P C R ᠲᠤᠷᠰᠢᠯᠲᠠ ᠶᠢᠨ ᠲᠠᠰᠤᠭ ᠤᠨ ︽ᠡᠮᠦᠨ᠎ᠡ ᠬᠠᠷᠠᠭᠤᠯ ᠤᠨ ᠴᠡᠷᠢᠭ︾ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/12/2
   ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠷᠤ ᠳᠤ ᠲᠤᠭ᠎ᠠ ᠲᠣᠮᠰᠢ ᠥᠬᠡᠶ ᠣᠯᠠᠨ ᠡᠮᠴᠢ ᠰᠤᠪᠢᠯᠠᠭᠴᠢᠳ ᠡᠳᠦᠷᠵᠢᠨ ᠰᠥᠨᠢᠵᠢᠨ ᠠᠵᠢᠯᠯᠠᠵᠤ ᠪᠠᠶᠢᠯᠳᠤᠭᠰᠠᠨ ᠪᠠᠶᠢᠨ᠎ᠠ᠃ ᠲᠦᠮᠡᠳ ᠵᠡᠭᠦᠨ ᠬᠤᠰᠢᠭᠤᠨ ᠤ P C R ᠲᠤᠷᠰᠢᠯᠲᠠ ᠶᠢᠨ ᠲᠠᠰᠤᠭ ᠤᠨ ︽ᠡᠮᠦᠨ᠎ᠡ ᠬᠠᠷᠠᠭᠤᠯ ᠤᠨ ᠴᠡᠷᠢᠭ︾ ᠪᠣᠯᠤᠭᠰᠠᠨ ᠤ ᠬᠤᠪᠢ ᠳᠤ᠂ ᠲᠠᠳᠠ ᠲᠤᠷᠰᠢᠯᠲᠠ ᠶᠢᠨ ᠲᠠᠰᠤᠭ ᠲᠤ  ᠶᠠᠭᠤᠨ ᠠᠴᠠ ᠠᠶᠤᠬᠤ ᠦᠭᠡᠢ ᠪᠠᠲᠤ ᠰᠠᠬᠢᠵᠤ᠂ ᠴᠠᠭ ᠮᠥᠴᠡ ᠶᠢ ᠠᠯᠳᠠᠯ ᠥᠬᠡᠶ ᠪᠠᠷ ᠸᠢᠷᠦ᠋ᠰ ᠲᠠᠢ ︽ᠤᠷᠤᠯᠳᠤᠨ︾᠂ ᠲᠤᠰᠬᠠᠶ ᠮᠡᠷᠭᠡᠵᠢᠯ᠂ ᠠᠵᠢᠯ ᠦᠢᠯᠡᠰ ᠢᠶᠠᠨ ᠬᠢᠨᠠᠮᠠᠭᠠᠶ ᠳᠡᠭᠡᠳᠦᠯᠡᠬᠦ ᠵᠣᠷᠢᠭ ᠰᠠᠨᠠᠭ᠎ᠠ ᠪᠠᠷ ᠨᠢᠭᠤᠭᠳᠠᠵᠤ ᠪᠠᠶᠢᠭ᠎ᠠ ᠠᠶᠤᠯ ᠲᠦᠭᠰᠢᠭᠦᠷᠢ ᠨᠦᠭᠦᠳ ᠢ ᠨᠠᠷᠢᠯᠢᠭ ᠣᠨᠣᠴᠠᠲᠠᠶ ᠪᠠᠷ ᠪᠠᠶᠢᠴᠠᠭᠠᠨ ᠭᠠᠷᠭᠠᠵᠠᠶ᠃    ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠲᠦᠮᠡᠳ ᠵᠡᠭᠦᠨ ᠬᠤᠰᠢᠭᠤᠨ ᠤ PCR ᠤᠨ ᠥᠷᠥᠭᠡᠨ ᠤ ᠲᠤᠷᠰᠢᠯᠲᠠ ᠶᠢᠨ ᠲᠠᠰᠤᠭ ᠲᠦᠮᠡᠳ ᠵᠡᠭᠦᠨ ᠬᠤᠰᠢᠭᠤᠨ ᠤ ᠪᠥᠬᠦ ᠴᠠᠷᠠᠭᠠᠨ ᠳᠠᠬᠢ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠢ ᠡᠭᠦᠷᠭᠡᠯᠡᠵᠦ᠂ ᠡᠳᠦᠷ ᠪᠦᠷᠢ ᠪᠠᠷᠤᠭ 15000 ᠬᠤᠭᠤᠯᠠᠶ ᠣᠷᠴᠢᠮ ᠤᠨ ᠥᠯᠢᠭᠡᠷ ᠡᠳ᠋ ᠢ ᠪᠠᠶᠢᠴᠠᠭᠠᠨ ᠰᠢᠯᠭᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠨ᠎ᠠ᠃ ᠲᠡᠳᠡ ᠡᠳᠦᠷᠵᠢᠨ ᠰᠥᠨᠢᠵᠢᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠮᠤᠭ ᠤᠨ ᠲᠦᠷᠭᠡᠨ ᠬᠤᠷᠳᠤᠴᠠ ᠪᠠᠷ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠣᠨᠣᠪᠴᠢᠲᠠᠶ ᠤᠯᠠᠮᠵᠢᠯᠠᠵᠠᠶ᠃    ︽ᠲᠦᠮᠡᠳ ᠵᠡᠭᠦᠨ ᠬᠤᠰᠢᠭᠤᠨ ᠤ P C R ᠲᠤᠷᠰᠢᠯᠲᠠ ᠶᠢᠨ ᠲᠠᠰᠤᠭ 2022 ᠣᠨ ᠤ 3 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠣᠳᠣᠬᠠᠨ ᠳᠤ ᠲᠤᠷᠰᠢᠯᠲᠠ ᠶᠢᠨ ᠲᠠᠰᠤᠭ ᠲᠤ 30 ᠭᠠᠷᠤᠶ ᠠᠵᠢᠯᠲᠠᠨ ᠪᠠᠶᠢᠵᠤ᠂ ᠡᠮᠨᠡᠯᠭᠡ ᠶᠢᠨ ᠠᠵᠢᠯᠲᠠᠳ ᠴᠥᠮ ᠲᠦᠮᠡᠳ ᠵᠡᠭᠦᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠢᠷᠡᠵᠦ᠂ ᠲᠤᠷᠰᠢᠯᠲᠠ ᠶᠢᠨ ᠲᠠᠰᠤᠭ ᠠᠰᠢᠭᠯᠠᠯᠲᠠ ᠳᠤ ᠤᠷᠤᠭᠰᠠᠨ ᠠᠴᠠ ᠨᠠᠰᠢ᠂ ᠨᠢᠭᠡᠨᠲᠡ 460 ᠲᠦᠮᠡᠨ ᠬᠥᠮᠦᠨ ᠤᠳᠠᠭ᠎ᠠ ᠶᠢᠨ ᠪᠠᠶᠢᠴᠠᠭᠠᠨ ᠰᠢᠯᠭᠠᠯᠲᠠ ᠶᠢ ᠪᠡᠶᠡᠯᠡᠭᠦᠯᠵᠡᠶ︾ ᠭᠡᠵᠦ ᠲᠦᠮᠡᠳ ᠵᠡᠭᠦᠨ ᠬᠤᠰᠢᠭᠤᠨ ᠤ P C R ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠵᠤᠤ ᠬᠤᠩ ᠬᠡᠯᠡᠪᠡ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠤᠨ ᠭᠤᠭᠴᠤᠭ᠎ᠠ ᠨᠢ ᠣᠯᠠᠨ ᠪᠥᠭᠡᠳ ᠪᠤᠳᠤᠯᠢᠶᠠᠨᠲᠠᠶ ᠪᠠᠶᠢᠵᠤ᠂ ᠡᠯ᠎ᠡ ᠶᠠᠪᠤᠴᠠ ᠨᠢ ᠨᠢᠭᠲᠠ ᠬᠤᠯᠪᠣᠯᠳᠤᠵᠤ᠂ ᠨᠢᠭᠲᠠ ᠬᠤᠯᠪᠣᠯᠳᠤᠵᠤ ᠪᠠᠶᠢᠳᠠᠭ᠃ ᠶᠠᠩᠵᠤ ᠬᠤᠷᠢᠶᠠᠵᠤ ᠠᠪᠳᠠᠷ᠎ᠠ ᠨᠡᠭᠡᠭᠡᠬᠦ ᠺᠣᠳ᠋ ᠰᠢᠷᠪᠢᠬᠦ᠂ ᠲᠤᠭ᠎ᠠ ᠶᠢ ᠲᠣᠭᠠᠯᠠᠨ ᠪᠦᠷᠢᠳᠬᠡᠬᠦ᠂ ᠺᠣᠳ᠋ ᠰᠢᠷᠪᠢᠬᠦ ᠪᠥᠰ ᠬᠠᠪᠲᠠᠰᠤ᠂ ᠥᠷᠥᠭᠡᠨ ᠳᠤ ᠣᠷᠣᠭᠤᠯᠤᠨ ᠤᠷᠪᠠᠯᠵᠢ ᠨᠠᠶᠢᠷᠠᠭᠤᠯᠬᠤ᠂ ᠶᠠᠩᠵᠤ ᠨᠡᠮᠡᠵᠦ ᠭᠠᠷᠭᠠᠨ ᠠᠪᠬᠤ᠂ ᠶᠠᠩᠵᠤ ᠨᠡᠮᠡᠵᠦ ᠳᠠᠮᠵᠢᠭᠤᠯᠤᠨ ᠲᠡᠭᠡᠭᠡᠪᠦᠷᠢᠯᠡᠬᠦ᠂ ᠮᠠᠰᠢᠨ ᠳᠤ ᠭᠠᠷᠭᠠᠵᠤ ᠥᠷᠭᠡᠳᠬᠡᠨ ᠨᠡᠮᠡᠭᠳᠡᠭᠦᠯᠬᠦ᠂ ᠦᠷ᠎ᠡ ᠳ᠋ᠦᠩ ᠢ ᠬᠢᠨᠠᠨ ᠬᠠᠷᠭᠤᠭᠤᠯᠤᠭᠠᠳ ᠬᠠᠮᠤᠭ ᠰᠡᠭᠦᠯ ᠳᠤ ᠦᠷ᠎ᠡ ᠳ᠋ᠦᠩ ᠢ ᠭᠠᠷᠭᠠᠵᠤ ᠥᠭᠬᠦ ᠪᠣᠯᠭᠠᠨ᠎ᠠ᠃ ᠡᠨᠡ ᠨᠢ ᠦᠷ᠎ᠡ ᠳ᠋ᠦᠩ ᠤᠨ ᠵᠥᠪ ᠣᠨᠣᠪᠴᠢᠲᠤ ᠴᠢᠨᠠᠷ ᠲᠤ ᠬᠤᠯᠪᠣᠭᠳᠠᠬᠤ ᠪᠠᠷ ᠪᠠᠷᠠᠬᠤ ᠥᠬᠡᠶ᠂ ᠪᠠᠰᠠ ᠪᠠᠶᠢᠴᠠᠭᠠᠨ ᠰᠢᠯᠭᠠᠬᠤ ᠠᠵᠢᠯᠲᠠᠨ ᠤ ᠲᠣᠰ ᠪᠡᠶ᠎ᠡ ᠶᠢᠨ ᠠᠮᠤᠷ ᠲᠦᠪᠰᠢᠨ ᠳᠤ ᠬᠤᠯᠪᠣᠭᠳᠠᠨ᠎ᠠ᠂ ᠡᠶᠢᠮᠦ ᠠᠴᠠ ᠪᠠᠶᠢᠴᠠᠭᠠᠨ ᠰᠢᠯᠭᠠᠬᠤ ᠠᠵᠢᠯᠲᠠᠨ ᠡᠷᠬᠡᠪᠰᠢ ᠬᠡᠷᠰᠡᠤ ᠪᠣᠯᠭᠤᠮᠵᠢᠲᠠᠶ ᠪᠠᠶᠢᠬᠤ ᠬᠡᠷᠡᠭᠲᠡᠶ᠂ ᠤᠴᠢᠷ ᠨᠢ ᠡᠨᠡ ᠨᠢ ᠦᠷ᠎ᠡ ᠳ᠋ᠦᠩ ᠤᠨ ᠵᠥᠪ ᠣᠨᠣᠪᠴᠢᠲᠤ ᠴᠢᠨᠠᠷ ᠲᠤ ᠬᠤᠯᠪᠣᠭᠳᠠᠨ᠎ᠠ᠃    ᠬᠠᠮᠠᠭᠠᠯᠠᠯᠲᠠ ᠶᠢᠨ ᠬᠤᠪᠴᠠᠰᠤ ᠪᠠᠨ ᠳᠠᠬᠢᠨ ᠳᠠᠪᠲᠠᠨ ᠡᠮᠦᠰᠴᠦ ᠪᠣᠬᠢᠷᠲᠤᠭᠤᠯᠤᠯ ᠡᠭᠦᠰᠬᠦ ᠠᠴᠠ ᠰᠡᠷᠭᠡᠶᠢᠯᠡᠬᠦ ᠶᠢᠨ ᠬᠠᠮᠲᠤ ᠬᠡᠷᠡᠭ ᠦᠭᠡᠢ ᠪᠦᠷᠢᠯᠭᠡᠨ ᠰᠦᠢᠳᠬᠡᠬᠦ ᠠᠴᠠ ᠴᠦ ᠰᠡᠷᠭᠡᠶᠢᠯᠡᠬᠦ ᠶᠢᠨ ᠲᠥᠯᠥᠭᠡ ᠶᠤᠮ᠃ ᠰᠢᠯᠭᠠᠨ ᠪᠠᠶᠢᠴᠠᠭᠠᠬᠤ ᠠᠵᠢᠯᠲᠠᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠴᠢᠳᠠᠬᠤ ᠶᠢᠨ ᠳᠣᠲᠣᠷ᠎ᠠ ᠬᠤᠭᠤᠯᠠ ᠢᠳᠡᠬᠦ ᠪᠠᠨ ᠪᠠᠭᠠᠰᠬᠠᠳᠠᠭ᠃ ᠡᠭᠦᠨ ᠤ ᠬᠠᠮᠲᠤ ᠲᠡᠳᠡ ᠪᠠᠰᠠ ᠰᠥᠭᠡᠷᠭᠦ ᠳᠠᠷᠤᠯᠲᠠ ᠶᠢᠨ ᠣᠷᠴᠢᠨ ᠲᠣᠭᠤᠷᠢᠨ ᠳᠤ ᠴᠡᠭᠡᠵᠢ ᠪᠤᠬᠢᠨᠢᠳᠤᠬᠤ᠂ ᠠᠮᠢᠰᠬᠤᠯ ᠴᠢᠬᠤᠯᠳᠠᠬᠤ ᠵᠡᠷᠭᠡ ᠠᠯᠢ ᠣᠯᠠᠨ ᠡᠪ ᠦᠭᠡᠢ ᠪᠠᠶᠢᠳᠠᠯ ᠳᠤ ᠬᠠᠨᠳᠤᠳᠠᠭ᠃ ᠵᠠᠷᠢᠮ ᠳᠠᠭᠠᠨ ᠡᠭᠦᠷᠭᠡ ᠪᠠᠴᠢᠮ ᠮᠥᠷᠲᠡᠭᠡᠨ ᠨᠦᠰᠡᠷ ᠬᠦᠨᠳᠦ ᠪᠠᠶᠢᠳᠠᠭ ᠪᠣᠯᠬᠤᠷ ᠠᠷᠪᠠᠨ ᠬᠡᠳᠦᠨ ᠴᠠᠭ ᠢᠶᠠᠷ ᠪᠠᠷᠢᠮᠲᠠᠯᠠᠬᠤ ᠴᠢᠬᠤᠯᠠ ᠲᠠᠢ ᠪᠠᠶᠢᠳᠠᠭ᠃     ︽ᠬᠠᠮᠤᠭ ᠤᠨ ᠶᠠᠭᠠᠷᠠᠤ ᠨᠢᠭᠡ ᠡᠳᠦᠷ ᠲᠤ 2 ᠲᠦᠮᠡ ᠭᠠᠷᠤᠶ ᠦᠯᠢᠭᠡᠷ ᠬᠡᠪ ᠢ ᠰᠢᠯᠭᠠᠨ ᠪᠠᠶᠢᠴᠠᠭᠠᠵᠠᠶ᠂ ᠬᠡᠳᠦ᠋ᠢᠪᠡᠷ ᠵᠦᠳᠡᠷᠡᠯᠲᠡᠶ ᠪᠣᠯᠪᠠᠴᠤ ᠣᠯᠠᠨ ᠢᠶᠠᠷ ᠢᠶᠠᠨ ᠥᠴᠦᠬᠡᠨ ᠴᠦ ᠭᠤᠮᠣᠳᠠᠯ ᠦᠭᠡᠶ᠂ ᠡᠶᠢᠮᠦ ᠨᠢᠭᠡ ᠪᠦᠯᠦᠭ ᠭᠤᠶᠠᠴᠢ ᠦᠭᠡᠶ ᠵᠢᠳᠬᠦᠳᠡᠭ ︿ᠳᠠᠶᠢᠴᠢᠨ ᠬᠠᠨᠢ﹀ ᠲᠠᠢ ᠬᠠᠮᠲᠤ ᠪᠠᠷ ᠬᠢᠵᠢᠭ ᠡᠪᠡᠳᠴᠢᠨ ᠢ ᠡᠰᠡᠷᠭᠦᠴᠡᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ︾ ᠭᠡᠵᠦ ᠠᠵᠢᠯᠲᠠᠨ ᠸᠠᠩ ᠰᠢᠨ ᠵᠦᠩ ᠬᠡᠯᠡᠪᠡ᠃    ︽ᠲᠠᠷᠠᠭᠠᠴᠢ ᠶᠢᠨ ᠠᠯᠬᠤᠮ ᠳᠤ᠂ ᠪᠢᠳᠡ ᠬᠠᠮᠤᠭ ᠤᠨ ᠣᠨᠣᠪᠴᠢᠲᠠᠶ ᠲᠤᠭ᠎ᠠ ᠪᠠᠷᠢᠮᠲᠠ᠂ ᠬᠠᠮᠤᠭ ᠤᠨ ᠣᠷᠭᠢᠯᠤᠮ᠎ᠠ ᠬᠠᠯᠠᠭᠤᠨ ᠰᠡᠳᠬᠢᠯᠭᠡ᠂ ᠬᠠᠮᠤᠭ ᠤᠨ ᠥᠨᠳᠥᠷ ᠪᠦᠲᠦᠮᠵᠢᠲᠡᠶ ᠠᠵᠢᠯᠯᠠᠭ᠎ᠠ ᠪᠠᠷ ᠢᠶᠠᠨ ᠦᠷᠭᠦᠯᠵᠢᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︿ᠡᠮᠦᠨ᠎ᠡ ᠬᠠᠷᠠᠭᠤᠯ ᠤᠨ ᠴᠡᠷᠢᠭ﹀ ᠪᠣᠯᠵᠣ᠂ ᠨᠡᠶᠢᠭᠡᠮ᠂ ᠥᠷᠭᠡᠨ ᠣᠯᠠᠨ ᠠᠷᠠᠳ ᠲᠦᠮᠡᠨ ᠳᠤ ᠨᠠᠩ ᠰᠠᠶᠢᠨ ᠦᠢᠯᠡᠴᠢᠯᠡᠨ᠎ᠡ︕︾ ᠭᠡᠵᠦ ᠵᠤᠤ ᠬᠤᠩ ᠬᠡᠯᠡᠪᠡ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号