ᠲᠠᠪᠤᠨᠰᠠᠶᠢᠨ ᠰᠢᠶᠠᠩ ︽ᠬᠥᠬᠡᠬᠤᠲᠠ ᠶᠢᠨ ᠺᠣᠳ᠋︾ ᠢ ᠰᠢᠷᠪᠢᠵᠦ ᠪᠠᠶᠢᠴᠠᠭᠠᠨ ᠰᠢᠯᠭᠠᠬᠤ ᠠᠵᠢᠯ ᠢ ᠴᠢᠩᠭ᠎ᠠ ᠰᠠᠶᠢᠲᠤᠷ ᠬᠢᠪᠠ
ᠨᠡᠶᠢᠲᠡᠯᠡᠭᠰᠡᠨ ᠴᠠᠭ᠄
2022/12/5
   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠬᠢᠵᠢᠭ ᠤᠨ ᠪᠠᠶᠢᠳᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠦᠨ᠎ᠡ᠃ ᠣᠶᠢᠷ᠎ᠠ ᠳᠤ᠂  ᠲᠠᠪᠤᠨᠰᠠᠶᠢᠨ ᠰᠢᠶᠠᠩ ᠤᠨ ᠬᠢᠨ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ︽ᠬᠦᠬᠡᠬᠤᠲᠠ ᠶᠢᠨ ᠺᠣᠳ᠋︾ ᠢ ᠰᠢᠷᠪᠢᠵᠦ ᠪᠠᠶᠢᠴᠠᠭᠠᠨ ᠰᠢᠯᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠪᠠ᠃    ᠤᠬᠠᠭᠤᠯᠵᠤ ᠬᠥᠲᠥᠯᠥᠨ ᠵᠢᠯᠣᠭᠤᠳᠬᠤ ᠶᠢ ᠬᠦᠴᠦᠯᠡᠨ ᠴᠢᠩᠭᠠᠳᠬᠠᠨ᠎ᠠ᠃ ᠲᠠᠪᠤᠨᠰᠠᠶᠢᠨ ᠰᠢᠶᠠᠩ ᠤᠨ  ᠵᠢᠷᠭᠢᠶ᠎ᠡ ᠶᠢᠨ ᠤᠯᠠᠨ ᠨᠡᠶᠢᠲᠡ ᠶᠢᠨ ᠲᠠᠪᠴᠠᠩ ᠳᠤ ᠪᠦᠬᠦ ᠲᠣᠰᠬᠤᠨ ᠤ ᠠᠷᠠᠳ ︽ᠬᠦᠬᠡᠬᠤᠲᠠ ᠶᠢᠨ ᠨᠣᠮᠧᠷ︾ ᠢ ᠰᠠᠨᠠᠭᠠᠴᠢᠯᠠᠭ᠎ᠠ ᠠᠴᠠ ᠪᠠᠨ ᠬᠡᠷᠡᠭᠯᠡᠬᠦ ᠶᠢ ᠰᠠᠨᠠᠭᠠᠴᠢᠯᠠᠬᠤ ᠰᠠᠨᠠᠭᠠᠴᠢᠯᠠᠭ᠎ᠠ ᠶᠢᠨ ᠪᠢᠴᠢᠭ ᠨᠡᠶᠢᠲᠡᠯᠡᠵᠦ᠂ ᠬᠠᠷᠢᠶ᠎ᠠ ᠲᠣᠭᠤᠷᠢᠭ ᠤᠨ ᠲᠣᠰᠬᠤᠨ ᠤ ᠠᠷᠠᠳ ᠲᠣᠰᠬᠤᠨ᠂ ᠬᠡᠳᠦ ᠳᠡᠯᠭᠡᠭᠦᠷ᠂ ᠵᠡᠭᠡᠯᠢ ᠳᠠᠭᠠᠤ ᠶᠢᠨ ᠳᠡᠯᠭᠡᠭᠦᠷ ᠵᠡᠷᠭᠡ ᠡᠯ᠎ᠡ ᠲᠦᠷᠦᠯ ᠤᠨ ᠲᠠᠯᠠᠪᠤᠷ ᠢᠶᠠᠷ ᠣᠷᠣᠵᠤ ᠭᠠᠷᠬᠤ ᠳᠠᠭᠠᠨ ︽ᠬᠦᠬᠡᠬᠤᠲᠠ ᠶᠢᠨ ᠨᠣᠮᠧᠷ︾ ᠢ ᠰᠠᠨᠠᠭᠠᠴᠢᠯᠠᠭ᠎ᠠ ᠠᠴᠠ ᠪᠠᠨ ᠰᠢᠷᠪᠢᠬᠦ ᠶᠢᠨ ᠬᠠᠮᠲᠤ ᠺᠣᠳ᠋ ᠰᠢᠷᠪᠢᠭᠰᠡᠨ ᠦᠷ᠎ᠡ ᠳ᠋ᠦᠩ ᠢᠶᠠᠨ ᠦᠵᠡᠭᠦᠯᠦᠨ᠎ᠡ ᠭᠡᠵᠦ ᠲᠣᠳᠣᠷᠬᠠᠶᠢᠯᠠᠪᠠ᠃ ᠡᠭᠦᠨ ᠤ ᠬᠠᠮᠲᠤ᠂ ᠡᠯ᠎ᠡ ᠲᠣᠰᠬᠤᠨ ᠤ ᠬᠢᠨ ᠶᠡᠭᠡ ᠪᠠᠭ᠎ᠠ ᠪᠦᠷᠢᠶ᠎ᠡ᠂ ᠲᠣᠰᠬᠤᠨ ᠤ ᠠᠷᠠᠳ ᠤᠨ ᠸᠢᠴᠠᠲ ᠵᠡᠷᠭᠡ ᠶᠢ ᠥᠷᠭᠡᠨ ᠢᠶᠠᠷ ᠠᠰᠢᠭᠯᠠᠨ ︽ᠬᠦᠬᠡᠬᠤᠲᠠ ᠶᠢᠨ ᠺᠣᠳ᠋︾ ᠢ ᠰᠢᠷᠪᠢᠵᠦ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠢᠳᠡᠪᠬᠢᠲᠡᠶ ᠤᠬᠠᠭᠤᠯᠵᠤ᠂ ᠡᠷᠦᠬᠡ ᠪᠣᠯᠭᠠᠨ ᠳᠤ ᠮᠡᠳᠡᠭᠦᠯᠬᠦ ᠶᠢ ᠦᠨᠡᠨ ᠬᠦ ᠪᠡᠶᠡᠯᠡᠭᠦᠯᠪᠡ᠃    ᠡᠯ᠎ᠡ ᠺᠠᠷᠲ ᠤᠨ ᠠᠮᠠᠰᠠᠷ ᠲᠤ ᠺᠣᠳ᠋ ᠰᠢᠷᠪᠢᠬᠦ ᠲᠤᠰᠬᠠᠶ ᠲᠤᠰᠢᠶᠠᠯᠲᠠᠨ ᠲᠣᠬᠢᠷᠠᠭᠤᠯᠤᠨ᠎ᠠ᠃ ᠲᠠᠪᠤᠰᠠᠢ ᠰᠢᠶᠠᠩ ᠤᠨ ᠬᠢᠨ ᠡᠯ᠎ᠡ ᠲᠦᠷᠦᠯ ᠤᠨ ᠲᠠᠯᠠᠪᠤᠷ ᠲᠤ ︽ᠬᠦᠬᠡᠬᠤᠲᠠ ᠶᠢᠨ ᠨᠣᠮᠧᠷ︾ ᠢ ᠪᠠᠶᠢᠴᠠᠭᠠᠨ ᠰᠢᠯᠭᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠬᠠᠮᠲᠤ᠂ ᠡᠯ᠎ᠡ ᠲᠣᠰᠬᠤᠨ ᠳᠤ ᠬᠤᠶᠠᠷ ᠲᠤᠰᠬᠠᠢ ᠲᠤᠰᠢᠶᠠᠯ ᠤᠨ ᠠᠵᠢᠯᠳᠠᠨ ᠲᠤᠬᠢᠷᠠᠭᠤᠯᠵᠤ᠂ ᠲᠣᠰᠬᠤᠨ ᠤ ᠪᠣᠭᠤᠮᠲᠠ ᠳᠡᠭᠡᠷ᠎ᠡ ᠣᠷᠣᠵᠤ ᠭᠠᠷᠬᠤ ᠬᠥᠮᠦᠰ ᠤᠨ ︽ᠬᠦᠬᠡᠬᠤᠲᠠ ᠶᠢᠨ ᠨᠣᠮᠧᠷ︾ ᠵᠢᠴᠢ ᠪᠥᠭᠡᠮ ᠬᠦᠴᠢᠯ ᠤᠨ ᠦᠷ᠎ᠡ ᠳ᠋ᠦᠩ ᠢ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠂ ︽ᠣᠷᠣᠵᠤ ᠢᠷᠡᠪᠡᠯ ᠵᠠᠪᠠᠯ ᠱᠦᠭᠦᠷᠳᠡᠬᠦ᠂ ᠱᠦᠭᠦᠷᠳᠡᠬᠦ ᠲᠣᠬᠢᠶᠠᠯᠳᠤᠪᠠᠯ ᠵᠠᠪᠠᠯ ᠪᠠᠶᠢᠴᠠᠭᠠᠬᠤ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠪᠠᠲᠤᠯᠠᠵᠤ᠂ ᠨᠢᠭᠤᠭᠳᠠᠮᠠᠯ ᠠᠶᠤᠯ ᠲᠦᠭᠰᠢᠭᠦᠷᠢ ᠶᠢ ᠡᠭᠦᠳᠡᠨ ᠭᠠᠳᠠᠨ᠎ᠠ ᠡᠷᠡᠰ ᠬᠤᠷᠢᠭᠯᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠵᠠᠢ᠃    ︽ᠳᠠᠷᠠᠭᠠᠴᠢ ᠶᠢᠨ ᠠᠯᠬᠤᠮ ᠳᠤ᠂ ᠲᠠᠪᠤᠰᠠᠢ ᠰᠢᠶᠠᠩ ︿ᠬᠦᠬᠡᠬᠤᠲᠠ ᠶᠢᠨ ᠨᠣᠮᠧᠷ﹀ ᠢ ᠰᠢᠷᠪᠢᠵᠦ ᠪᠠᠶᠢᠴᠠᠭᠠᠨ ᠰᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠰᠢᠶᠠᠩ ᠤᠨ ᠬᠢᠵᠢᠭ ᠤᠨ ᠪᠠᠶᠢᠳᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠨᠡᠨᠬᠦ ᠪᠠᠲᠤᠳᠬᠠᠨ᠎ᠠ︾ ᠭᠡᠵᠦ ᠲᠠᠪᠤᠨᠰᠠᠶᠢᠨ  ᠰᠢᠶᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号