ᠲᠠᠶᠢᠭ᠎ᠠ ᠮᠣᠳᠤ ᠪᠠᠯᠭᠠᠰᠤ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠲᠠᠢ ᠣᠯᠠᠨ ᠲᠦᠮᠡᠨ ᠬᠡᠮᠡᠷᠯᠢᠭ ᠲᠤᠭ ᠢ ᠡᠷᠭᠦᠨ ᠮᠠᠭᠲᠠᠵᠤ ᠪᠠᠶᠢᠨ᠎ᠠ
ᠨᠡᠶᠢᠲᠡᠯᠡᠭᠰᠡᠨ ᠴᠠᠭ᠄
2022/12/7
   ︽ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠲᠠ ᠨᠠᠷ ᠶᠠᠳᠠᠷᠠᠯ ᠵᠦᠳᠡᠷᠡᠯ ᠢ ᠬᠠᠶᠢᠬᠤᠷᠤᠯ ᠦᠭᠡᠶ ᠪᠠᠷ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠪᠠᠲᠤ ᠪᠠᠶᠢᠭᠤᠯᠤᠨ ᠥᠭᠴᠦ᠂ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠂ ᠲᠠ ᠨᠠᠷ ᠤᠨ ᠭᠠᠷᠭᠠᠭᠰᠠᠨ ᠦᠷᠡᠭᠳᠡᠯ ᠢ ᠪᠢᠳᠡ ᠴᠥᠮ ᠨᠢᠳᠦᠨ ᠳᠡᠭᠡᠨ ᠦᠵᠡᠵᠦ᠂ ᠰᠡᠳᠬᠢᠯ ᠳᠡᠭᠡᠨ ᠴᠡᠭᠡᠵᠢᠯᠡᠵᠦ ᠪᠠᠶᠢᠨ᠎ᠠ︾ ᠭᠡᠵᠦ ᠲᠠᠶᠢᠭ᠎ᠠ ᠮᠣᠳᠤ ᠪᠠᠯᠭᠠᠰᠤ ᠶᠢᠨ ᠪᠢ ᠱᠦᠢ ᠯᠠᠨ ᠱᠠᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠶᠠᠩ ᠠᠪᠤᠭᠠᠢ ᠬᠡᠯᠡᠪᠡ᠃    ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠲᠠᠶᠢᠭ᠎ᠠ ᠮᠣᠳᠤ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠳ ᠬᠢᠵᠢᠭ ᠢ ᠰᠡᠷᠭᠡᠶᠢᠯᠡᠬᠦ ᠠᠵᠢᠯ ᠤᠨ ᠳᠤᠮᠳᠠ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠠᠶ᠂ ᠰᠠᠭᠤᠭᠠᠯᠢ ᠠᠷᠠᠳ ᠲᠡᠳᠡᠨ ᠤ ᠨᠢᠭᠡᠳᠦᠭᠡᠷ ᠹᠷᠣᠨᠲ ᠢ ᠪᠠᠲᠤ ᠰᠠᠬᠢᠵᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠳᠤ ᠰᠡᠳᠬᠢᠯ ᠬᠥᠳᠡᠯᠵᠦ᠂ ᠠᠵᠢᠯᠲᠠᠳ ᠲᠠᠭᠠᠨ ᠬᠡᠮᠡᠷᠯᠢᠭ ᠲᠤᠭ ᠡᠷᠭᠦᠨ᠂ ᠲᠡᠳᠡᠨ ᠤ ᠬᠢᠵᠢᠭ ᠢ ᠡᠰᠡᠷᠭᠦᠴᠡᠬᠦ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠭᠠᠷᠭᠠᠭᠰᠠᠨ ᠴᠢᠷᠮᠠᠶᠢᠯᠭ᠎ᠠ ᠪᠠ ᠬᠤᠪᠢ ᠨᠡᠮᠡᠷᠢ ᠳᠤ ᠲᠠᠯᠠᠷᠬᠠᠵᠤ ᠪᠠᠶᠢᠨ᠎ᠠ᠃    ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠲᠠᠶᠢᠭ᠎ᠠ ᠮᠣᠳᠤ ᠪᠠᠯᠭᠠᠰᠤᠨ ᠤ ᠨᠠᠮ ᠤᠨ ᠬᠤᠷᠢᠶ᠎ᠠ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠤᠳᠤᠯᠤᠨ ᠮᠠᠭᠠᠳᠯᠠᠬᠤ᠂ ᠲᠦᠷᠭᠡᠨ ᠪᠥᠭᠡᠳ ᠪᠦᠲᠦᠮᠵᠢᠲᠡᠢ ᠠᠷᠭᠠᠴᠠᠬᠤ᠂ ᠶᠡᠬᠡᠪᠡᠷ ᠤᠬᠠᠭᠤᠯᠤᠨ ᠳᠠᠶᠢᠴᠢᠯᠠᠬᠤ ᠵᠡᠷᠭᠡ ᠪᠣᠳᠠᠲᠠᠢ ᠠᠷᠭ᠎ᠠ ᠬᠡᠮᠵᠢᠶ᠎ᠡ ᠪᠠ ︽ᠴᠢᠩᠭ᠎ᠠ ᠨᠢᠮᠪᠠᠢ ᠪᠣᠳᠠᠲᠠᠢ ᠲᠦᠷᠭᠡᠨ︾ ᠠᠵᠢᠯ ᠤᠨ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠳᠤᠴᠢ ᠴᠢᠨᠠᠷᠲᠠᠢ ᠢᠯᠠᠯᠲᠠ ᠶᠢ ᠣᠯᠵᠤ᠂ ᠥᠷᠭᠡᠨ ᠤᠯᠠᠨ ᠲᠦᠮᠡᠨ ᠤ ᠵᠥᠪᠰᠢᠶᠡᠷᠡᠯ ᠪᠠ ᠮᠠᠭᠲᠠᠭᠠᠯ ᠰᠠᠶᠢᠰᠢᠶᠠᠯ ᠢ ᠤᠯᠪᠠ᠃    ︽ᠬᠤᠶᠢᠰᠢᠳᠠ ᠶᠢᠨ ᠠᠵᠢᠯ ᠤᠨ ᠳᠤᠮᠳᠠ᠂ ᠲᠠᠶᠢᠭ᠎ᠠ ᠮᠣᠳᠤ  ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠠᠷᠠᠳ ᠤᠨ ᠲᠥᠯᠥᠭᠡ ᠵᠢᠳᠬᠦᠬᠦ ᠰᠡᠳᠬᠢᠯ ᠢ ᠦᠷᠭᠦᠯᠵᠢᠯᠡᠨ ᠪᠠᠷᠢᠮᠲᠠᠯᠠᠵᠤ᠂ ᠪᠦᠬᠦ ᠪᠠᠯᠭᠠᠰᠤᠨ ᠤ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ︾ ᠭᠡᠵᠦ ᠲᠠᠶᠢᠭ᠎ᠠ ᠮᠣᠳᠤ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号