ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠲᠤ᠄ ᠮᠠᠨ ᠤ ᠬᠤᠲᠠ ᠶᠢᠨ ᠪᠥᠬᠦ ᠠᠷᠠᠳ ᠢ ᠳᠠᠭᠠᠳᠬᠠᠯ ᠳᠤ ᠣᠷᠤᠯᠴᠠᠭᠤᠯᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠨᠣᠷᠮ᠎ᠠ ᠪᠠ | ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ︵ᠳᠣᠷᠣᠭᠰᠢ ︽ᠬᠤᠣᠰ | ᠨᠣᠷᠮ᠎ᠠ︾ ᠭᠡᠵᠦ ᠲᠣᠪᠴᠢᠯᠠᠨ᠎ᠠ︶ ᠶᠢ ᠲᠦᠷᠭᠡᠨ ᠳᠡᠭᠡᠭᠰᠢᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ | ᠬᠠᠷᠠᠯᠲᠠᠲᠤ ᠡᠭᠦᠷᠭᠡ ᠶᠢᠨ ᠱᠠᠭᠠᠷᠳᠠᠯᠭ᠎ᠠ ᠶᠢ ᠲᠦᠷᠭᠡᠬᠡᠨ ᠪᠡᠶᠡᠯᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ | ᠣᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃ ᠨᠢᠭᠡ᠂ ᠠᠵᠢᠯ ᠤᠨ ᠬᠠᠷᠠᠯᠲᠠ ᠤᠯᠤᠰ᠂ ᠥᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠶᠣᠰᠣᠭᠠᠷ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠨᠣᠷᠮ᠎ᠠ ᠶᠢ 95% | ᠠᠴᠠ ᠳᠡᠭᠡᠭᠰᠢ ᠳᠤ ᠪᠠᠶᠢᠯᠭᠠᠵᠤ᠂ ᠲᠤᠯᠤᠭᠠᠨ ᠲᠥᠷᠥᠯ ᠤᠨ ᠬᠦᠴᠢᠷᠳᠡᠯᠲᠡᠢ ᠬᠥᠮᠥᠰ ᠤᠨ ᠳᠠᠭᠠᠳᠬᠠᠯ ᠳᠤ | ᠣᠷᠤᠯᠴᠠᠬᠤ ᠨᠣᠷᠮ᠎ᠠ ᠶᠢ 100 % ᠳᠤ ᠬᠦᠷᠦᠭᠦᠯᠵᠦ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ | ᠪᠠᠷᠢᠮᠲᠠ ᠶᠢ ᠠᠮᠢᠯᠠᠭᠤᠯᠤᠭᠰᠠᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ᠬᠤᠶᠠᠷ᠂ ᠡᠭᠦᠷᠭᠡ ᠶᠢᠨ | ᠬᠤᠪᠢᠶᠠᠷᠢᠯᠠᠯ ︵ᠨᠢᠭᠡ︶ ᠪᠥᠬᠦ ᠠᠷᠠᠳ ︵ᠬᠦᠴᠢᠷᠳᠡᠯᠲᠡᠢ ᠬᠦᠮᠦᠰ︶ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ | ᠳᠡᠭᠡᠭᠰᠢᠯᠡᠭᠦᠯᠦᠨ᠎ᠡ 1. ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠤᠰᠢᠭᠤ | ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ | ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠠᠷᠢᠭᠤᠴᠠᠨ ᠪᠠᠶᠢᠭᠤᠯᠵᠤ᠂ ᠪᠥᠬᠦ ᠠᠷᠠᠳ ᠤᠨ | ᠳᠠᠭᠠᠳᠬᠠᠯ ᠳᠤ ᠣᠷᠤᠯᠴᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ︔ ᠳᠠᠭᠠᠳᠬᠠᠯ ᠳᠤ | ᠣᠷᠣᠯᠴᠠᠭᠰᠠᠨ ᠰᠠᠭᠤᠷᠢ ᠲᠤᠭ᠎ᠠ ᠶᠢ ᠣᠨᠣᠪᠴᠢᠲᠠᠶ ᠡᠵᠡᠮᠰᠢᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠭᠰᠠᠨ ᠡᠬᠡ ᠲᠠᠩᠰᠠ ᠶᠢ ᠪᠠᠶᠢᠭᠤᠯᠬᠤ ᠬᠡᠷᠡᠭᠲᠡᠢ︔ ᠬᠠᠷᠢᠶ᠎ᠠ ᠣᠷᠣᠨ ᠤ ᠡᠳᠦᠷ ᠪᠦᠷᠢ ᠶᠢᠨ ᠳᠠᠭᠠᠳᠬᠠᠯ ᠳᠤ | ᠣᠷᠣᠯᠴᠠᠭᠰᠠᠨ ᠬᠥᠳᠡᠯᠦᠩᠭᠦᠢ ᠲᠤᠭ᠎ᠠ ᠪᠠᠷᠢᠮᠲᠠ ᠪᠠ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠵᠠᠷᠯᠠᠨ᠎ᠠ︔ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠪᠠᠨ ᠬᠥᠮᠥᠨ ᠬᠡᠷᠡᠭᠯᠡᠬᠦ ᠨᠢᠭᠡᠴᠡ ᠶᠢᠨ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠤᠯᠴᠠᠭᠰᠠᠨ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ | ᠃ 2. ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠳᠠᠭᠠᠳᠬᠠᠯ ᠳᠤ ᠣᠷᠣᠯᠴᠠᠭᠰᠠᠳ ᠤᠨ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠷᠢᠴᠠᠭᠤᠯᠬᠤ᠂ ᠪᠦᠷᠢᠳᠬᠡᠬᠦ ᠶᠢ ᠬᠠᠷᠢᠭᠤᠴᠠᠵᠤ᠂ | ᠳᠠᠭᠠᠳᠬᠠᠯ ᠳᠤ ᠣᠷᠣᠯᠴᠠᠭᠰᠠᠨ ᠦᠭᠡᠢ ᠮᠠᠳᠠᠭ ᠲᠠᠢ ᠬᠥᠮᠥᠰ ᠤᠨ ᠮᠡᠳᠡᠭᠡ ᠵᠠᠩᠭᠢ ᠶᠢ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠱᠠᠲᠤᠨ ᠤ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠪᠢᠶᠠᠷᠢᠯᠠᠨ ᠲᠠᠷᠬᠠᠭᠠᠨ᠎ᠠ︔ ᠪᠥᠬᠦ ᠬᠤᠲᠠ ᠶᠢᠨ ᠡᠳᠦᠷ | ᠪᠦᠷᠢ ᠶᠢᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠤᠨ ᠲᠤᠭ᠎ᠠ ᠪᠠᠷᠢᠮᠲᠠ ᠪᠠ ᠨᠡᠷᠡᠰ ᠤᠨ ᠵᠢᠭᠰᠠᠭᠠᠯᠲᠠ ᠶᠢ | ᠵᠠᠷᠯᠠᠨ᠎ᠠ︔ ᠲᠣᠰ ᠱᠠᠲᠤᠨ ᠤ ᠬᠥᠮᠥᠨ ᠬᠡᠷᠡᠭᠯᠡᠬᠦ ᠨᠢᠭᠡᠴᠡ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠢ ᠬᠢᠨᠠᠨ ᠬᠠᠷᠭᠤᠭᠤᠯᠬᠤ ᠠᠵᠢᠯ ᠢ ᠪᠥᠬᠦ ᠲᠠᠯ᠎ᠠ ᠪᠠᠷ ᠥᠷᠨᠢᠬᠦᠯᠦᠨ᠎ᠡ︔ ᠪᠦᠬᠦ | ᠠᠷᠠᠳ ᠤᠨ ᠳᠠᠭᠠᠳᠬᠠᠯ ᠳᠤ ᠣᠷᠤᠯᠴᠠᠬᠤ ᠠᠵᠢᠯ ᠤᠨ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠪᠠ ᠲᠤᠬᠠᠢ ᠶᠢᠨ | ᠭᠠᠵᠠᠷ ᠲᠤᠨᠢ ᠰᠢᠮᠳᠠᠭᠤᠯᠤᠨ ᠵᠢᠯᠤᠭᠤᠳᠬᠤ ᠠᠵᠢᠯ ᠢ ᠥᠷᠨᠢᠬᠦᠯᠦᠨ᠎ᠡ᠃ 3. ᠡᠯ᠎ᠡ ᠱᠠᠲᠤᠨ ᠤ ᠡᠮᠴᠢᠯᠡᠭᠡᠨ ᠤ | ᠳᠠᠭᠠᠳᠬᠠᠯ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠵᠣᠯᠭᠠᠭᠤᠯᠤᠨ | ᠬᠤᠯᠪᠣᠭᠠᠯᠠᠬᠤ ᠲᠣᠭᠲᠠᠴᠠ ᠶᠢ ᠪᠠᠶᠢᠭᠤᠯᠤᠨ᠎ᠠ︔ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ | ᠬᠡᠷᠡᠭᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠢᠳᠡᠪᠬᠢᠲᠡᠢ ᠠᠬᠢᠭᠤᠯᠤᠨ᠎ᠠ︔ ᠡᠯ᠎ᠡ ᠲᠥᠷᠥᠯ ᠤᠨ | ᠳᠠᠭᠠᠳᠬᠠᠯ ᠳᠤ ᠣᠷᠣᠯᠴᠠᠭᠰᠠᠳ ᠤᠨ ᠰᠠᠭᠤᠷᠢ ᠲᠤᠭ᠎ᠠ ᠪᠠ ᠲᠠᠷᠬᠠᠯᠲᠠ ᠶᠢᠨ ᠪᠠᠶᠢᠳᠠᠯ ᠢ ᠴᠠᠭ ᠲᠤᠬᠠᠢ ᠳᠤᠨᠢ | ᠡᠵᠡᠮᠰᠢᠨ᠎ᠡ᠃ ᠰᠠᠷ᠎ᠠ ᠪᠦᠷᠢ ᠶᠢᠨ 15 ᠤ ᠡᠳᠦᠷ᠂ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠬᠦᠴᠢᠷᠳᠡᠯᠲᠡᠢ ᠤᠯᠠᠨ | ᠲᠦᠮᠡᠨ ᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠴᠠᠭ ᠲᠠᠭᠠᠨ ᠳᠠᠮᠵᠢᠭᠤᠯᠤᠨ ᠬᠦᠷᠭᠡᠬᠦ ᠬᠡᠷᠡᠭᠲᠡᠢ︔ | ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢ ᠰᠢᠭᠰᠢᠨ | ᠪᠠᠶᠢᠴᠠᠭᠠᠵᠤ ᠬᠠᠷᠢᠴᠠᠭᠤᠯᠬᠤ ᠶᠢᠨ ᠬᠠᠮᠲᠤ 20 ᠤ ᠡᠳᠦᠷ ᠠᠴᠠ ᠡᠮᠦᠨ᠎ᠡ ᠵᠠᠳᠠᠯᠤᠨ ᠬᠠᠷᠢᠴᠠᠭᠤᠯᠤᠭᠰᠠᠨ ᠤ ᠳᠠᠷᠠᠭᠠᠬᠢ | ᠳᠠᠭᠠᠳᠬᠠᠯ ᠳᠤ ᠣᠷᠣᠯᠴᠠᠭᠰᠠᠨ ᠦᠭᠡᠢ ᠮᠠᠳᠠᠭ ᠲᠠᠢ ᠲᠤᠭ᠎ᠠ ᠪᠠᠷᠢᠮᠲᠠ ᠶᠢ ᠬᠤᠰᠢᠭᠤ ᠰᠢᠶᠠᠨ ᠲᠣᠭᠤᠷᠢᠭ ᠤᠨ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠭᠡᠨ ᠥᠭᠴᠦ᠂ ᠬᠤᠰᠢᠭᠤ ᠰᠢᠶᠠᠨ ᠲᠣᠭᠤᠷᠢᠭ ᠤᠨ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ︽ᠬᠡᠨ ᠮᠠᠭᠠᠳᠯᠠᠨ ᠲᠣᠭᠲᠠᠭᠠᠭᠰᠠᠨ ᠪᠣᠯ ᠲᠡᠷᠡ | ᠬᠠᠷᠢᠭᠤᠴᠠᠬᠤ︾ ᠵᠠᠷᠴᠢᠮ ᠶᠣᠰᠣᠭᠠᠷ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ ᠬᠦᠷᠭᠡᠨ ᠥᠭᠴᠦ᠂ | ᠬᠤᠯᠪᠤᠭᠳᠠᠯ ᠪᠦᠬᠦᠢ ᠰᠠᠯᠠᠭ᠎ᠠ ᠮᠥᠴᠢᠷ ᠠᠴᠠ ᠳᠠᠭᠠᠳᠬᠠᠯ ᠳᠤ ᠣᠷᠣᠯᠴᠠᠭᠤᠯᠬᠤ ᠪᠠᠷ ᠳᠠᠶᠢᠴᠢᠯᠠᠨ᠎ᠠ᠃ ᠡᠯ᠎ᠡ | ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠥᠬᠡᠬᠤᠲᠠ ᠳᠤ ᠪᠠᠶᠢᠭ᠎ᠠ ᠶᠡᠭᠡ ᠳᠡᠭᠡᠳᠦ ᠰᠤᠷᠭᠠᠭᠤᠯᠢ᠂ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠢ ᠬᠠᠪᠰᠤᠷᠤᠨ ᠪᠣᠳᠠᠲᠠᠶᠢᠵᠢᠭᠤᠯᠵᠤ᠂ | ᠰᠤᠷᠭᠠᠭᠤᠯᠢ ᠠᠴᠠ ᠰᠤᠷᠤᠭᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠳᠠᠭᠠᠳᠬᠠᠯ ᠤᠨ | ᠰᠦᠢᠳᠬᠡᠯ ᠢ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠶᠢ ᠨᠢᠭᠡᠳᠦᠯᠲᠡᠢ ᠵᠣᠬᠢᠶᠠᠨ ᠪᠠᠶᠢᠭᠤᠯᠵᠤ᠂ ᠶᠡᠭᠡ ᠳᠡᠭᠡᠳᠦ | ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠰᠣᠷᠣᠭᠴᠢ ︵ᠬᠡᠦᠬᠡᠳ︶ ᠶᠢᠨ ᠳᠠᠭᠠᠳᠬᠠᠯ ᠳᠤ | ᠣᠷᠤᠯᠴᠠᠬᠤ ᠶᠣᠰᠣᠲᠠᠢ ᠶᠢ ᠪᠦᠬᠦᠨ ᠢ ᠣᠷᠤᠯᠴᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠭᠡ | ᠳᠡᠭᠡᠳᠦ ᠰᠤᠷᠭᠠᠭᠤᠯᠢ ᠶᠢᠨ ᠬᠠᠮᠢᠶᠠᠷᠤᠯᠲᠠ ᠶᠢᠨ ᠭᠠᠵᠠᠷ ᠲᠠᠰᠤᠭ ᠢ ᠬᠠᠪᠰᠤᠷᠤᠨ ᠵᠣᠬᠢᠴᠠᠭᠤᠯᠵᠤ᠂ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠥᠬᠡᠬᠤᠲᠠ ᠳᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠪᠥᠬᠦ | ᠤᠶᠤᠲᠠᠳ ᠤᠨ ᠳᠠᠭᠠᠳᠬᠠᠯ ᠳᠤ ᠣᠷᠤᠯᠴᠠᠬᠤ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ᠃ ︵ | ᠬᠤᠶᠠᠷ︶ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ᠶᠢ | ᠲᠦᠷᠭᠡᠳᠬᠡᠨ ᠠᠬᠢᠭᠤᠯᠤᠨ᠎ᠠ 1. ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ | ᠲᠣᠰ ᠬᠠᠷᠢᠶ᠎ᠠ ᠣᠷᠣᠨ ᠤ ᠪᠠᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠵᠢᠯᠲᠠᠨ᠂ ᠲᠣᠰᠬᠤᠨ ︵ᠨᠡᠶᠢᠭᠡᠮ | ᠲᠣᠭᠤᠷᠢᠭ︶ ᠤ ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ᠂ ᠲᠣᠰᠬᠤᠨ ᠳᠤ ᠰᠠᠭᠤᠭ᠎ᠠ ᠺᠠᠳ᠋ᠷ ᠵᠡᠷᠭᠡ | ᠦᠨᠳᠦᠰᠦᠨ ᠱᠠᠲᠤᠨ ᠤ ᠠᠵᠢᠯᠲᠠᠨ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ | ᠭᠠᠳᠠᠨᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ | ᠠᠮᠢᠯᠠᠭᠤᠯᠤᠨ ᠬᠡᠷᠡᠭᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠬᠦᠷᠭᠡᠵᠦ᠂ ᠬᠠᠷᠢᠶ᠎ᠠ ᠣᠷᠣᠨ ᠤ ᠳᠠᠭᠠᠳᠬᠠᠯ ᠳᠤ | ᠣᠷᠣᠯᠴᠠᠭᠰᠠᠳ ᠤᠨ ᠪᠠᠭᠤᠯᠭᠠᠵᠤ ᠠᠮᠢᠯᠠᠭᠤᠯᠤᠨ ᠬᠡᠷᠡᠭᠯᠡᠬᠦ ᠳᠤ ᠬᠠᠪᠰᠤᠷᠤᠨ᠂ ᠡᠷᠦᠬᠡ ᠳᠠᠷᠠᠭᠠᠯᠠᠨ ᠬᠥᠮᠥᠨ | ᠳᠠᠷᠠᠭᠠᠯᠠᠨ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠵᠦ ᠪᠠᠶᠢᠭ᠎ᠠ | ᠪᠠᠶᠢᠳᠠᠯ ᠢ ᠪᠦᠷᠢᠳᠬᠡᠵᠦ᠂ ᠵᠢᠭᠰᠠᠭᠠᠨ ᠪᠠᠶᠢᠴᠠᠭᠠᠨ᠎ᠠ᠃ 2. ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠲᠦᠷᠦᠭᠦᠯᠡᠨ ᠪᠥᠬᠦ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠠᠮᠢᠯᠠᠭᠤᠯᠤᠨ | ᠬᠡᠷᠡᠭᠯᠡᠬᠦ ᠠᠵᠢᠯ ᠢ ᠠᠬᠢᠭᠤᠯᠤᠨ᠎ᠠ︔ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢᠨ | ᠬᠡᠷᠡᠭᠯᠡᠯᠲᠡ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ | ᠪᠠᠷᠢᠮᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠵᠣᠬᠢᠶᠠᠨ ᠦᠢᠯᠡᠳᠴᠦ ᠲᠠᠷᠬᠠᠭᠠᠨ᠎ᠠ︔ ᠬᠤᠰᠢᠭᠤ ᠰᠢᠶᠠᠨ | ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠬᠢᠯᠪᠠᠷ ᠣᠶᠢᠯᠠᠭᠠᠮᠵᠢᠲᠠᠢ᠂ ᠦᠵᠡᠵᠦ ᠰᠣᠨᠢᠷᠬᠠᠬᠤ ᠳᠤᠷᠠᠲᠠᠢ᠂ ᠠᠦ᠋ᠳᠢᠤ᠋᠂ ᠸᠢᠳᠢᠤ᠋ ᠪᠢᠴᠢᠯᠭᠡ ᠶᠢ | ᠦᠢᠯᠡᠳᠴᠦ᠂ ᠲᠣᠰᠬᠤᠨ ᠪᠣᠯᠭᠠᠨ ᠳᠤ ᠨᠡᠪᠲᠡᠷᠡᠬᠦ ᠷᠠᠳᠢᠤ᠋᠂ ᠴᠣᠣᠷᠢᠶ᠎ᠠ ᠵᠡᠷᠭᠡ ᠰᠢᠨ᠎ᠡ ᠵᠠᠭᠤᠴᠢᠯᠠᠭᠤᠷ ᠢᠶᠠᠷ | ᠳᠠᠮᠵᠢᠭᠤᠯᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ 3. ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ ᠨᠢ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠵᠤ | ᠥᠷᠭᠡᠨ ᠣᠯᠠᠨ ᠪᠠᠭᠰᠢ ᠰᠤᠷᠤᠭᠴᠢᠳ ᠲᠤ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ | ᠠᠮᠢᠯᠠᠭᠤᠯᠤᠨ ᠬᠡᠷᠡᠭᠯᠡᠬᠦ ᠶᠠᠪᠤᠴᠠ᠂ ᠬᠡᠷᠡᠭᠯᠡᠬᠦ ᠪᠠᠶᠢᠳᠠᠯ ᠢ ᠤᠬᠠᠭᠤᠯᠵᠤ᠂ ᠰᠤᠷᠭᠠᠭᠤᠯᠢ ᠳᠤ ᠪᠠᠶᠢᠭ᠎ᠠ ᠰᠣᠷᠣᠭᠴᠢ | ᠵᠢᠴᠢ ᠭᠡᠷ ᠪᠦᠯᠢ ᠶᠢᠨ ᠪᠦᠷᠢᠯᠳᠦᠭᠦᠨ ᠤ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ | ᠠᠮᠢᠯᠠᠭᠤᠯᠤᠭᠰᠠᠨ ᠨᠣᠷᠮ᠎ᠠ ᠶᠢ 100% ᠳᠤ ᠬᠦᠷᠦᠭᠦᠯᠬᠦ ᠶᠢ ᠠᠬᠢᠭᠤᠯᠬᠤ ᠬᠡᠷᠡᠭᠲᠡᠢ᠃ 4. ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠦᠬᠦ ᠬᠤᠲᠠ ᠶᠢᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ 134 ᠪᠦᠬᠦ ᠬᠡᠮᠵᠢᠶᠡᠨ ᠤ ᠵᠠᠯᠭᠠᠭᠠᠰᠤ ᠶᠢ ᠦᠭᠡᠷᠡᠴᠢᠯᠡᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ᠂ | ᠭᠤᠷᠪᠠᠳᠠᠭᠢ ᠡᠲᠡᠭᠡᠳ ᠤᠨ ᠠᠷᠭ᠎ᠠ ᠵᠠᠮ ᠤᠨ ᠰᠢᠰᠲ᠋ᠧᠮ᠂ ᠲᠤᠭᠲᠠᠭᠰᠠᠨ ᠴᠡᠭ ᠤᠨ ᠡᠮ ᠡᠮᠨᠡᠯᠭᠡ ᠶᠢᠨ | ᠪᠠᠶᠢᠭᠤᠯᠤᠮᠵᠢ ᠶᠢᠨ ᠰᠢᠰᠲ᠋ᠧᠮ ᠢ ᠡᠮᠴᠢᠯᠡᠭᠡᠨ ᠤ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠬᠦ ᠲᠥᠪ ᠲᠤ ᠵᠡᠷᠭᠡᠪᠡᠷ | ᠵᠠᠯᠭᠠᠨ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠳ᠋ᠤᠭᠠᠷᠯᠠᠬᠤ᠂ ᠡᠮᠨᠡᠭᠦᠯᠬᠦ᠂ | ᠲᠣᠭᠠᠴᠠᠭ᠎ᠠ ᠬᠢᠬᠦ᠂ ᠡᠮ ᠠᠪᠬᠤ᠂ ᠮᠡᠳᠡᠭᠦᠯᠦᠯᠲᠡ ᠠᠪᠬᠤ ᠵᠡᠷᠭᠡ ᠡᠪᠡᠳᠴᠢᠨ ᠦᠵᠡᠭᠦᠯᠬᠦ ᠦᠢᠯᠡᠴᠢᠯᠡᠭᠡᠨ ᠤ ᠪᠥᠬᠦ | ᠶᠠᠪᠤᠴᠠ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠡᠪᠡᠳᠴᠢᠨ | ᠦᠵᠡᠭᠦᠯᠵᠦ ᠡᠮᠨᠡᠭᠦᠯᠬᠦ ᠳᠤ ᠨᠢᠭᠡᠯᠡ ᠺᠣᠳ᠋ ᠢᠶᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠎ᠡ︔ ᠪᠥᠬᠦ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠡᠯ᠎ᠡ | ᠭᠤᠭᠴᠤᠭ᠎ᠠ ᠶᠢᠨ ᠦᠢᠯᠡᠴᠢᠯᠡᠭᠡᠨ ᠤ ᠴᠣᠩᠬᠤ᠂ ᠥᠪᠡᠰᠦᠪᠡᠨ ᠬᠦᠢᠴᠡᠳᠭᠡᠬᠦ ᠮᠠᠰᠢᠨ ᠤ ᠢᠯᠡ ᠪᠠᠶᠢᠷᠢᠨ ᠳᠤ | ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠴᠤᠪᠤᠷᠠᠯ᠂ ᠬᠡᠷᠡᠭᠯᠡᠯᠲᠡ ᠶᠢᠨ | ᠪᠠᠶᠢᠳᠠᠯ ᠪᠠ ᠬᠡᠷᠡᠭᠯᠡᠯᠲᠡ ᠶᠢᠨ ᠰᠠᠨᠠᠭᠤᠯᠤᠮᠵᠢ ᠶᠢᠨ ᠲᠡᠮᠳᠡᠭ ᠢᠯᠡᠷᠭᠡᠶᠢᠯᠡᠯ ᠢ ᠨᠠᠭᠠᠵᠤ᠂ ᠲᠤᠰᠬᠠᠢ ᠪᠠ ᠲᠤᠰᠢᠶᠠᠯ | ᠬᠠᠪᠰᠤᠷᠭᠠᠭᠰᠠᠨ ᠦᠢᠯᠡᠴᠢᠯᠡᠭᠡᠨ ᠤ ᠠᠵᠢᠯᠲᠠᠨ ᠲᠣᠬᠢᠷᠠᠭᠤᠯᠤᠨ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ | ᠪᠠᠷᠢᠮᠲᠠ ᠶᠢᠨ ᠯᠠᠪᠯᠠᠯᠭ᠎ᠠ᠂ ᠵᠢᠯᠣᠭᠤᠳᠤᠯᠭ᠎ᠠ ᠶᠢ ᠬᠠᠷᠢᠭᠤᠴᠠᠭᠤᠯᠵᠤ᠂ ᠡᠮᠴᠢᠯᠡᠭᠦᠯᠵᠦ ᠡᠮ ᠬᠤᠳᠠᠯᠳᠤᠨ ᠠᠪᠬᠤ | ᠬᠥᠮᠥᠰ ᠤᠨ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠬᠦ ᠶᠢ | ᠰᠠᠨᠠᠭᠠᠴᠢᠯᠠᠭ᠎ᠠ ᠠᠴᠠ ᠪᠠᠨ ᠰᠠᠨᠠᠭᠤᠯᠬᠤ ᠬᠡᠷᠡᠭᠲᠡᠢ᠃ ᠭᠤᠷᠪᠠ᠂ ᠠᠵᠢᠯ ᠤᠨ ᠱᠠᠭᠠᠷᠳᠠᠯᠭ᠎ᠠ ︵ᠨᠢᠭᠡ︶ ᠡᠯ᠎ᠡ | ᠬᠤᠰᠢᠭᠤ ᠰᠢᠶᠠᠨ ᠲᠣᠭᠤᠷᠢᠭ ᠠᠴᠠ ᠲᠤᠰᠬᠠᠢ ᠬᠥᠮᠥᠨ ᠲᠣᠭᠲᠠᠭᠠᠵᠤ ᠪᠥᠬᠦ ᠠᠷᠠᠳ ᠤᠨ ᠳᠠᠭᠠᠳᠬᠠᠯ ᠳᠤ | ᠣᠷᠤᠯᠴᠠᠬᠤ ᠠᠵᠢᠯ ᠢ ᠬᠠᠷᠢᠭᠤᠴᠠᠭᠤᠯᠵᠤ᠂ ᠱᠠᠭᠠᠷᠳᠠᠯᠭ᠎ᠠ ᠶᠣᠰᠣᠭᠠᠷ ᠡᠳᠦᠷ ᠪᠦᠷᠢ 17᠄ 00 ᠠᠴᠠ ᠡᠮᠦᠨ᠎ᠡ | ᠡᠮᠴᠢᠯᠡᠭᠡᠨ ᠤ ᠳᠠᠭᠠᠳᠬᠠᠯ ᠤᠨ ᠳᠣᠲᠣᠭᠠᠳᠤ ᠰᠦᠯᠵᠢᠶ᠎ᠡ ᠶᠢᠨ OA ᠰᠢᠰᠲ᠋ᠧᠮ ᠢᠶᠠᠷ ᠳᠠᠭᠠᠳᠬᠠᠯ ᠳᠤ ᠣᠷᠤᠯᠴᠠᠭᠰᠠᠨ | ᠵᠡᠷᠭᠡ ᠬᠤᠯᠪᠤᠭᠳᠠᠯ ᠪᠦᠬᠦᠢ ᠪᠦᠷᠢᠳᠬᠡᠯ ᠤᠨ ᠬᠦᠰᠦᠨᠦᠭᠲᠦ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ ︵ᠬᠤᠶᠠᠷ︶ ᠡᠯ᠎ᠡ ᠬᠤᠰᠢᠭᠤ ᠰᠢᠶᠠᠨ ᠲᠣᠭᠤᠷᠢᠭ ᠨᠢ | ᠦᠨᠳᠦᠰᠦᠨ ᠱᠠᠲᠤᠨ ᠤ ᠬᠦᠴᠦᠨ ᠢ ᠭᠦᠢᠴᠡᠳ ᠨᠢᠭᠲᠠᠷᠠᠭᠤᠯᠬᠤ ᠬᠡᠷᠡᠭᠲᠡᠢ᠃ 2022 ᠣᠨ ᠤ 8 ᠳ᠋ᠤᠭᠠᠷ | ᠰᠠᠷ᠎ᠠ ᠶᠢᠨ 25 ᠤ ᠡᠳᠦᠷ ᠠᠴᠠ ᠡᠮᠦᠨ᠎ᠡ᠂ ᠨᠢᠭᠡᠳᠦᠯᠲᠡᠢ ᠲᠥᠯᠥᠪᠯᠡᠨ ᠠᠬᠢᠭᠤᠯᠵᠤ ᠪᠥᠬᠦ ᠠᠷᠠᠳ ᠤᠨ | ᠳᠠᠭᠠᠳᠬᠠᠯ ᠳᠤ ᠣᠷᠤᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ︔ ᠳᠣᠯᠤᠭᠠᠨ | ᠲᠥᠷᠥᠯ ᠤᠨ ᠬᠦᠴᠢᠷᠳᠡᠯ ᠲᠠᠢ ᠬᠦᠮᠦᠰ ᠤᠨ ᠬᠥᠳᠡᠯᠦᠩᠭᠦᠢ ᠪᠠᠷ ᠳᠠᠭᠠᠳᠬᠠᠯ ᠳᠤ ᠣᠷᠤᠯᠴᠠᠬᠤ ᠠᠵᠢᠯ ᠢ ᠪᠣᠳᠠᠲᠠᠢ | ᠰᠠᠶᠢᠲᠤᠷ ᠬᠢᠵᠦ᠂ ᠰᠠᠷ᠎ᠠ ᠪᠦᠷᠢ ᠶᠢᠨ ᠳᠠᠭᠠᠳᠬᠠᠯ ᠳᠤ ᠣᠷᠤᠯᠴᠠᠭᠰᠠᠨ ᠨᠣᠷᠮ᠎ᠠ ᠶᠢ 100 % ᠳᠤ ᠬᠦᠷᠦᠭᠦᠯᠬᠦ ᠶᠢ | ᠦᠨᠡᠨᠬᠦ ᠪᠠᠲᠤᠯᠠᠬᠤ ᠬᠡᠷᠡᠭᠲᠡᠢ︔ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠮᠴᠢᠯᠡᠭᠡᠨ ᠤ ᠳᠠᠭᠠᠳᠬᠠᠯ ᠤᠨ | ᠡᠯᠧᠺᠳ᠋ᠷᠣᠨ ᠭᠡᠷᠡᠴᠢ ᠪᠠᠷᠢᠮᠲᠠ ᠶᠢ ᠠᠮᠢᠯᠠᠭᠤᠯᠤᠭᠰᠠᠨ ᠨᠣᠷᠮ᠎ᠠ ᠶᠢ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠨ ᠬᠥᠮᠥᠨ ᠤ ᠲᠤᠭ᠎ᠠ ᠶᠢᠨ 90% ᠳᠤ ᠬᠦᠷᠦᠭᠦᠯᠬᠦ ᠠᠵᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠬᠤᠯᠪᠤᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠡᠭᠦᠷᠭᠡ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠢᠨᠠᠮᠠᠭᠠᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠠᠷᠭ᠎ᠠ ᠬᠡᠮᠵᠢᠶ᠎ᠡ ᠠᠪᠴᠤ᠂ ᠨᠢᠭᠡᠳᠦᠯᠲᠡᠢ ᠲᠥᠯᠥᠪᠯᠡᠨ | ᠠᠬᠢᠭᠤᠯᠵᠤ᠂ ᠭᠤᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠪᠤᠳᠠᠳᠠᠢ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 8 ᠳ᠋ᠤᠭᠠᠷ ᠰᠠᠷ᠎ᠠ ᠶᠢᠨ 16 ᠤ ᠡᠳᠦᠷ | | | | | | | | | | | | | | | | | | | | | | | | | | | | | | |