ᠪᠢᠴᠢᠭᠡᠴᠢ ᠪᠠᠯᠭᠠᠰᠤᠨ ᠤ ᠨᠠᠰᠤᠲᠠᠶᠢᠴᠤᠳ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠡᠮᠬᠢ ᠵᠢᠷᠤᠮ ᠲᠠᠢ ᠪᠠᠷ ᠶᠠᠪᠤᠭᠳᠠᠨ᠎ᠠ
ᠨᠡᠶᠢᠲᠡᠯᠡᠭᠰᠡᠨ ᠴᠠᠭ᠄
2022/12/19
   12 ᠰᠠᠷ᠎ᠠ ᠶᠢᠨ 13 ᠤ ᠡᠳᠦᠷ᠂ ᠪᠢᠴᠢᠭᠡᠴᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠸᠠᠺᠼᠢᠨ ᠤ ᠲᠠᠷᠢᠯᠭ᠎ᠠ ᠶᠢᠨ ᠴᠡᠭ ᠲᠤ᠂ ᠰᠠᠭᠤᠭᠠᠯᠢ ᠠᠷᠠᠳ ᠵᠠᠯᠭᠠᠭ᠎ᠠ ᠪᠠᠷ ᠢᠷᠡᠵᠦ ᠰᠢᠨ᠎ᠡ ᠸᠠᠺᠼᠢᠨ ᠤ ᠲᠠᠷᠢᠯᠭ᠎ᠠ ᠬᠢᠵᠦ ᠪᠠᠶᠢᠬᠤ ᠶᠢ ᠣᠯᠵᠤ ᠬᠠᠷᠠᠪᠠ᠃    ︽ᠬᠠᠳᠠᠮ ᠡᠵᠢ ᠡᠨᠡ ᠵᠢᠯ 83 ᠨᠠᠰᠤᠯᠠᠭᠰᠠᠨ ᠪᠥᠭᠡᠳ ᠰᠠᠭᠤᠷᠢ ᠡᠪᠡᠳᠴᠢᠨ ᠲᠠᠢ᠂ ᠤᠤᠯ ᠨᠢ ᠮᠡᠰᠡ ᠵᠠᠰᠠᠯ ᠬᠢᠭᠡᠳ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠶ᠂ ᠥᠴᠥᠭᠡᠳᠦᠷ ᠡᠮᠴᠢ ᠠᠴᠠ ᠠᠰᠠᠭᠤᠨ ᠯᠠᠪᠯᠠᠵᠤ ᠮᠡᠳᠡᠭᠰᠡᠨ ᠪᠣᠯᠬᠤᠷ ᠥᠨᠥᠳᠦᠷ ᠬᠠᠳᠠᠮ ᠡᠵᠢ ᠪᠠᠨ ᠳᠠᠭᠠᠭᠤᠯᠵᠤ ᠢᠷᠡᠵᠠᠢ᠂ ᠸᠠᠺᠼᠢᠨ ᠤ ᠲᠠᠷᠢᠯᠭ᠎ᠠ ᠬᠢᠬᠦ ᠪᠣᠯ  ᠰᠢᠨ᠎ᠡ ᠲᠢᠲᠢᠮᠯᠢᠭ ᠠᠭᠤᠰᠬᠢᠨ ᠥᠷᠪᠢᠰᠦᠯ ᠳᠤ ᠬᠠᠯᠳᠠᠪᠤᠷᠢᠯᠠᠭᠳᠠᠬᠤ ᠶᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ︾ ᠭᠡᠵᠦ ᠰᠠᠭᠤᠭᠠᠯᠢ ᠠᠷᠠᠳ ᠬᠤᠤ ᠯᠢ ᠰᠢᠶᠠ ᠬᠡᠯᠡᠪᠡ᠃    ︽ᠡᠮᠨᠡᠯᠭᠡ ᠳᠤ ᠸᠠᠺᠼᠢᠨ ᠤ ᠲᠠᠷᠢᠯᠭ᠎ᠠ ᠬᠢᠬᠦ ᠪᠠᠷ ᠢᠷᠡᠭᠰᠡᠨ ᠬᠥᠮᠦᠰ ᠡᠩ ᠲᠡᠷᠢᠭᠦᠨ ᠳᠤ ᠠᠨᠲ᠋ᠢᠭᠧᠡ ᠤ ᠪᠠᠶᠢᠴᠠᠭᠠᠯᠲᠠ ᠬᠢᠬᠦ ᠬᠡᠷᠡᠭᠲᠡᠶ᠂ ᠠᠨᠲ᠋ᠢᠭᠧᠡ ᠤ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷᠲᠠᠶ ᠪᠣᠯᠤᠭᠰᠠᠨ ᠤ ᠳᠠᠷᠠᠭ᠎ᠠ᠂ ᠤᠷᠢᠳᠴᠢᠯᠠᠨ ᠪᠠᠶᠢᠴᠠᠭᠠᠬᠤ ᠬᠤᠪᠢᠶᠠᠷᠢ ᠡᠮᠴᠢ ᠠᠴᠠ ᠲᠡᠭᠦᠨ ᠤ ᠪᠡᠶ᠎ᠡ ᠶᠢᠨ ᠪᠠᠶᠢᠳᠠᠯ ᠢ ᠣᠶᠢᠯᠠᠭᠠᠵᠤ᠂ ᠲᠡᠭᠦᠨ ᠤ ᠪᠡᠶ᠎ᠡ ᠶᠢᠨ ᠨᠥᠬᠦᠴᠡᠯ ᠪᠣᠯᠤᠮᠵᠢ ᠲᠠᠢ ᠪᠠᠶᠢᠳᠠᠯ ᠳᠣᠤᠷ᠎ᠠ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠢ ᠲᠠᠭᠯᠠᠭᠰᠠᠨ ᠤ ᠳᠠᠷᠠᠭ᠎ᠠ ᠳᠠᠩᠰᠠᠯᠠᠬᠤ ᠲᠠᠰᠤᠭ ᠲᠤ ᠣᠷᠣᠵᠤ ᠳᠠᠩᠰᠠᠯᠠᠭᠤᠯᠤᠭᠰᠠᠨ ᠤ ᠳᠠᠷᠠᠭ᠎ᠠ ᠲᠠᠷᠢᠯᠭ᠎ᠠ ᠶᠢᠨ ᠲᠠᠰᠤᠭ ᠲᠤ ᠣᠷᠣᠵᠤ ᠲᠠᠷᠢᠯᠭ᠎ᠠ ᠬᠢᠨ᠎ᠠ᠃ ᠲᠠᠷᠢᠯᠭ᠎ᠠ ᠬᠢᠬᠦ ᠠᠴᠠ ᠡᠮᠦᠨ᠎ᠡ᠂ ᠲᠠᠷᠢᠯᠭ᠎ᠠ ᠶᠢᠨ ᠡᠮᠴᠢ ᠠᠴᠠ ᠲᠠᠷᠢᠯᠭ᠎ᠠ ᠶᠢᠨ ᠬᠥᠮᠦᠨ ᠤ ᠣᠪᠣᠭ ᠨᠡᠷ᠎ᠡ ᠪᠣᠯᠤᠨ ᠲᠠᠷᠢᠯᠭ᠎ᠠ ᠶᠢᠨ ᠸᠠᠺᠼᠢᠨ ᠤ ᠵᠥᠪᠰᠢᠶᠡᠷᠡᠯ ᠤᠨ ᠳ᠋ᠤᠭᠠᠷ ᠢ ᠳᠠᠬᠢᠨ ᠨᠢᠭᠡ ᠤᠳᠠᠭ᠎ᠠ ᠬᠠᠷᠭᠤᠭᠤᠯᠤᠨ ᠳᠣᠲᠣᠯᠠᠵᠤ᠂ ᠭᠤᠷᠪᠠ ᠶᠢ ᠪᠠᠶᠢᠴᠠᠭᠠᠵᠤ ᠳᠣᠯᠤᠭ᠎ᠠ ᠶᠢ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ ᠲᠠᠷᠢᠯᠭ᠎ᠠ ᠶᠢᠨ ᠬᠥᠮᠦᠨ ᠳᠤ ᠸᠠᠺᠼᠢᠨ ᠤ ᠲᠠᠷᠢᠯᠭ᠎ᠠ ᠬᠢᠵᠦ ᠥᠭᠭᠦᠨ᠎ᠡ᠂ ᠲᠠᠷᠢᠯᠭ᠎ᠠ ᠬᠢᠭᠰᠡᠨ ᠤ ᠳᠠᠷᠠᠭ᠎ᠠ 30 ᠮᠢᠨᠦ᠋ᠲ ᠠᠵᠢᠭᠯᠠᠵᠤ ᠬᠡᠪ ᠤᠨ ᠪᠤᠰᠤ ᠪᠠᠶᠢᠳᠠᠯ ᠭᠠᠷᠬᠤ ᠦᠭᠡᠶ ᠪᠣᠯ ᠶᠠᠪᠤᠵᠦ ᠪᠣᠯᠤᠨ᠎ᠠ︾ ᠭᠡᠵᠦ ᠪᠢᠴᠢᠭᠡᠴᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠨᠠᠮ ᠤᠨ ᠡᠭᠦᠷ ᠤᠨ ᠱᠦᠵᠢ ᠸᠤᠨ ᠼᠠᠢ ᠰᠢᠶᠠ ᠬᠡᠯᠡᠵᠡᠶ᠃    ᠪᠢᠴᠢᠭᠡᠴᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ ᠶᠠᠩ ᠹᠧᠶ ᠶᠢᠨ ᠲᠠᠨᠢᠯᠴᠠᠭᠤᠯᠤᠭᠰᠠᠨ ᠢᠶᠠᠷ᠂ ᠪᠢᠴᠢᠭᠡᠴᠢ ᠪᠠᠯᠭᠠᠰᠤᠨ ᠤ ᠸᠠᠺᠼᠢᠨ ᠤ ᠲᠠᠷᠢᠯᠭ᠎ᠠ ᠶᠢᠨ ᠠᠵᠢᠯ ᠣᠳᠣ ᠶᠠᠭ ᠪᠦᠬᠦ ᠬᠦᠴᠦᠨ ᠢᠶᠠᠷ ᠢᠶᠠᠨ ᠶᠠᠪᠤᠭᠳᠠᠵᠤ ᠪᠠᠶᠢᠨ᠎ᠠ᠃ ᠡᠭᠦᠨ ᠳᠤ 60 ~ 79 ᠪᠦᠬᠦᠯᠢ ᠨᠠᠰᠤᠨ ᠤ ᠨᠠᠰᠤᠲᠠᠶᠢᠴᠤᠳ ᠤᠨ ᠨᠢᠭᠡᠳᠦᠭᠡᠷ ᠲᠠᠷᠢᠯᠭ᠎ᠠ ᠶᠢᠨ ᠪᠠ ᠬᠤᠶᠠᠳᠤᠭᠠᠷ ᠲᠠᠷᠢᠯᠭ᠎ᠠ ᠶᠢᠨ ᠨᠣᠷᠮ᠎ᠠ ᠨᠢ 95% ᠳᠤ ᠬᠦᠷᠴᠦ᠂ ᠭᠤᠷᠪᠠᠳᠤᠭᠠᠷ ᠲᠠᠷᠢᠯᠭ᠎ᠠ ᠶᠢᠨ ᠠᠵᠢᠯ ᠢ ᠶᠠᠭ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠪᠠᠶᠢᠨ᠎ᠠ︔ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠨᠢᠭᠡᠳᠦᠭᠡᠷ ᠲᠠᠷᠢᠯᠭ᠎ᠠ ᠶᠢᠨ ᠨᠣᠷᠮ᠎ᠠ 98.7% ᠳᠤ ᠬᠦᠷᠴᠦ᠂ ᠬᠤᠶᠠᠳᠤᠭᠠᠷ ᠲᠠᠷᠢᠯᠭ᠎ᠠ ᠶᠢᠨ ᠪᠠ ᠭᠤᠷᠪᠠᠳᠤᠭᠠᠷ ᠲᠠᠷᠢᠯᠭ᠎ᠠ ᠶᠢᠨ ᠨᠠᠰᠤᠲᠠᠶᠢᠴᠤᠳ ᠤᠨ ᠲᠠᠷᠢᠯᠭ᠎ᠠ ᠶᠢ ᠶᠠᠭ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠴᠢᠭᠡᠴᠢ ᠪᠠᠯᠭᠠᠰᠤ ᠲᠠᠷᠢᠯᠭ᠎ᠠ ᠶᠢᠨ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠤᠨ ᠡᠷᠦᠬᠡ ᠳᠤ ᠣᠷᠣᠭᠤᠯᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠪᠠ ᠥᠨᠳᠥᠷ ᠨᠠᠰᠤᠲᠠᠶ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠯᠭᠡᠵᠦ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠶᠢ ᠪᠦᠬᠦᠨ ᠢ ᠵᠠᠯᠭᠠᠨ ᠥᠭᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号