠴᠠ ᠶᠢ ᠲᠦᠷᠢᠶᠡᠰᠦᠯᠡᠵᠦ ᠰᠠᠭᠤᠭᠰᠠᠨ ᠦᠭᠡᠢ᠂ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ᠂ ᠠᠯᠪᠠᠯᠠᠬᠤ ᠠᠰᠠᠷ ᠪᠤᠶᠤ ᠪᠤᠰᠤᠳ ᠪᠡᠯᠡ ᠣᠷᠣᠭᠤᠯᠤᠯᠲᠠ ᠶᠢᠨ ᠴᠢᠨᠠᠷᠲᠠᠢ ᠭᠡᠷ ᠪᠠᠶᠢᠰᠢᠩ ᠬᠤᠳᠠᠯᠳᠤᠨ ᠠᠪᠤᠭᠰᠠᠨ ᠦᠭᠡᠢ᠃ ᠭᠡᠪᠡᠴᠦ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠨᠢ ᠬᠤᠰᠢᠭᠤ ᠰᠢᠶᠠᠨ ᠳᠤ ᠭᠡᠷ ᠬᠥᠷᠥᠩᠭᠡ ᠲᠠᠢ ᠪᠠᠶᠢᠵᠤ᠂ ᠠᠵᠢᠯ ᠤᠨ ᠬᠡᠷᠡᠭᠴᠡᠭᠡ ᠠᠴᠠ ᠪᠣᠯᠵᠤ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ︔ ᠡᠰᠡᠬᠦᠯ᠎ᠡ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠨᠢ ᠬᠤᠲᠠ ᠶᠢᠨ ᠲᠣᠭᠤᠷᠢᠭ ᠲᠤ ᠭᠡᠷ ᠬᠥᠷᠥᠩᠭᠡ ᠲᠠᠢ ᠪᠠᠶᠢᠵᠤ᠂ ᠠᠵᠢᠯ ᠤᠨ ᠬᠡᠷᠡᠭᠴᠡᠭᠡ ᠠᠴᠠ ᠪᠣᠯᠵᠤ ᠬᠤᠷᠢᠨᠭᠡᠷ ᠰᠢᠨ᠎ᠡ ᠲᠣᠭᠤᠷᠢᠭ᠂ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠠᠶᠢᠷᠲᠤ ᠠᠶᠢᠯ ᠤᠨ ᠬᠦᠷᠢᠶᠡᠯᠡᠩ ᠲᠣᠭᠤᠷᠢᠭ ᠪᠣᠯᠣᠨ ᠲᠣᠭᠲᠠᠬᠤ ᠴᠢᠩ ᠱᠦᠢ ᠾᠧ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠩᠭᠤ ᠰᠠᠭᠤᠭ᠎ᠠ ᠪᠣᠯ᠂ ᠪᠠᠶᠢᠩᠭᠤ ᠰᠠᠭᠤᠭ᠎ᠠ ᠭᠠᠵᠠᠷ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠵᠤ ᠪᠣᠯᠣᠨ᠎ᠠ᠃ ︵ᠳᠥᠷᠪᠡ︶ ᠣᠷᠣᠯᠭ᠎ᠠ ᠨᠢ ᠲᠣᠭᠲᠠᠪᠤᠷᠢᠲᠠᠢ᠂ ᠲᠦᠷᠢᠶᠡᠰᠦᠨ ᠮᠥᠩᠭᠦ ᠶᠢ ᠲᠥᠯᠥᠬᠦ ᠴᠢᠳᠠᠯ ᠲᠠᠢ ᠪᠠᠶᠢᠬᠤ᠃ ᠭᠤᠷᠪᠠᠳᠤᠭᠠᠷ ᠵᠦᠢᠯ ᠲᠦᠷᠢᠶᠡᠰᠦᠯᠡᠬᠦ ᠬᠥᠮᠥᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠡᠭᠡᠷ᠎ᠡ ᠳᠠᠩᠰᠠᠯᠠᠭᠤᠯᠵᠤ᠂ ᠭᠠᠷ ᠤᠲᠠᠰᠤᠨ ᠤ APP ᠢᠶᠠᠷ ᠰᠦᠯᠵᠢᠶᠡᠨ ᠳᠡᠭᠡᠷ᠎ᠡ ᠭᠤᠶᠣᠴᠢᠯᠠᠨ᠂ ᠥᠪᠡᠷ ᠢᠶᠠᠷ ᠭᠡᠷ ᠰᠣᠩᠭᠤᠵᠤ ᠪᠣᠯᠣᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠬᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠤᠰ ᠨᠢᠭᠡᠴᠡ ᠶᠢᠨ ᠨᠥᠬᠦᠴᠡᠯ ᠳᠤ ᠨᠡᠶᠢᠴᠡᠬᠦ ᠠᠵᠢᠯᠲᠠᠳ ᠲᠤ ᠤᠷᠢᠳᠠᠪᠠᠷ ᠬᠤᠪᠢᠶᠠᠵᠤ᠂ ᠦᠯᠡᠳᠡᠭᠰᠡᠨ ᠭᠡᠷ ᠢ ᠨᠡᠶᠢᠭᠡᠮ ᠤᠨ ᠵᠠᠬ᠎ᠠ ᠳᠡᠯᠭᠡᠭᠦᠷ ᠲᠤ ᠬᠠᠨᠳᠤᠭᠤᠯᠤᠨ᠎ᠠ ᠃ ᠳᠥᠷᠪᠡᠳᠦᠭᠡᠷ ᠵᠦᠢᠯ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢ ᠭᠥᠷᠳᠡᠭᠰᠡᠨ ᠦᠭᠡᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠳᠦᠷᠢᠶᠡᠰᠦᠯᠡᠵᠦ ᠰᠠᠭᠤᠪᠠᠯ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠵᠦ ᠪᠣᠯᠣᠨ᠎ᠠ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ︵ᠳ᠋ᠣᠺᠲ᠋ᠣᠷᠠᠨᠲ ᠵᠢᠴᠢ ᠲᠡᠭᠦᠨ ᠠᠴᠠ ᠳᠡᠭᠡᠭᠰᠢᠬᠢ ᠶᠢ ᠪᠠᠭᠲᠠᠭᠠᠨ᠎ᠠ︶᠂ ᠠᠰᠫᠢᠷᠠᠨᠲ᠂ ᠵᠢᠩᠬᠢᠨᠢ ᠠᠩᠭᠢ ᠶᠢᠨ ᠤᠶᠤᠲᠠᠨ ᠳᠤ ᠲᠣᠰ ᠲᠣᠰ 100% ᠪᠠᠷ᠂ 50% ᠪᠠᠷ᠂ 30% ᠪᠠᠷ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ᠃ ᠬᠠᠰᠤᠵᠤ ᠬᠡᠯᠲᠦᠷᠢᠭᠦᠯᠬᠦ ᠬᠤᠭᠤᠴᠠᠭ᠎ᠠ ᠶᠢ 60 ᠰᠠᠷ᠎ᠠ ᠠᠴᠠ ᠬᠡᠲᠦᠷᠡᠭᠦᠯᠬᠦ ᠦᠭᠡᠢ᠂ ᠲᠦᠷᠢᠶᠡᠰᠦᠯᠡᠭᠰᠡᠨ ᠬᠥᠮᠥᠨ ᠲᠤᠰ ᠬᠤᠳᠠ ᠶᠢᠨ ᠠᠵᠢᠯ ᠠᠴᠠ ᠪᠠᠨ ᠰᠠᠯᠤᠭᠰᠠᠨ ᠪᠤᠶᠤ ᠪᠠᠲᠤᠯᠠᠭ᠎ᠠ ᠶᠢᠨ ᠡᠲᠡᠭᠡᠳ ᠲᠤ ᠨᠡᠶᠢᠴᠡᠬᠦ ᠦᠭᠡᠢ ᠪᠣᠯᠤᠭᠰᠠᠨ ᠪᠠᠶᠢᠪᠠᠯ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠬᠦᠷᠳᠡᠬᠦ ᠶᠢ ᠵᠣᠭᠰᠣᠭᠠᠨ᠎ᠠ᠃ ᠲᠠᠪᠤᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠬᠦ ᠳᠤ ᠬᠡᠷᠡᠭᠯᠡᠬᠦ ᠮᠠᠲ᠋ᠧᠷᠢᠶᠠᠯ ᠢ ᠪᠦᠬᠦᠨ ᠢ ᠰᠦᠯᠵᠢᠶᠡᠨ ᠳᠡᠭᠡᠷ᠎ᠡ ᠭᠦᠢᠴᠡᠳᠬᠡᠵᠦ᠂ PDF ᠬᠡᠯᠪᠡᠷᠢ ᠶᠢᠨ ᠪᠢᠴᠢᠭ ᠮᠠᠲ᠋ᠧᠷᠢᠶᠠᠯ ᠢ ᠬᠠᠩᠭᠠᠨ᠎ᠠ᠃ ︵ᠨᠢᠭᠡ︶ ᠲᠦᠷᠢᠶᠡᠰᠦᠯᠡᠬᠦ ᠬᠥᠮᠥᠨ ᠤ ᠬᠠᠩᠭᠠᠬᠤ ᠮᠠᠲ᠋ᠧᠷᠢᠶᠠᠯ 1. ᠪᠡᠶ᠎ᠡ ᠶᠢᠨ ᠭᠠᠷᠤᠯ ᠤᠨ ᠭᠡᠷᠡᠴᠢ᠃ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠤ ᠪᠡᠶ᠎ᠡ ᠶᠢᠨ ᠦᠨᠡᠮᠯᠡᠯ᠂ ᠪᠡᠶ᠎ᠡ ᠶᠢᠨ ᠦᠨᠡᠮᠯᠡᠯ ᠬᠢᠯᠭᠡᠭᠰᠡᠨ ᠦᠭᠡᠢ ᠪᠠᠶᠢᠪᠠᠯ ᠡᠷᠦᠬᠡ ᠠᠮᠠ ᠶᠢᠨ ᠨᠢᠭᠤᠷ ᠬᠠᠩᠭᠠᠨ᠎ᠠ᠃ 2. ᠠᠵᠢᠯ ᠣᠯᠣᠭᠰᠠᠨ᠂ ᠠᠳᠠᠯ ᠦᠢᠯᠡᠰ ᠴᠣᠭᠴᠠᠯᠠᠭᠰᠠᠨ ᠭᠡᠷᠡᠴᠢ᠃ ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠲᠠᠢ ᠠᠵᠢᠯ ᠣᠯᠭᠤᠯᠲᠠ ᠶᠢᠨ ᠭᠡᠷ᠎ᠡ ᠲᠣᠭᠲᠠᠭᠰᠠᠨ ᠪᠣᠯ᠂ ᠭᠡᠷ᠎ᠡ ᠶᠢᠨ ᠬᠠᠭᠤᠯᠪᠦᠷᠢ ᠶᠢ ᠬᠠᠩᠭᠠᠬᠤ ᠶᠢᠨ ᠬᠠᠮᠲᠤ ᠠᠯᠪᠠᠨ ᠲᠠᠮᠠᠭ᠎ᠠ ᠳᠠᠷᠤᠨ᠎ᠠ︔ ᠠᠵᠢᠯ ᠣᠯᠭᠤᠯᠲᠠ ᠶᠢᠨ ᠭᠡᠷ᠎ᠡ ᠲᠣᠭᠲᠠᠭᠰᠠᠨ ᠦᠭᠡᠢ ᠪᠣᠯ᠂ ᠡᠷᠬᠡᠪᠰᠢ ᠬᠥᠮᠥᠨ ᠬᠡᠷᠡᠭᠯᠡᠬᠦ ᠨᠢᠭᠡᠴᠡ ᠠᠴᠠ ᠭᠠᠷᠭᠠᠭᠰᠠᠨ ᠠᠵᠢᠯ ᠤᠨ ᠭᠡᠷᠡᠴᠢ ᠶᠢ ᠬᠠᠩᠭᠠᠬᠤ ᠬᠡᠷᠡᠭᠲᠡᠢ︔ ᠠᠳᠠᠯ ᠦᠢᠯᠡᠰ ᠴᠣᠭᠴᠠᠯᠠᠭᠰᠠᠨ ᠬᠥᠮᠥᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠡᠵᠡᠩᠨᠡᠯᠲᠡ ᠶᠢᠨ ᠦᠨᠡᠮᠯᠡᠯ ᠢ ᠬᠠᠩᠭᠠᠨ᠎ᠠ᠃ 3. ᠴᠢᠳᠠᠪᠤᠷᠢᠲᠠᠨ ᠢ ᠭᠡᠷᠡᠴᠢᠯᠡᠬᠦ ᠮᠠᠲ᠋ᠧᠷᠢᠶᠠᠯ ︵ᠨᠥᠬᠦᠴᠡᠯ ᠳᠤ ᠨᠡᠶᠢᠴᠡᠬᠦ ᠨᠢ ᠬᠠᠩᠭᠠᠨ᠎ᠠ︶᠃ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠤᠶᠤᠲᠠᠨ᠂ ᠠᠰᠫᠢᠷᠠᠨᠲ᠂ ᠳ᠋ᠣᠺᠲ᠋ᠣᠷᠠᠨᠲ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠳ᠋ᠷᠣᠨ ᠲᠠᠩᠰᠠᠯᠠᠭᠤᠯᠤᠭᠰᠠᠨ ᠬᠦᠰᠦᠨᠦᠭᠲᠦ︔ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ︽ᠬᠥᠬᠡᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶︾  ᠤᠨ ᠶᠣᠰᠣᠭᠠᠷ ᠬᠠᠮᠢᠶ᠎ᠠ ᠪᠦᠬᠦᠢ ᠭᠡᠷᠡᠴᠢ ᠪᠢᠴᠢᠭ᠂ ᠦᠨᠡᠮᠯᠡᠯ᠂ ᠤᠷᠢᠯᠭ᠎ᠠ ᠶᠢᠨ ᠪᠢᠴᠢᠭ ᠵᠡᠷᠭᠡ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ᠃ ︵ᠬᠤᠶᠠᠷ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠠᠷᠭᠤᠭᠤᠯᠤᠨ ᠪᠠᠶᠢᠴᠠᠭᠠᠭᠰᠠᠨ ᠮᠠᠲ᠋ᠧᠷᠢᠶᠠᠯ ᠲᠦᠷᠢᠶᠡᠰᠦᠯᠡᠬᠦ ᠬᠥᠮᠥᠨ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠭᠦᠨ ᠤ ᠭᠡᠷ ᠬᠥᠷᠥᠩᠭᠡ ᠶᠢᠨ ᠮᠡᠳᠡᠭᠡ ᠵᠠᠩᠭᠢ ᠶᠢᠨ ᠭᠡᠷᠡᠴᠢ᠃ ᠵᠢᠷᠭᠤᠳᠤᠭᠠᠷ ᠵᠦᠢᠯ ᠲᠦᠷᠢᠶᠡᠰᠦᠯᠡᠬᠦ ᠬᠥᠮᠥᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ APP ᠳᠤ ᠭᠠᠷᠴᠤ ᠰᠠᠨᠠᠭᠤᠯᠤᠮᠵᠢ ᠶᠢᠨ ᠶᠣᠰᠣᠭᠠᠷ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠵᠤ᠂ ᠭᠤᠶᠤᠴᠢᠯᠠᠯ ᠤᠨ ᠮᠠᠲ᠋ᠧᠷᠢᠶᠠᠯ ᠢᠶᠠᠨ ᠬᠠᠷᠠᠭᠠᠯᠵᠠᠭᠰᠠᠨ ᠪᠢᠴᠢᠭ ᠤᠨ ᠬᠠᠪᠢᠰᠤᠨ ᠳᠤ ᠣᠷᠤᠭᠤᠯᠵᠤ᠂ ᠥᠪᠡᠷᠲᠡᠭᠡᠨ ᠰᠦᠯᠵᠢᠶᠡᠨ ᠳᠡᠭᠡᠷ᠎ᠡ ᠢᠯᠡ ᠪᠠᠷ ᠭᠡᠷ ᠰᠤᠩᠭᠤᠨ᠎ᠠ᠂ ᠰᠢᠰᠲ᠋ᠧᠮ ᠳᠡᠭᠡᠷ᠎ᠡ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ᠂ ︽ᠭᠡᠷ ᠪᠠᠶᠢᠰᠢᠩ ᠢ ᠲᠣᠬᠢᠷᠠᠭᠤᠯᠤᠨ ᠲᠦᠷᠢᠶᠡᠰᠦᠯᠡᠭᠦᠯᠬᠦ ᠮᠡᠳᠡᠭᠡ ᠵᠠᠩᠭᠢ ᠶᠢᠨ ᠬᠠᠭᠤᠳᠠᠰᠤ︾ ᠶᠢ ᠠᠶᠠᠨᠳᠠᠭᠠᠨ ᠪᠣᠶ ᠪᠣᠯᠭᠠᠬᠤ ᠶᠢᠨ ᠬᠠᠮᠲᠤ ᠬᠠᠷᠢᠶ᠎ᠠ ᠭᠠᠵᠠᠷ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠣᠯᠣᠨ ᠲᠦᠷᠢᠶᠡᠰᠦᠯᠡᠬᠦ ᠬᠥᠮᠥᠨ ᠳᠤ ᠬᠠᠷᠢᠭᠤ ᠥᠭᠭᠦᠨ᠎ᠡ᠃ ᠲᠦᠷᠢᠶᠡᠰᠦᠯᠡᠬᠦ ᠬᠥᠮᠥᠨ 3 ᠠᠵᠢᠯ ᠤᠨ ᠡᠳᠦᠷ ᠤᠨ ᠳᠣᠲᠣᠷ᠎ᠠ ᠰᠦᠯᠵᠢᠶᠡᠨ ᠳᠡᠭᠡᠷ᠎ᠡ ︽ᠭᠡᠷ ᠪᠠᠶᠢᠰᠢᠩ ᠲᠦᠷᠢᠶᠡᠰᠦᠯᠡᠬᠦ ᠭᠡᠷ᠎ᠡ︾ ᠲᠣᠭᠲᠠᠨ᠂ ᠲᠦᠷᠢᠶᠡᠰᠦᠨ ᠮᠥᠩᠭᠦ ᠪᠠᠨ ᠲᠤᠰᠢᠶᠠᠵᠤ᠂ ᠭᠡᠷ ᠪᠠᠶᠢᠰᠢᠩ ᠤᠨ ᠪᠠᠶᠢᠭ᠎ᠠ ᠬᠤᠷᠢᠶᠠᠯᠠᠯ ᠤᠨ ᠠᠳᠠᠯ ᠠᠬᠤᠢ ︵ᠪᠤᠶᠤ ᠭᠡᠷ ᠪᠠᠶᠢᠰᠢᠩ ᠤᠨ ᠬᠠᠮᠢᠶᠠᠷᠤᠭᠴᠢ︶ ᠶᠢᠨ ᠭᠠᠵᠠᠷ ᠲᠤ ᠬᠦᠷᠴᠦ ᠣᠷᠣᠵᠤ ᠰᠠᠭᠤᠬᠤ ᠭᠠᠷᠳᠠᠮ ᠢᠶᠠᠨ ᠭᠦᠢᠴᠡᠳᠬᠡᠨ᠎ᠡ᠃ ᠨᠢᠭᠡᠴᠡ ︵ᠠᠵᠤ ᠠᠬᠤᠶᠢᠯᠠᠯ︶ ᠶᠢᠨ ᠲᠦᠷᠢᠶᠡᠰᠦᠯᠡᠬᠦ ᠬᠥᠮᠥᠨ ᠤ ᠲᠤᠭ᠎ᠠ ᠨᠡᠯᠢᠶᠡᠳ ᠤᠯᠠᠨ ᠪᠣᠯ᠂ ᠨᠢᠭᠡᠴᠡ ︵ᠠᠵᠤ ᠠᠬᠤᠶᠢᠯᠠᠯ︶ ᠠᠴᠠ ᠨᠢᠭᠡᠳᠦᠯᠲᠡᠢ ᠭᠤᠶᠤᠴᠢᠯᠠᠨ ᠭᠦᠢᠴᠡᠳᠬᠡᠵᠦ ᠪᠣᠯᠣᠨ᠎ᠠ᠃ ᠳᠣᠯᠣᠳᠤᠭᠠᠷ ᠵᠦᠢᠯ ᠲᠦᠷᠢᠶᠡᠰᠦᠯᠡᠬᠦ ᠬᠥᠮᠥᠨ ᠨᠢ ᠪᠠᠲᠤᠯᠠᠬᠤ ᠡᠲᠡᠭᠡᠳ ᠲᠤ ᠨᠢᠭᠡᠨᠲᠡ ᠨᠡᠶᠢᠴᠡᠬᠦ ᠦᠭᠡᠢ ᠪᠣᠯᠤᠭᠰᠠᠨ ᠪᠤᠶᠤ ᠰᠠᠶᠢᠨ ᠳᠤᠷ᠎ᠠ ᠠᠴᠠ ᠪᠠᠨ ᠭᠡᠷ ᠪᠠᠶᠢᠰᠢᠩ ᠲᠦᠷᠢᠶᠡᠰᠦᠯᠡᠵᠦ ᠰᠠᠭᠤᠬᠤ ᠪᠠᠨ ᠪᠣᠯᠢᠭᠰᠠᠨ ᠪᠠᠶᠢᠪᠠᠯ᠂ ᠲᠦᠷᠢᠶᠡᠰᠦᠯᠡᠬᠦ ᠬᠥᠮᠥᠨ ᠨᠢ ᠭᠡᠷ ᠪᠠᠶᠢᠰᠢᠩ ᠤᠨ ᠪᠠᠶᠢᠭ᠎ᠠ ᠬᠤᠷᠢᠶᠠᠯᠠᠯ ᠤᠨ ᠠᠳᠠᠯ ᠠᠬᠤᠢ ᠶᠢᠨ ᠰᠠᠯᠠᠭ᠎ᠠ ᠮᠥᠴᠢᠷ ︵ᠪᠤᠶᠤ ᠭᠡᠷ ᠪᠠᠶᠢᠰᠢᠩ ᠤᠨ ᠬᠠᠮᠢᠶᠠᠷᠤᠭᠴᠢ︶ ᠳᠤ ᠭᠡᠷ ᠢᠶᠠᠨ ᠪᠤᠴᠠᠭᠠᠬᠤ ᠭᠤᠶᠤᠴᠢᠯᠠᠯ ᠢᠶᠠᠨ ᠴᠠᠭ ᠲᠤᠬᠠᠢ ᠳᠤᠨᠢ ᠳᠤᠷᠠᠳᠴᠤ᠂ ᠠᠵᠢᠯᠲᠠᠨ ᠭᠡᠷ ᠪᠠᠶᠢᠰᠢᠩ ᠢ ᠪᠠᠶᠢᠴᠠᠭᠠᠨ ᠰᠢᠯᠭᠠᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠭᠦᠢᠴᠡᠳᠬᠡᠭᠰᠡᠨ ᠤ ᠲᠠᠷᠠᠭ᠎ᠠ ᠳᠠᠷᠤᠢ ᠭᠡᠷ ᠢᠶᠠᠨ ᠪᠤᠴᠠᠭᠠᠵᠤ ᠪᠣᠯᠣᠨ᠎ᠠ᠃ ᠲᠦᠷᠢᠶᠡᠰᠦᠯᠡᠬᠦ ᠬᠥᠮᠥᠨ ᠨᠢ ᠪᠠᠲᠤᠯᠠᠬᠤ ᠡᠲᠡᠭᠡᠳ ᠲᠤ ᠨᠢᠭᠡᠨᠲᠡ ᠨᠡᠶᠢᠴᠡᠬᠦ ᠦᠭᠡᠢ ᠪᠣᠯᠤᠭᠰᠠᠨ ᠪᠣᠯᠪᠠᠴᠤ 1 ᠰᠠᠷ᠎ᠠ ᠶᠢᠨ ᠳᠣᠲᠣᠷ᠎ᠠ ᠭᠡᠷ ᠢᠶᠠᠨ ᠪᠤᠴᠠᠭᠠᠬᠤ ᠭᠤᠶᠤᠴᠢᠯᠠᠯ ᠭᠠᠷᠭᠠᠭᠰᠠᠨ ᠦᠭᠡᠢ ᠪᠠᠶᠢᠪᠠᠯ᠂ ᠬᠤᠭᠤᠴᠠᠭ᠎ᠠ ᠠᠴᠠ ᠬᠡᠲᠦᠷᠡᠭᠰᠡᠨ ᠤ ᠳᠠᠷᠠᠭᠠᠬᠢ ᠭᠡᠷ ᠤᠨ ᠲᠦᠷᠢᠶᠡᠰᠦ ᠶᠢ ᠵᠠᠬ᠎ᠠ ᠳᠡᠯᠭᠡᠭᠦᠷ ᠤᠨ ᠵᠢᠯᠤᠭᠤᠳᠬᠤ ᠦᠨ᠎ᠡ ᠪᠠᠷ ᠪᠦᠬᠦ ᠲᠤᠭ᠎ᠠ ᠪᠠᠷ ᠨᠢ ᠬᠤᠷᠢᠶᠠᠨ᠎ᠠ︔ ᠰᠠᠶᠢᠨ ᠳᠤᠷ᠎ᠠ ᠠᠴᠠ ᠪᠠᠨ ᠭᠡᠷ ᠪᠠᠶᠢᠰᠢᠩ ᠲᠦᠷᠢᠶᠡᠰᠦᠯᠡᠵᠦ ᠰᠠᠭᠤᠬᠤ ᠪᠠᠨ ᠪᠣᠯᠢᠭᠰᠠᠨ ᠪᠠᠶᠢᠪᠠᠯ᠂ ᠭᠡᠷ ᠢᠶᠠᠨ ᠪᠤᠴᠠᠭᠠᠭᠰᠠᠨ ᠤ ᠳᠠᠷᠠᠭᠠᠬᠢ ᠤᠷᠢᠳᠴᠢᠯᠠᠨ ᠲᠤᠰᠢᠶᠠᠭᠰᠠᠨ ᠭᠡᠷ ᠤᠨ ᠲᠦᠷᠢᠶᠡᠰᠦ᠂ ᠪᠡᠷᠢᠴᠠᠭᠠᠨ ᠤ ᠮᠥᠩᠭᠦ ᠶᠢ ᠬᠠᠮᠲᠤ ᠳᠤᠨᠢ ᠪᠤᠴᠠᠭᠠᠨ᠎ᠠ᠃ ᠪᠠᠲᠤᠯᠠᠭ᠎ᠠ ᠶᠢᠨ ᠡᠲᠡᠭᠡᠳ ᠲᠤ ᠨᠡᠶᠢᠴᠡᠬᠦ ᠲᠦᠷᠢᠶᠡᠰᠦᠯᠡᠬᠦ ᠬᠥᠮᠥᠨ ︵ᠭᠡᠷ ᠪᠦᠯᠢ ᠶᠢᠨ ᠪᠦᠷᠢᠯᠳᠦᠭᠦᠨ ᠢ ᠪᠠᠭᠲᠠᠭᠠᠨ᠎ᠠ︶ ᠨᠢ ᠵᠥᠪᠬᠡᠨ ᠨᠢᠭᠡ ᠣᠷᠣᠨ ᠰᠠᠭᠤᠴᠠ ᠲᠦᠷᠢᠶᠡᠰᠦᠯᠡᠨ ᠰᠠᠭᠤᠬᠤ ᠪᠠᠷ ᠭᠤᠶᠤᠴᠢᠯᠠᠵᠤ ᠪᠣᠯᠣᠨ᠎ᠠ᠂ ᠣᠷᠣᠨ ᠰᠠᠭᠤᠴᠠ ᠶᠢᠨ ᠬᠠᠶ᠋ᠢᠭ ᠢᠶᠠᠨ ᠬᠤᠪᠢᠷᠠᠭᠤᠯᠬᠤ ᠴᠢᠬᠤᠯᠠᠲᠠᠢ ᠪᠣᠯ᠂ ᠲᠦᠷᠢᠶᠡᠰᠦᠯᠡᠬᠦ ᠬᠥᠮᠥᠨ ᠨᠢᠭᠡᠨᠲᠡ ᠲᠦᠷᠢᠶᠡᠰᠦᠯᠡᠨ ᠰᠠᠭᠤᠭᠰᠠᠨ ᠭᠡᠷ ᠪᠠᠶᠢᠰᠢᠩ ᠢᠶᠠᠨ ᠪᠤᠴᠠᠭᠠᠬᠤ ᠭᠠᠷ ᠭᠦᠢᠴᠡᠳᠬᠡᠯ ᠢ ᠤᠷᠢᠳ ᠢᠶᠠᠷ ᠬᠢᠵᠦ᠂ ᠲᠠᠷᠠᠭ᠎ᠠ ᠨᠢ ᠲᠠᠬᠢᠨ ᠭᠤᠶᠤᠴᠢᠯᠠᠵᠤ ᠪᠣᠯᠣᠨ᠎ᠠ᠃ ᠲᠦᠷᠢᠶᠡᠰᠦᠯᠡᠭᠰᠡᠨ ᠬᠥᠮᠥᠨ ᠭᠤᠶᠤᠴᠢᠯᠠᠭᠰᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠠᠭᠠᠨ ᠲᠣᠭᠲᠠᠭᠰᠠᠨ ᠴᠠᠭ ᠲᠠᠭᠠᠨ ᠣᠷᠣᠵᠤ ᠰᠠᠭᠤᠬᠤ ᠭᠠᠷᠳᠠᠮ ᠭᠦᠢᠴᠡᠳᠬᠡᠭᠰᠡᠨ ᠦᠭᠡᠢ ᠪᠣᠯ ᠲᠦᠷᠢᠶᠡᠰᠦᠯᠡᠬᠦ ᠪᠠᠨ ᠪᠣᠯᠢᠭᠰᠠᠨ ᠢᠶᠠᠷ ᠦᠵᠡᠨ᠎ᠡ᠂ ᠣᠨᠴᠠᠭᠠᠢ ᠰᠢᠯᠲᠠᠭᠠᠨ ᠦᠭᠡᠢ ᠪᠣᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠠᠬᠢᠨᠳᠠ ᠭᠤᠶᠤᠴᠢᠯᠠᠬᠤ ᠶᠢ ᠵᠥᠪᠰᠢᠶᠡᠷᠡᠬᠦ ᠦᠭᠡᠢ᠃ ᠲᠦᠷᠢᠶᠡᠰᠦᠯᠡᠭᠰᠡᠨ ᠬᠥᠮᠥᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠲᠦᠷᠢᠶᠡᠰᠦᠯᠡᠬᠦ ᠭᠡᠷ᠎ᠡ ᠶᠢ ᠬᠦᠴᠦᠨ ᠦᠭᠡᠢ ᠪᠣᠯᠭᠠᠵᠤ᠂ ᠭᠡᠷ ᠪᠠᠶᠢᠰᠢᠩ ᠢ ᠨᠢ ᠬᠤᠷᠢᠶᠠᠨ ᠠᠪᠴᠤ᠂ ᠲᠡᠭᠦᠨ ᠤ ᠦᠢᠯᠡ ᠠᠵᠢᠯᠯᠠᠭ᠎ᠠ ᠶᠢ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ ︵ᠨᠢᠭᠡ︶ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠭᠠᠷᠭᠠᠬᠤ ᠵᠡᠷᠭᠡ ᠮᠡᠬᠡᠯᠡᠬᠦ ᠠᠷᠭ᠎ᠠ ᠮᠠᠶ᠋ᠢᠭ ᠢᠶᠠᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠢᠷᠢ ᠬᠡᠮ ᠣᠯᠣᠭᠰᠠᠨ︔ ︵ᠬᠤᠶᠠᠷ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠠᠳᠠᠭᠰᠢ ᠵᠢᠭᠡᠯᠡᠭᠦᠯᠦᠭᠰᠡᠨ᠂ ᠰᠢᠯᠵᠢᠭᠦᠯᠦᠨ ᠲᠦᠷᠢᠶᠡᠰᠦᠯᠡᠭᠰᠡᠨ︔ ︵ᠭᠤᠷᠪᠠ︶ ᠲᠦᠷᠢᠶᠡᠰᠦᠯᠡᠭᠰᠡᠨ ᠬᠥᠮᠥᠨ ᠨᠢ ᠪᠠᠲᠤᠯᠠᠬᠤ ᠡᠲᠡᠭᠡᠳ ᠲᠤ ᠨᠢᠭᠡᠨᠲᠡ ᠨᠡᠶᠢᠴᠡᠬᠦ ᠦᠭᠡᠢ ᠪᠣᠯᠤᠭᠰᠠᠨ ᠪᠥᠭᠡᠳ 1 ᠰᠠᠷ᠎ᠠ ᠶᠢᠨ ᠳᠣᠲᠣᠷ᠎ᠠ ᠭᠡᠷ ᠢᠶᠠᠨ ᠪᠤᠴᠠᠭᠠᠬᠤ ᠭᠤᠶᠤᠴᠢᠯᠠᠯ ᠭᠠᠷᠭᠠᠭᠰᠠᠨ ᠦᠭᠡᠢ︔ ︵ᠳᠥᠷᠪᠡ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠴᠡ ᠪᠤᠶᠤ ᠬᠡᠷᠡᠭᠯᠡᠭᠡᠨ ᠤ ᠰᠢᠨᠵᠢ ᠴᠢᠨᠠᠷ ᠢ ᠬᠤᠪᠢᠷᠠᠭᠤᠯᠵᠤ᠂ ᠭᠡᠷ ᠪᠠᠶᠢᠰᠢᠩ ᠤᠨ ᠠᠶᠤᠯᠭᠦᠢ ᠶᠢ ᠬᠦᠨᠳᠦ ᠨᠣᠴᠢᠲᠠᠢ ᠨᠥᠯᠥᠭᠡᠯᠡᠭᠰᠡᠨ ᡾︔ ︵ᠲᠠᠪᠤ︶ ᠲᠦᠷᠢᠶᠡᠰᠦᠯᠡᠭᠰᠡᠨ ᠬᠥᠮᠥᠨ ᠰᠢᠯᠵᠢᠭᠦᠯᠦᠨ ᠲᠦᠷᠢᠶᠡᠰᠦᠯᠡᠭᠰᠡᠨ ᠪᠤᠶᠤ ᠭᠡᠷ ᠪᠠᠶᠢᠰᠢᠩ ᠳᠤ ᠲᠣᠭᠲᠠᠭᠠᠯ ᠢ ᠵᠥᠷᠢᠴᠡᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠰᠡᠨ︔ ︵ᠵᠢᠷᠭᠤᠭ᠎ᠠ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ︔ ︵ᠲᠤᠯᠤᠭ᠎ᠠ︶ ᠲᠦᠷᠢᠶᠡᠰᠦᠯᠡᠬᠦ ᠭᠡᠷ᠎ᠡ ᠳᠤ ᠪᠣᠯᠵᠣᠨ ᠲᠣᠭᠲᠠᠭᠰᠠᠨ ᠢ ᠵᠥᠷᠢᠴᠡᠭᠰᠡᠨ ᠪᠤᠰᠤᠳ ᠪᠠᠶᠢᠳᠠᠯ ᠤᠳ᠃ ᠨᠠᠢᠮᠠᠳᠤᠭᠠᠷ ᠵᠦᠢᠯ ᠬᠠᠷᠢᠶ᠎ᠠ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠣᠷᠳᠣ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ᠂ ᠬᠢᠨᠠᠨ ᠬᠠᠷᠭᠤᠭᠤᠯᠬᠤ᠂ ᠬᠡᠷᠡᠭᠯᠡᠬᠦ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠪᠠᠶᠢᠴᠠᠭᠠᠨ᠎ᠠ᠃ ᠡᠭᠦᠷᠭᠡ ᠲᠤᠰᠢᠶᠠᠯᠲᠤ ᠰᠠᠯᠠᠭ᠎ᠠ ᠮᠥᠴᠢᠷ ᠤᠨ ᠠᠵᠢᠯᠲᠠᠨ ᠠᠵᠢᠯ ᠳᠠᠭᠠᠨ ᠴᠠᠯᠠᠭᠠᠶᠢᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠪᠠᠷ ᠬᠠᠤᠯᠢ ᠶᠣᠰᠣ ᠶᠢ ᠵᠥᠷᠢᠴᠡᠭᠰᠡᠨ᠂ ᠬᠡᠭᠡᠯᠢ ᠠᠪᠴᠤ ᠬᠠᠭ᠋ᠤᠤᠯᠢ ᠢᠳᠡᠭᠰᠡᠨ ᠪᠠᠶᠢᠳᠠᠯ ᠭᠠᠷᠪᠠᠯ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠴᠢᠩᠭ᠎ᠠ ᠰᠢᠢᠳᠪᠦᠷᠢᠯᠡᠵᠦ᠂ ᠶᠠᠯ᠎ᠠ ᠪᠣᠯᠣᠭᠰᠠᠨ ᠪᠠᠶᠢᠪᠠᠯ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠨ᠎ᠡ᠃    
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号