︽ᠨᠠᠮ ᠤᠨ ᠲᠤᠭ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠥᠨᠳᠥᠷ ᠨᠠᠮᠢᠷᠠᠨ᠎ᠠ︾ ᠶᠦᠨ ᠴᠢᠶᠠᠩ ᠄ ︽ᠲᠣᠰᠬᠤᠨ ᠤ ᠠᠷᠠᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠪᠣᠯ ᠮᠢᠨᠦ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠠ ᠡᠭᠦᠷᠭᠡ ᠮᠥᠨ︾ ᠭᠡᠵᠦ ᠬᠡᠯᠡᠨ᠎ᠡ᠃
ᠨᠡᠶᠢᠲᠡᠯᠡᠭᠰᠡᠨ ᠴᠠᠭ᠄
2022/12/19
   ︽ᠶᠦᠨ ᠴᠢᠶᠠᠩ᠂ ᠴᠢ ᠪᠡᠶ᠎ᠡ ᠪᠠᠨ ᠰᠠᠶᠢᠲᠤᠷ ᠬᠠᠮᠠᠭᠠᠯᠠᠬᠤ ᠬᠡᠷᠡᠭᠲᠡᠶ᠂ ᠸᠢᠷᠦ᠋ᠰ ᠠᠷᠢᠯᠤᠭᠰᠠᠨ ᠤ ᠳᠠᠷᠠᠭ᠎ᠠ ᠪᠢᠳᠡ ᠬᠠᠮᠲᠤ ᠪᠠᠷ ᠭᠡᠷ ᠲᠤ ᠪᠠᠨ ᠬᠠᠷᠢᠶ᠎ᠠ︾    ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠲᠠᠶᠢᠭ᠎ᠠ ᠮᠣᠳᠤ ᠪᠠᠯᠭᠠᠰᠤᠨ ᠤ ᠳ᠋ᠠ ᠧ ᠵᠢᠶᠠ ᠳ᠋ᠠ ᠳ᠋ᠦᠩ ᠶᠢᠩ ᠲᠣᠰᠬᠤᠨ ᠤ ᠨᠢᠭᠡᠳᠦᠭᠡᠷ ᠱᠦᠵᠢ ᠶᠦᠨ ᠴᠢᠶᠠᠩ ᠤᠨ ᠡᠬᠡᠨᠡᠷ ᠨᠢ ᠸᠢᠳᠢᠣ᠋ ᠳᠠᠭᠠᠨ ᠲᠡᠭᠦᠨ ᠢ ᠵᠠᠬᠢᠵᠤ  ᠪᠠᠶᠢᠨ᠎ᠠ᠃    ᠭᠡᠨᠡᠳᠲᠡ ᠶᠢᠨ ᠬᠢᠵᠢᠭ ᠤᠨ ᠪᠠᠶᠢᠳᠠᠯ ᠤᠨ ᠡᠮᠦᠨ᠎ᠡ᠂ ᠶᠦᠨ ᠴᠢᠶᠠᠩ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠪᠠᠲᠤ ᠰᠠᠬᠢᠬᠤ ᠪᠠ ᠬᠠᠷᠢᠭᠤᠴᠠᠯᠭ᠎ᠠ ᠪᠠ ᠡᠭᠦᠷᠭᠡ ᠶᠢ ᠦᠢᠯᠡᠳᠦᠯᠭᠡᠵᠢᠭᠦᠯᠵᠡᠢ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠶᠦᠨ ᠴᠢᠶᠠᠩ ᠪᠣᠯᠤᠨ ᠳ᠋ᠠ ᠧ ᠵᠢᠶᠠ ᠳ᠋ᠠ ᠳ᠋ᠦᠩ ᠶᠢᠩ ᠲᠣᠰᠬᠤᠨ ᠤ ᠺᠠᠳ᠋ᠷ 24 ᠴᠠᠭ ᠢᠶᠠᠷ ᠲᠣᠰᠬᠤᠨ ᠳᠤ ᠰᠠᠬᠢᠨ ᠰᠠᠭᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠬᠡᠪᠢᠰ ᠮᠠᠶ᠋ᠢᠭ ᠤᠨ ᠰᠤᠷᠪᠤᠯᠵᠢᠯᠠᠭ᠎ᠠ᠂ ᠵᠢᠭᠰᠠᠭᠠᠨ ᠪᠠᠶᠢᠴᠠᠭᠠᠯᠲᠠ ᠶᠢ ᠦᠳᠲᠡᠷ ᠲᠦᠷᠭᠡᠨ ᠥᠷᠨᠢᠭᠦᠯᠵᠦ᠂ ᠲᠣᠰᠬᠤᠨ ᠤ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠠᠢ᠃ ᠡᠭᠦᠨ ᠤ ᠬᠠᠮᠲᠤ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢ ᠳᠠᠭᠠᠭᠤᠯᠤᠨ ᠲᠣᠰᠬᠤᠨ ᠤ ᠠᠷᠠᠳ ᠤᠨ ᠵᠥᠪᠯᠡᠯ ᠤᠨ ᠨᠠᠮ ᠤᠨ ᠭᠡᠰᠢᠭᠦᠨ ᠺᠠᠳ᠋ᠷᠴᠤᠳ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠠᠩᠬᠢ ᠶᠢ ᠪᠦᠷᠢᠯᠳᠦᠭᠦᠯᠵᠦ᠂ ᠬᠤᠷᠢᠭ᠎ᠠ ᠴᠡᠭ ᠲᠤ ᠵᠢᠵᠢᠭᠦᠷᠯᠡᠬᠦ ᠲᠦᠷᠢᠮ ᠢ ᠪᠠᠶᠢᠭᠤᠯᠵᠤ᠂ ᠲᠣᠰᠬᠤᠨ ᠤ ᠭᠤᠣᠯ ᠭᠤᠣᠯ ᠵᠠᠮ ᠳᠤ ᠬᠤᠷᠢᠭ᠎ᠠ ᠴᠡᠭ ᠭᠠᠷᠭᠠᠵᠤ᠂ 24 ᠴᠠᠭ ᠢᠶᠠᠷ ᠵᠢᠵᠢᠭᠦᠷᠯᠡᠨ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃    ᠶᠦᠨ ᠴᠢᠶᠠᠩ ᠪᠣᠯ ᠳ᠋ᠠ ᠧ ᠵᠢᠶᠠ ᠳ᠋ᠠ ᠳ᠋ᠦᠩ ᠶᠢᠩ ᠲᠣᠰᠬᠤᠨ ᠤ ᠲᠢᠶᠠᠨ ᠱᠢ ᠰᠢᠶᠠᠩ ᠾᠧ ᠪᠠᠭ᠎ᠠ ᠲᠣᠭᠤᠷᠢᠭ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠡᠭ ᠤᠨ ᠳᠠᠷᠤᠭ᠎ᠠ ᠪᠠᠶᠢᠵᠤ᠂ 1635 ᠬᠥᠮᠦᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠢ ᠡᠭᠦᠷᠭᠡᠯᠡᠵᠦ ᠪᠠᠶᠢᠳᠠᠭ᠂ ᠪᠠᠭ᠎ᠠ ᠲᠣᠭᠤᠷᠢᠭ ᠤᠨ ᠬᠥᠮᠦᠰ ᠪᠣᠯ ᠭᠤᠣᠯᠳᠠᠭᠤ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠪᠣᠯᠤᠨ᠎ᠠ᠂ ᠬᠢᠵᠢᠭ ᠤᠨ ᠡᠬᠢᠨ ᠤ ᠬᠤᠭᠤᠴᠠᠭᠠᠨ ᠳᠤ ᠬᠥᠮᠦᠨ ᠤ ᠰᠢᠯᠵᠢᠯᠲᠡ ᠨᠡᠯᠢᠶᠡᠳ ᠶᠡᠭᠡ ᠪᠣᠯᠬᠤᠷ ᠮᠡᠳᠡᠭᠡ ᠵᠠᠩᠭᠢ ᠶᠢᠨ ᠬᠠᠷᠢᠴᠠᠭᠤᠯᠤᠯ ᠨᠢ ᠨᠡᠯᠢᠶᠡᠳ ᠶᠡᠭᠡ ᠪᠠᠶᠢᠳᠠᠭ᠃    60 ᠭᠠᠷᠤᠢ ᠡᠳᠦᠷ ᠤᠨ ᠲᠤᠷᠰᠢ᠂ ᠤᠯᠠᠨ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠳᠤᠮᠳᠠ᠂ ᠶᠦᠨ ᠴᠢᠶᠠᠩ ᠲᠣᠰᠬᠤᠨ ᠤ ᠺᠠᠳ᠋ᠷ᠂ ᠰᠦᠯᠵᠢᠶᠡᠨ ᠤ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠰᠠᠳ ᠲᠠᠢ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠬᠦ ᠠᠵᠢᠯᠳᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠨᠢᠭᠡᠳᠦᠭᠡᠷ ᠹᠷᠣᠨᠲ ᠢ ᠢᠮᠠᠭᠲᠠ ᠪᠠᠲᠤ ᠰᠠᠬᠢᠪᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠶᠦᠨ ᠴᠢᠶᠠᠩ ᠪᠣᠯᠤᠨ ᠱᠧᠩᠶᠠᠩ ᠪᠠᠭ᠎ᠠ ᠠᠩᠭᠢ ᠶᠢᠨ ᠬᠢᠨ ᠴᠠᠭ ᠢ ᠠᠮᠵᠢᠨ ᠸᠢᠷᠦ᠋ᠰ ᠲᠠᠢ ᠤᠷᠤᠯᠳᠤᠵᠤ᠂ 24 ᠴᠠᠭ ᠤᠨ ᠳᠣᠲᠣᠷ᠎ᠠ ᠵᠠᠷᠯᠢᠭ ᠬᠦᠯᠢᠶᠡᠵᠦ᠂ ᠠᠷᠭ᠎ᠠ ᠴᠢᠨᠠᠷᠲᠠᠶ ᠡᠪᠡᠳᠴᠢᠲᠡᠨ ᠲᠠᠢ ᠰᠢᠭᠤᠳ ᠣᠶᠢᠷᠠᠲᠤᠨ᠂ ᠸᠢᠷᠦ᠋ᠰ ᠤᠨ ᠡᠮᠦᠨ᠎ᠡ ᠵᠠᠪᠳᠤᠵᠤ᠂ ᠡᠪᠡᠳᠴᠢᠨ ᠤ ᠵᠢᠱᠢᠶ᠎ᠡ ᠶᠢ ᠲᠣᠭᠲᠠᠭᠠᠵᠤ᠂ ᠬᠠᠯᠳᠠᠪᠤᠷᠢᠯᠠᠬᠤ ᠬᠡᠯᠬᠢᠶ᠎ᠡ ᠶᠢ ᠲᠠᠰᠤᠯᠬᠤ ᠳᠤ ᠡᠷᠬᠢᠮ ᠨᠠᠨᠳᠢᠨ ᠴᠠᠭ ᠢ ᠤᠯᠬᠤ ᠪᠠᠷ ᠴᠢᠷᠮᠠᠶᠢᠵᠤ ᠪᠠᠶᠢᠨ᠎ᠠ᠃    ᠪᠦᠷᠦᠶ ᠲᠠᠰᠤᠷᠠᠭᠰᠠᠨ ᠤ ᠳᠠᠷᠠᠭ᠎ᠠ᠂ ᠶᠦᠨ ᠴᠢᠶᠠᠩ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠶᠠᠩ ᠶᠠᠩ ᠳᠤᠭᠤᠶᠢᠯᠠᠩ ᠤᠨ ᠳᠠᠷᠤᠭ᠎ᠠ ᠶᠢᠨ ᠬᠤᠪᠢ ᠪᠠᠷ ᠲᠡᠷᠡ ᠳᠠᠷᠤᠶ ᠳᠤᠨᠢ ᠡᠯ᠎ᠡ ᠠᠵᠢᠯ ᠲᠣᠬᠢᠷᠠᠭᠤᠯᠬᠤ ᠠᠩᠭᠢ ᠳᠤ ᠡᠭᠦᠷᠭᠡ ᠳᠠᠭᠠᠭᠠᠯᠭᠠᠵᠤ᠂ ᠣᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠲᠦᠷᠭᠡᠨ ᠪᠥᠭᠡᠳ ᠡᠮᠬᠢ ᠵᠢᠷᠤᠮ ᠲᠠᠢ ᠪᠠᠶᠢᠵᠤ᠂ 3 ᠴᠠᠭ ᠤᠨ ᠳᠣᠲᠣᠷ᠎ᠠ ᠠᠵᠢᠯᠲᠠᠨ ᠤ ᠣᠷᠣᠨ ᠪᠠᠶᠢᠷᠢ ᠪᠠᠨ ᠲᠣᠭᠲᠠᠭᠠᠵᠤ᠂ ᠣᠨᠣᠪᠴᠢᠲᠠᠶ ᠵᠠᠮᠴᠢᠯᠠᠬᠤ ᠶᠢ ᠦᠨᠡᠨ ᠬᠦ ᠪᠠᠲᠤᠯᠠᠪᠠ᠃ ᠣᠲᠣ ᠪᠣᠯᠲᠠᠯ᠎ᠠ᠂ ᠨᠢᠭᠡᠨᠲᠡ 4 ᠬᠥᠮᠦᠨ ᠢ ᠨᠠᠷᠢᠯᠢᠭ ᠣᠨᠣᠴᠠᠲᠠᠶ ᠪᠠᠷ ᠨᠡᠬᠡᠮᠵᠢᠯᠡᠨ ᠪᠠᠷᠢᠪᠴᠢᠯᠠᠬᠤ ᠠᠵᠢᠯ ᠢ ᠪᠡᠶᠡᠯᠡᠭᠦᠯᠵᠦ᠂ 9 ᠬᠥᠮᠦᠨ ᠢ ᠨᠢᠭᠤᠴᠠ ᠪᠠᠷ ᠰᠢᠯᠵᠢᠭᠦᠯᠦᠨ ᠭᠠᠷᠭᠠᠵᠤ᠂ ᠸᠢᠷᠦ᠋ᠰ ᠤᠨ ᠬᠠᠯᠳᠠᠪᠤᠷᠢᠯᠠᠬᠤ ᠬᠡᠯᠬᠢᠶ᠎ᠡ ᠶᠢ ᠴᠠᠭ ᠲᠤᠬᠠᠶ ᠳᠤᠨᠢ ᠲᠠᠰᠤᠯᠪᠠ᠃    ︽ᠪᠠᠶᠠᠷᠯᠠᠯ᠎ᠠ᠂ ᠶᠦᠨ ᠱᠦᠵᠢ ᠳᠤ ᠪᠠᠶᠠᠷᠯᠠᠯ᠎ᠠ᠂ ᠲᠠ ᠪᠠᠢᠭᠰᠠᠨ ᠦᠭᠡᠶ ᠪᠣᠯ ᠪᠢ ᠶᠠᠭᠠᠬᠢᠬᠤ ᠪᠠᠨ ᠤᠯᠬᠤ ᠦᠭᠡᠶ ᠪᠠᠶᠢᠨ᠎ᠠ︾    ︽ᠬᠠᠮᠢᠶ᠎ᠠ ᠦᠭᠡᠶ᠂ ᠡᠨᠡ ᠪᠣᠯ ᠮᠢᠨᠦ ᠬᠢᠪᠡᠰᠦ ᠵᠣᠬᠢᠬᠤ ᠵᠦᠢᠯ᠂  ᠥᠭᠡᠷ᠎ᠡ ᠶᠠᠮᠠᠷ ᠬᠡᠷᠡᠭᠴᠡᠭᠡ   ᠲᠠᠢ ᠪᠣᠯ ᠰᠢᠭᠤᠳ ᠨᠠᠳᠠ ᠳᠤ ᠤᠲᠠᠰᠤᠳᠠᠭᠠᠷᠠᠢ︾    ᠡᠨᠡᠬᠦ ᠦᠵᠡᠭᠳᠡᠯ ᠨᠢ ᠲᠣᠰᠬᠤᠨ ᠤ ᠠᠷᠠᠳ ᠲᠢᠶᠠᠨ ᠷᠦᠨ ᠯᠢᠶᠠᠨ ᠤ ᠭᠡᠷ ᠤᠨ ᠡᠭᠦᠳᠡᠨ ᠳᠤ ᠭᠠᠷᠴᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠶᠦᠨ ᠴᠢᠶᠠᠩ ᠵᠡᠮᠳᠡᠭ ᠬᠥᠮᠦᠨ ᠲᠢᠶᠠᠨ ᠷᠦᠨ ᠯᠢᠶᠠᠨ ᠤ ᠬᠡᠷ ᠤᠨ ᠠᠮᠢᠳᠤᠷᠠᠯ ᠳᠤ ᠳᠥᠭᠦᠮ ᠦᠭᠡᠢ ᠪᠠᠶᠢᠬᠤ ᠶᠢ ᠣᠯᠵᠤ ᠮᠡᠳᠡᠭᠡᠳ᠂ ᠰᠠᠨᠠᠭᠠᠴᠢᠯᠠᠭ᠎ᠠ ᠠᠴᠠ ᠪᠠᠨ ᠲᠡᠭᠦᠨ ᠤ ᠡᠳᠦᠷ ᠲᠤᠲᠤᠮ ᠤᠨ ᠠᠮᠢᠳᠤᠷᠠᠯ ᠢ ᠡᠭᠦᠷᠭᠡᠯᠡᠵᠦ᠂ ᠲᠡᠭᠦᠨ ᠤ ᠬᠠᠪᠰᠤᠷᠤᠨ ᠲᠡᠳᠬᠦᠭᠴᠢ ᠪᠣᠯᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠶᠦᠨ ᠴᠢᠶᠠᠩ ᠲᠣᠰᠬᠤᠨ ᠤ ᠥᠨᠳᠥᠷ ᠨᠠᠰᠤᠲᠠᠶ᠂ ᠭᠠᠭᠴᠠᠭᠠᠷ ᠰᠠᠭᠤᠭ᠎ᠠ᠂ ᠵᠢᠷᠮᠦᠰᠦᠨ ᠡᠮᠡᠭᠲᠡᠶ ᠵᠡᠷᠭᠡ ᠣᠨᠴᠠᠭᠠᠶ ᠬᠥᠮᠦᠰ ᠢ ᠣᠨᠴᠠᠭᠠᠶᠢᠯᠠᠨ ᠠᠩᠬᠠᠷᠴᠤ᠂ ᠪᠣᠳᠠᠲᠠᠶ ᠪᠠᠶᠢᠳᠠᠯ ᠢ ᠣᠶᠢᠯᠠᠭᠠᠬᠤ ᠶᠢᠨ ᠬᠠᠮᠲᠤ ᠳᠠᠩᠰᠠᠯᠠᠬᠤ ᠠᠵᠢᠯ ᠢ ᠰᠠᠶᠢᠲᠤᠷ ᠬᠢᠵᠦ ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠶ ᠪᠠᠶᠢᠬᠤ ᠪᠠᠷ ᠴᠢᠷᠮᠠᠶᠢᠬᠤ ᠬᠡᠷᠡᠭᠲᠡᠶ᠂ ᠡᠭᠦᠨ ᠤ ᠵᠡᠷᠭᠡ ᠳᠤ ᠬᠢᠵᠢᠭ ᠰᠡᠷᠭᠡᠶᠢᠯᠡᠬᠦ ᠳᠤ ᠠᠩᠬᠠᠷᠬᠤ ᠵᠦᠢᠯ ᠤᠳ ᠢ ᠣᠯᠠᠨ ᠲᠦᠮᠡᠨ ᠳᠤ ᠬᠠᠯᠠᠰᠢᠷᠠᠯ ᠦᠭᠡᠶ ᠪᠠᠷ ᠲᠠᠶᠢᠯᠪᠤᠷᠢᠯᠠᠨ ᠥᠭᠴᠦ᠂ ᠭᠡᠷ ᠪᠦᠯᠢ ᠶᠢᠨ ᠪᠦᠷᠢᠯᠳᠦᠬᠦᠨ᠂ ᠬᠦᠢᠰᠦ ᠶᠢᠨ ᠢᠯᠭᠠᠯ᠂ ᠨᠠᠰᠤ ᠵᠢᠯ᠂ ᠬᠠᠷᠢᠯᠴᠠᠬᠤ ᠤᠲᠠᠰᠤ ᠶᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠷᠦᠬᠡ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠳᠤ ᠭᠦᠨᠵᠡᠭᠡᠶᠢᠷᠡᠨ ᠪᠠᠶᠢᠳᠠᠯ ᠢ ᠣᠶᠢᠯᠠᠭᠠᠭᠰᠠᠨ ᠪᠥᠭᠡᠳ ᠰᠠᠨᠠᠭᠠᠴᠢᠯᠠᠭ᠎ᠠ ᠠᠴᠠ ᠪᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠷᠦᠬᠡ ᠪᠣᠯᠤᠨ ᠶᠠᠳᠠᠭᠤ ᠠᠴᠠ ᠠᠩᠭᠢᠵᠢᠷᠠᠭᠤᠯᠬᠤ ᠡᠷᠦᠬᠡ ᠳᠤ ᠠᠷᠠᠳ ᠤᠨ ᠶᠠᠪᠤᠳᠠᠯ ᠤᠨ ᠠᠪᠤᠷᠠᠨ ᠲᠤᠰᠠᠯᠠᠯᠲᠠ ᠭᠤᠶᠤᠴᠢᠯᠠᠭᠰᠠᠨ ᠪᠥᠭᠡᠳ ᠬᠠᠷᠢᠯᠴᠠᠬᠤ ᠬᠡᠯᠪᠡᠷᠢ ᠪᠠᠨ ᠣᠯᠠᠨ ᠳᠤ ᠢᠯᠡ ᠪᠣᠯᠭᠠᠵᠤ᠂ ᠢᠳᠡᠰᠢᠨ ᠨᠣᠭᠤᠭ᠎ᠠ ᠶᠢᠨ ᠦᠨ᠎ᠡ ᠬᠠᠩᠰᠢ ᠶᠢ ᠢᠯᠡ ᠪᠣᠯᠭᠠᠬᠤ ᠵᠡᠷᠭᠡ ᠰᠠᠭᠤᠭᠠᠯᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ ᠢ ᠰᠢᠳᠪᠦᠷᠢᠯᠡᠵᠠᠢ᠃    ᠲᠣᠰᠬᠤᠨ ᠤ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠬᠤᠯᠠᠴᠢᠯᠠᠨ ᠦᠵᠡᠬᠦ ᠶᠢ ᠳᠡᠭᠡᠭᠰᠢᠯᠡᠭᠦᠯᠬᠦ ᠶᠢᠨ ᠲᠥᠯᠥᠭᠡ᠂ ᠶᠦᠨ ᠴᠢᠶᠠᠩ ᠵᠢᠷᠭᠢᠶ᠎ᠡ ᠶᠢᠨ ᠪᠦᠯᠦᠭ᠂ ᠪᠦᠷᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ᠂ ᠬᠢᠯᠪᠠᠷ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠲᠣᠰᠬᠤᠨ ᠤ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠵᠤ᠂ ᠴᠢᠨᠠᠭᠰᠢᠯᠠᠨ ᠡᠭᠦᠳᠡᠨ ᠳᠡᠭᠡᠷ᠎ᠡ ᠬᠠᠰᠬᠢᠷᠬᠤ ᠵᠡᠷᠭᠡ ᠬᠡᠯᠪᠡᠷᠢ ᠪᠠᠷ ᠠᠶᠢᠯ ᠲᠣᠰᠬᠤᠨ ᠢᠶᠠᠷ ᠶᠠᠪᠤᠵᠤ ᠬᠠᠮᠤᠭ ᠤᠨ ᠰᠢᠨ᠎ᠡ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠵᠢᠴᠢ ᠬᠢᠵᠢᠭ ᠢ ᠰᠡᠷᠭᠡᠶᠢᠯᠡᠬᠦ ᠮᠡᠳᠡᠯᠭᠡ ᠵᠡᠷᠭᠡ ᠶᠢ ᠤᠬᠠᠭᠤᠯᠵᠤ᠂ ᠲᠣᠰᠬᠤᠨ ᠤ ᠠᠷᠠᠳ ᠢ ᠬᠦᠯᠢᠴᠡᠩᠭᠦᠢ ᠪᠠᠷ ᠢᠳᠬᠠᠨ ᠬᠥᠮᠦᠰ ᠤᠨ ᠴᠤᠭᠯᠠᠷᠠᠯ ᠠᠴᠠ ᠪᠤᠯᠵᠤ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ᠃ ᠡᠭᠦᠨ ᠤ ᠵᠡᠷᠭᠡ ᠳᠤ ᠲᠣᠰᠬᠤᠨ ᠤ ᠠᠷᠠᠳ ᠲᠤ ᠰᠡᠳᠬᠢᠯ ᠰᠠᠨᠠᠭᠠᠨ ᠤ ᠵᠢᠯᠣᠭᠤᠳᠣᠯᠭ᠎ᠠ ᠬᠢᠵᠦ᠂ ᠲᠣᠰᠬᠤᠨ ᠤ ᠠᠷᠠᠳ ᠢ ᠵᠠᠪᠠᠯ ᠲᠣᠰᠬᠤᠨ ᠠᠴᠠ ᠪᠠᠨ ᠭᠠᠷᠬᠤ ᠥᠬᠡᠶ᠂ ᠬᠡᠷ ᠠᠴᠠ ᠪᠠᠨ ᠳᠤᠲᠠᠭᠤ ᠭᠠᠷᠴᠤ᠂ ᠴᠤᠭᠯᠠᠷᠠᠬᠤ ᠥᠬᠡᠶ ᠪᠠᠶᠢᠬᠤ ᠬᠡᠷᠡᠭᠲᠡᠶ ᠭᠡᠵᠦ ᠰᠠᠨᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠵᠢᠭ ᠢ ᠰᠡᠷᠭᠡᠶᠢᠯᠡᠬᠦ ᠮᠡᠳᠡᠯᠭᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠪᠥᠬᠦ ᠲᠠᠯ᠎ᠠ ᠪᠠᠷ᠂ ᠪᠥᠬᠦ ᠲᠠᠯ᠎ᠠ ᠪᠠᠷ᠂ ᠪᠥᠬᠦ ᠲᠠᠯ᠎ᠠ ᠪᠠᠷ ᠪᠦᠷᠬᠦᠭᠦᠯᠵᠦ᠂ ᠥᠨᠴᠥᠭ ᠪᠤᠯᠤᠩ ᠥᠬᠡᠶ ᠪᠠᠶᠢᠯᠭᠠᠬᠤ ᠬᠡᠷᠡᠭᠲᠡᠶ᠃    ᠴᠡᠭ ᠤᠨ ᠳᠠᠷᠤᠭ᠎ᠠ᠂ ᠵᠢᠵᠢᠭ ᠲᠣᠭᠤᠷᠢᠭ ᠤᠨ ᠵᠢᠵᠢᠭᠦᠷᠯᠡᠭᠴᠢ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠭᠴᠢ᠂ ᠨᠢᠭᠡ ᠨᠢᠭᠡ ᠪᠠᠷ ᠬᠠᠪᠰᠤᠷᠤᠨ ᠲᠡᠳᠬᠦᠭᠴᠢ᠂ ᠰᠡᠳᠬᠢᠴᠡ ᠶᠢ ᠲᠠᠶᠢᠳᠬᠤᠷᠠᠭᠤᠯᠤᠭᠴᠢ᠂ ᠨᠡᠬᠡᠮᠵᠢᠯᠡᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠬᠠᠷᠢᠯᠴᠠᠬᠤ ᠬᠥᠮᠦᠨ ᠢ ᠡᠴᠦᠰ ᠤᠨ ᠡᠴᠦᠰ ᠲᠤ ᠤᠰᠠᠳᠬᠠᠵᠤ᠂ ᠠᠷᠭ᠎ᠠ ᠴᠢᠨᠠᠷᠲᠠᠶ ᠠᠮᠢᠳᠤᠷᠠᠯ ᠤᠨ ᠬᠤᠭ ᠨᠣᠪᠰᠢ᠂ ᠡᠮᠨᠡᠯᠭᠡ ᠶᠢᠨ ᠬᠠᠶᠠᠭᠳᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠤᠭᠴᠢ ᠁ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠮᠳᠠ ᠶᠦᠨ ᠴᠢᠶᠠᠩ ᠣᠯᠠᠨ ᠵᠦᠢᠯ ᠤᠨ ᠳᠦᠷᠢ ᠶᠢ ᠲᠣᠭᠯᠠᠵᠤ ᠪᠠᠶᠢᠨ᠎ᠠ᠃    ︽ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠯᠢ ᠴᠢᠳᠠᠬᠤ ᠪᠠᠷ ᠨᠡᠩ ᠨᠠᠷᠢᠨ ᠨᠢᠮᠪᠠᠶ ᠪᠣᠳᠣᠯᠬᠢᠯᠠᠵᠤ᠂ ᠠᠵᠢᠯ ᠢᠶᠠᠨ ᠨᠡᠩ ᠰᠠᠨᠠᠭᠠᠴᠢᠯᠠᠭ᠎ᠠ ᠲᠠᠢ ᠪᠠᠷ ᠬᠢᠮᠡᠨᠵᠢᠨ ᠰᠠᠶ᠋ᠢ ᠬᠢᠵᠢᠭ ᠤᠨ ᠪᠠᠶᠢᠳᠠᠯ ᠤᠨ ᠭᠠᠴᠠᠭᠠᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠵᠤ ᠴᠢᠳᠠᠨ᠎ᠠ᠂ ᠪᠢ ᠪᠣᠯ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠮᠥᠨ ᠪᠣᠯᠬᠤᠷ ᠭᠠᠴᠠᠭᠠᠨ ᠤ ᠠᠷᠠᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠪᠣᠯ ᠮᠢᠨᠦ ᠵᠠᠶᠢᠯᠠᠭᠤᠯᠵᠤ ᠪᠣᠯᠤᠰᠢ ᠦᠭᠡᠶ ᠬᠠᠷᠢᠭᠤᠴᠠᠯᠭ᠎ᠠ ᠪᠠ ᠡᠭᠦᠷᠭᠡ ᠮᠥᠨ︾ ᠭᠡᠵᠦ ᠶᠦᠨ ᠴᠢᠶᠠᠩ ᠬᠡᠯᠡᠪᠡ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号