ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ︹2022︺ 3 ᠳ᠋ᠤᠭᠠᠷ ᠲᠣᠭᠠᠲᠤ | 2021 ᠣᠨ ᠤ 1 ᠳ᠋ᠤᠭᠡᠷ ᠰᠠᠷ᠎ᠠ ᠶᠢᠨ 29 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠬᠥᠬᠡᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠠᠷᠭ᠎ᠠ | ᠬᠡᠮᠵᠢᠶ᠎ᠡ ᠨᠦᠭᠦᠳ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | ᠬᠥᠬᠡᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ | ᠠᠷᠭ᠎ᠠ ᠬᠡᠮᠵᠢᠶ᠎ᠡ ᠨᠦᠭᠦᠳ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ | ᠲᠡᠭᠦᠯᠳᠡᠷᠵᠢᠭᠦᠯᠬᠦ ᠲᠤᠬᠠᠢ ᠰᠠᠨᠠᠯ︾ ︵ᠲᠥᠪ ᠠᠯᠪᠠᠨ ᠲᠠᠷᠬᠠᠭᠠᠭᠰᠠᠨ ︹ 2020︺ 18 ᠳ᠋ᠤᠭᠠᠷ ᠲᠣᠭᠠᠲᠤ︶ | ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠨᠡᠶᠢᠭᠡᠮ ᠤᠨ | ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ ᠬᠡᠮᠵᠢᠶ᠎ᠡ︾ ︵ | ᠥᠪᠥᠷ ᠨᠠᠮ ᠠᠯᠪᠠᠨ ᠲᠠᠷᠬᠠᠭᠠᠭᠰᠠᠨ ︹2021︺ 5 ᠳ᠋ᠤᠭᠠᠷ ᠲᠣᠭᠠᠲᠤ︶ ᠶᠢ ᠦᠨᠳᠦᠰᠦᠯᠡᠨ᠂ | ᠶᠡᠷᠦᠩᠬᠡᠶᠢᠯᠡᠭᠰᠡᠨ ᠥᠨᠳᠥᠷ ᠪᠦᠲᠦᠮᠵᠢᠲᠡᠶ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠬᠦᠴᠢᠷᠳᠡᠯᠲᠡᠢ ᠤᠯᠠᠨ ᠲᠦᠮᠡᠨ ᠤ ᠤᠯᠠᠨ ᠲᠡᠰ ᠳᠠᠪᠬᠤᠷᠭ᠎ᠠ ᠶᠢᠨ | ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ | ᠲᠣᠭᠲᠠᠭᠠᠪᠠ᠃ | ᠨᠢᠭᠡ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ | ︵ᠨᠢᠭᠡ︶ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠤᠨ᠎ᠠ᠃ | ᠨᠥᠬᠦᠴᠡᠯ ᠳᠤ ᠨᠡᠶᠢᠴᠡᠬᠦ ᠭᠡᠷ ᠪᠦᠯᠢ ᠪᠤᠶᠤ ᠬᠤᠪᠢ ᠬᠥᠮᠥᠨ ᠳᠤ ᠴᠠᠭ ᠲᠤᠬᠠᠢ ᠳᠤᠨᠢ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠠᠩᠭᠠᠬᠤ ᠪᠤᠶᠤ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ | ᠲᠡᠵᠢᠭᠡᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠠᠰᠠᠷᠠᠨ | ᠲᠡᠵᠢᠭᠡᠯᠭᠡᠵᠦ ᠪᠠᠶᠢᠭ᠎ᠠ ᠬᠥᠮᠥᠰ᠂ ᠣᠷᠣᠯᠭ᠎ᠠ ᠳᠣᠣᠷ᠎ᠠ ᠭᠡᠷ ᠪᠦᠯᠢ ᠪᠠ ᠵᠠᠶᠢᠯᠠᠰᠢ ᠦᠭᠡᠢ ᠵᠠᠷᠤᠯᠭ᠎ᠠ ᠨᠡᠯᠢᠶᠡᠳ | ᠶᠡᠭᠡ ᠠᠴᠠ ᠪᠣᠯᠵᠤ ᠦᠨᠳᠦᠰᠦᠨ ᠠᠮᠢᠳᠤᠷᠠᠯ ᠨᠢᠭᠡᠴᠡᠬᠦᠦ ᠬᠦᠴᠢᠷᠳᠡᠯᠲᠡᠢ ᠪᠣᠯᠤᠭᠰᠠᠨ ᠭᠡᠷ ᠪᠦᠯᠢ ᠳᠤ ᠪᠣᠳᠠᠲᠠᠢ | ᠬᠡᠷᠡᠭᠴᠡᠭᠡ ᠶᠢ ᠨᠢ ᠦᠨᠳᠦᠰᠦᠯᠡᠨ ᠬᠠᠷᠠᠭᠠᠯᠵᠠᠭᠰᠠᠨ ᠲᠤᠰᠬᠠᠢ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠯᠲᠠ | ᠪᠤᠶᠤ ᠪᠤᠰᠤᠳ ᠠᠪᠤᠷᠠᠨ ᠲᠤᠰᠠᠯᠠᠯᠲᠠ ᠣᠯᠭᠤᠨ᠎ᠠ᠃ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ ᠭᠡᠮᠲᠦᠯ᠂ | ᠬᠦᠨᠳᠦ ᠶᠡᠭᠡ ᠡᠪᠡᠳᠴᠢᠨ᠂ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠲᠤ ᠤᠴᠠᠷᠠᠭᠰᠠᠨ | ᠪᠤᠶᠤ ᠪᠤᠰᠤᠳ ᠰᠢᠯᠲᠠᠭᠠᠨ ᠠᠴᠠ ᠪᠣᠯᠵᠤ ᠠᠮᠢᠳᠤᠷᠠᠯ ᠨᠢ ᠬᠦᠴᠢᠷᠳᠡᠯᠲᠡᠢ ᠪᠣᠯᠤᠭᠰᠠᠨ ᠭᠡᠷ ᠪᠦᠯᠢ ᠪᠤᠶᠤ ᠬᠤᠪᠢ | ᠬᠥᠮᠥᠨ ᠵᠢᠴᠢ ᠲᠦᠷ ᠴᠠᠭ ᠬᠦᠴᠢᠷᠳᠡᠯ ᠳᠤ ᠤᠴᠠᠷᠠᠭᠰᠠᠨ᠂ ᠠᠮᠢᠳᠤᠷᠠᠯ ᠢᠶᠠᠨ ᠠᠷᠭᠠᠴᠠᠭᠠᠬᠤ ᠠᠷᠭ᠎ᠠ ᠦᠭᠡᠢ | ᠬᠥᠮᠥᠰ ᠲᠤ ᠪᠠᠴᠢᠮ ᠬᠦᠴᠢᠷᠳᠡᠯ ᠤᠨ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠨ᠎ᠠ᠃ ᠪᠠᠶᠢᠭᠠᠯᠢ ᠶᠢᠨ | ᠭᠠᠮᠰᠢᠭ ᠲᠤ ᠤᠴᠠᠷᠠᠭᠰᠠᠨ ᠳᠤ᠂ ᠭᠠᠮᠰᠢᠭᠳᠠᠭᠰᠠᠨ ᠬᠥᠮᠥᠰ ᠤᠨ ᠠᠪᠤᠷᠠᠨ ᠲᠤᠰᠠᠯᠠᠯᠲᠠ ᠣᠯᠭᠤᠨ᠎ᠠ᠃ | ︵ᠬᠤᠶᠠᠷ︶ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ︽ᠪᠣᠳᠠᠰ | + ᠦᠢᠯᠡᠴᠢᠯᠡᠭᠡ︾ ᠶᠢᠨ ᠨᠡᠶᠢᠭᠡᠮ ᠤᠨ ᠠᠪᠤᠷᠠᠨ ᠲᠤᠰᠠᠯᠠᠯᠲᠠ ᠶᠢ ᠢᠳᠡᠪᠬᠢᠲᠡᠢ ᠬᠥᠭᠵᠢᠭᠦᠯᠵᠦ᠂ ᠵᠠᠰᠠᠭ ᠤᠨ | ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ᠂ ᠨᠡᠶᠢᠭᠡᠮ ᠠᠴᠠ ᠠᠪᠤᠷᠠᠨ ᠲᠤᠰᠠᠯᠠᠵᠤ | ᠪᠠᠶᠢᠭ᠎ᠠ ᠭᠡᠷ ᠪᠦᠯᠢ ᠶᠢᠨ ᠠᠮᠢᠨ ᠳᠠᠭᠠᠨ ᠵᠥᠪ ᠦᠭᠡᠢ ᠨᠠᠰᠤᠲᠠᠶᠢᠴᠤᠳ᠂ ᠨᠠᠰᠤᠨ ᠳᠤ ᠥᠯᠥ ᠭᠦᠷᠦᠭᠰᠡᠳ᠂ | ᠵᠡᠮᠳᠡᠭᠴᠦᠳ᠂ ᠬᠦᠨᠳᠦ ᠡᠪᠡᠳᠴᠢᠲᠡᠨ ᠳᠤ ᠴᠢᠬᠤᠯᠠ ᠪᠦᠬᠦᠢ ᠰᠣᠷᠪᠤᠯᠵᠢᠯᠠᠨ ᠦᠵᠡᠬᠦ᠂ ᠬᠠᠷᠠᠭᠠᠯᠵᠠᠬᠤ᠂ ᠭᠡᠷ | ᠠᠬᠤᠢ ᠶᠢᠨ ᠶᠠᠪᠤᠳᠠᠯ᠂ ᠡᠮᠨᠡᠯᠭᠡ ᠶᠢᠨ ᠬᠤᠷᠢᠶ᠎ᠠ ᠶᠢᠨ ᠠᠰᠠᠷᠠᠨ ᠰᠤᠪᠢᠯᠠᠬᠤ ᠦᠢᠯᠡᠴᠢᠯᠡᠭᠡ ᠬᠠᠩᠭᠠᠵᠤ᠂ ᠰᠤᠷᠬᠤ | ᠨᠠᠰᠤᠨ ᠤ ᠨᠠᠰᠤᠨ ᠳᠤ ᠥᠯᠥ ᠭᠦᠷᠦᠭᠰᠡᠳ ᠲᠤ ᠰᠤᠷᠤᠯᠭ᠎ᠠ ᠶᠢᠨ ᠬᠠᠪᠰᠤᠷᠤᠨ ᠵᠢᠯᠣᠭᠤᠳᠤᠯᠭ᠎ᠠ᠂ ᠬᠠᠶᠢᠷ᠎ᠠ ᠬᠠᠯᠠᠮᠵᠢ | ᠬᠠᠨᠢ ᠲᠦᠰᠢᠭ ᠪᠣᠯᠬᠤ ᠵᠡᠷᠭᠡ ᠦᠢᠯᠡᠴᠢᠯᠡᠭᠡ ᠬᠠᠩᠭᠠᠵᠤ᠂ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠲᠠᠢ | ᠬᠥᠮᠥᠰ ᠲᠤ ᠡᠬᠢ ᠪᠠᠶᠠᠯᠢᠭ ᠤᠨ ᠬᠤᠯᠪᠣᠭᠠᠰᠤ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ | ᠦᠢᠯᠡᠴᠢᠯᠡᠭᠡ ᠬᠠᠩᠭᠠᠨ᠎ᠠ᠃ | ︵ᠭᠤᠷᠪᠠ︶ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠨᠡᠶᠢᠭᠡᠮ ᠤᠨ ᠠᠪᠤᠷᠠᠨ ᠲᠤᠰᠠᠯᠠᠯᠲᠠ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠣᠷᠣᠨ ᠪᠦᠰᠡ᠂ | ᠠᠯᠬᠤᠮ ᠳᠠᠷᠠᠭ᠎ᠠ ᠬᠤᠪᠢᠶᠠᠨ ᠪᠠᠷᠢᠮᠵᠢᠶ᠎ᠠ ᠲᠣᠭᠲᠠᠭᠠᠬᠤ᠂ ᠠᠪᠤᠷᠠᠨ ᠲᠤᠰᠠᠯᠠᠬᠤ ᠡᠲᠡᠭᠡᠳ ᠢ ᠮᠠᠭᠠᠳᠯᠠᠨ ᠲᠣᠭᠲᠠᠭᠠᠬᠤ | ᠂ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ᠂ ᠬᠠᠮᠢᠶᠠᠷᠤᠯᠲᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠤᠳᠠ | ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠬᠤᠳᠠ ᠬᠥᠳᠡᠭᠡ ᠶᠢᠨ ᠠᠪᠤᠷᠠᠨ ᠲᠤᠰᠠᠯᠠᠬᠤ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠷᠭᠡᠪᠴᠢᠯᠡᠨ ᠪᠡᠶᠡᠯᠡᠭᠦᠯᠦᠨ᠎ᠡ᠃ ᠨᠥᠬᠦᠴᠡᠯ ᠲᠠᠢ ᠭᠠᠵᠠᠷ | ᠣᠷᠣᠨ ᠨᠢ ᠣᠷᠣᠰᠢᠨ ᠰᠠᠭᠤᠬᠤ ᠦᠨᠡᠮᠯᠡᠯ ᠲᠠᠢ ᠬᠥᠮᠥᠰ ᠤᠨ ᠣᠷᠣᠰᠢᠨ ᠰᠠᠭᠤᠵᠤ ᠪᠠᠶᠢᠭ᠎ᠠ ᠭᠠᠵᠠᠷ ᠲᠠᠭᠠᠨ | ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃ | ᠬᠤᠶᠠᠷ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠴᠢᠨᠠᠷ ᠢ | ᠴᠢᠩᠭᠠᠳᠬᠠᠨ᠎ᠠ | ︵ᠳᠥᠷᠪᠡ︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠭᠦᠢᠴᠡᠳᠬᠡᠯ ᠲᠤᠭ᠎ᠠ ᠶᠢ | ᠲᠡᠭᠦᠯᠳᠡᠷᠵᠢᠭᠦᠯᠵᠦ᠂ ᠦᠨᠡᠯᠡᠨ ᠵᠢᠱᠢᠯᠲᠡ ᠶᠢᠨ ᠲᠤᠰᠠᠯᠠᠬᠤ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ᠂ ᠮᠠᠭᠠᠳᠯᠠᠨ ᠲᠣᠭᠲᠠᠭᠠᠬᠤ ᠦᠷ᠎ᠡ ᠪᠦᠲᠦᠮᠵᠢ ᠪᠠ ᠢᠯᠭᠠᠨ ᠲᠠᠨᠢᠬᠤ ᠣᠨᠣᠪᠴᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠷᠦᠬᠡ ᠠᠮᠠ ᠶᠢᠨ ᠲᠠᠩᠰᠠ᠂ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠪᠣᠯᠣᠨ | ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠵᠡᠷᠭᠡ ᠦᠨᠳᠦᠰᠦᠨ ᠨᠥᠬᠦᠴᠡᠯ ᠢ ᠦᠨᠳᠦᠰᠦᠯᠡᠨ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠰᠠᠭᠤᠭᠠᠯᠢ ᠠᠷᠠᠳ ᠤᠨ ᠭᠡᠷ ᠪᠦᠯᠢ ᠳᠤ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ ᠣᠷᠣᠯᠭ᠎ᠠ ᠲᠣᠣᠷ᠎ᠠ ᠭᠡᠷ | ᠪᠦᠯᠢ ᠶᠢᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠦᠨᠳᠦ ᠵᠡᠮᠳᠡᠭ ᠬᠥᠮᠥᠨ ᠪᠠ ᠭᠤᠷᠪᠠᠳᠤᠭᠠᠷ ᠳᠡᠰ ᠤᠨ | ᠣᠶᠤᠨ ᠮᠡᠳᠡᠷᠡᠯ᠂ ᠣᠶᠤᠨ ᠵᠡᠮᠳᠡᠭ ᠬᠥᠮᠥᠨ ᠵᠢᠴᠢ ᠬᠦᠨᠳᠦ ᠡᠪᠡᠳᠴᠢᠲᠡᠨ ᠵᠡᠷᠭᠡ ᠣᠨᠴᠠᠭᠠᠢ ᠬᠦᠴᠢᠷᠳᠡᠯᠲᠡᠢ | ᠬᠥᠮᠥᠰ ᠢ ᠭᠤᠶᠤᠴᠢᠯᠠᠯ ᠢ ᠨᠢ ᠦᠨᠳᠦᠰᠦᠯᠡᠨ ︽ᠭᠠᠭᠴᠠ ᠬᠥᠮᠥᠨ ᠤ ᠡᠷᠦᠬᠡ︾ ᠪᠠᠷ ᠯᠠᠪᠯᠠᠯᠲᠠ ᠪᠣᠯᠭᠠᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ ᠪᠣᠯᠣᠨ᠎ᠠ᠃ ᠭᠡᠷ ᠪᠦᠯᠢ ᠶᠢᠨ ᠪᠦᠷᠢᠯᠳᠦᠭᠦᠨ ᠤ ᠬᠥᠮᠥᠨ | ᠳᠤᠮᠳᠠᠴᠢ ᠶᠢᠨ ᠣᠷᠣᠯᠭ᠎ᠠ ᠬᠢᠭᠡᠳ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠪᠣᠳᠠᠲᠠᠢ ᠵᠥᠷᠢᠶ᠎ᠡ ᠶᠢ | ᠦᠨᠳᠦᠰᠦᠯᠡᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠢᠷᠤᠮᠵᠢᠭᠤᠯᠤᠨ᠎ᠠ᠃ | ︵ᠲᠠᠪᠤ︶ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠳᠦᠷᠢᠮ ᠢ | ᠪᠦᠷᠢᠨᠰᠢᠭᠦᠯᠦᠨ᠎ᠡ᠃ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠠᠷᠠᠭᠠᠯᠵᠠᠯ ᠤᠨ | ᠬᠠᠮᠤᠷᠬᠤ ᠨᠠᠰᠤᠨ ᠳᠤ ᠥᠯᠥ ᠭᠦᠷᠦᠭᠰᠡᠳ ᠤᠨ ᠨᠠᠰᠤ ᠶᠢ ᠪᠦᠬᠦᠯᠢ 16 ᠨᠠᠰᠤ ᠪᠠᠶᠢᠭᠰᠠᠨ ᠠᠴᠠ ᠪᠦᠬᠦᠯᠢ 18 | ᠨᠠᠰᠤ ᠪᠣᠯᠲᠠᠯ᠎ᠠ ᠤᠷᠲᠤᠳᠬᠠᠵᠤ᠂ ᠪᠦᠬᠦᠯᠢ 18 ᠨᠠᠰᠤ ᠭᠦᠷᠦᠭᠡᠳ ᠮᠥᠨ ᠬᠦ ᠠᠯᠪᠠᠨ ᠵᠢᠷᠤᠮ ᠤᠨ ᠰᠤᠷᠭᠠᠨ | ᠬᠥᠮᠦᠵᠢᠯ ᠬᠦᠷᠲᠡᠵᠦ ᠪᠠᠶᠢᠭ᠎ᠠ ᠪᠤᠶᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠪᠠᠯ᠂ ᠠᠪᠤᠷᠠᠨ ᠲᠤᠰᠠᠯᠠᠵᠤ ᠠᠰᠠᠷᠠᠨ ᠲᠡᠵᠢᠭᠡᠬᠦ | ᠬᠠᠷᠠᠭᠠᠯᠵᠠᠯ ᠢ ᠦᠷᠭᠦᠯᠵᠢᠯᠡᠨ ᠬᠦᠷᠲᠡᠵᠦ ᠪᠣᠯᠣᠨ᠎ᠠ᠃ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ | ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠶᠢᠨ | ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠪᠠ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠳᠦᠷᠢᠮ ᠢ | ᠪᠦᠷᠢᠨᠰᠢᠭᠦᠯᠦᠨ᠂ ᠲᠥᠪᠯᠡᠷᠡᠭᠦᠯᠦᠨ ᠠᠰᠠᠷᠠᠨ ᠬᠠᠷᠠᠭᠠᠯᠵᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ | ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠭᠡ ᠶᠢ ᠬᠦᠷᠲᠡᠬᠦ ᠬᠦᠰᠡᠯ ᠰᠠᠨᠠᠭ᠎ᠠ ᠲᠠᠢ ᠮᠥᠷᠲᠡᠭᠡᠨ ᠪᠦᠷᠢᠮᠦᠰᠦᠨ | ᠪᠤᠶᠤ ᠬᠡᠰᠡᠭ ᠲᠠᠯ᠎ᠠ ᠪᠠᠷ ᠠᠮᠢᠨ ᠳᠠᠭᠠᠨ ᠵᠥᠪ ᠦᠭᠡᠢ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ | ᠶᠣᠰᠣᠲᠠᠢ ᠶᠢ ᠨᠢ ᠪᠦᠬᠦᠨ ᠢ ᠠᠰᠠᠷᠠᠨ ᠲᠡᠵᠢᠭᠡᠨ᠎ᠡ᠃ ᠲᠠᠷᠠᠬᠠᠢ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ | ᠬᠥᠮᠥᠰ ᠢ ᠬᠠᠷᠠᠭᠠᠯᠵᠠᠬᠤ ᠦᠢᠯᠡᠴᠢᠯᠡᠭᠡ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ | ᠳᠦᠷᠢᠮ ᠢ ᠪᠦᠷᠢᠨᠰᠢᠭᠦᠯᠦᠨ᠂ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ | ᠨᠠᠶᠢᠳᠠᠯᠭ᠎ᠠ ᠪᠠᠷ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠵᠢᠷᠤᠮᠵᠢᠭᠤᠯᠤᠨ᠂ ᠲᠠᠷᠠᠬᠠᠢ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ ᠬᠥᠮᠥᠰ ᠢ ᠨᠠᠶᠢᠳᠠᠯᠭ᠎ᠠ ᠪᠠᠷ ᠠᠰᠠᠷᠠᠨ | ᠬᠠᠷᠠᠭᠠᠯᠵᠠᠬᠤ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ | ︵ᠵᠢᠷᠭᠤᠭ᠎ᠠ︶ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠤᠨ᠎ᠠ᠃ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠪᠤᠶᠤ ᠬᠥᠮᠥᠨ ᠲᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠵᠡᠷᠭᠡ ᠬᠦᠴᠦᠨ ᠵᠦᠢᠯ ᠢᠶᠠᠷ ᠯᠠᠪᠯᠠᠯᠲᠠ ᠪᠣᠯᠭᠠᠵᠤ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ᠃ | ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠬᠤᠲᠠ ᠬᠥᠳᠡᠭᠡ ᠶᠢᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 ᠳᠠᠬᠢᠨ ᠠᠴᠠ ᠳᠣᠣᠷ᠎ᠠ ᠪᠠᠶᠢᠯᠭᠠᠬᠤ ᠦᠭᠡᠢ ᠪᠠᠷ ᠲᠣᠭᠲᠠᠭᠠᠨ᠎ᠠ︔ | ᠥᠪᠡᠷ ᠢ ᠪᠠᠨ ᠳᠣᠳᠤᠮᠳᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠ ᠬᠡᠰᠡᠭ ᠲᠠᠯ᠎ᠠ ᠪᠠᠷ ᠠᠯᠳᠠᠭᠰᠠᠨ ᠣᠨᠴᠠ | ᠬᠦᠴᠢᠷᠳᠡᠯᠲᠡᠢ ᠬᠥᠮᠥᠰ ᠤᠨ ᠠᠰᠠᠷᠠᠨ ᠰᠤᠪᠢᠯᠠᠬᠤ ᠪᠠᠷᠢᠮᠵᠢᠶ᠎ᠠ ᠶᠢ ᠪᠥᠬᠦ ᠬᠤᠲᠠ ᠶᠢᠨ ᠲᠦᠷᠦᠭᠦᠤ ᠵᠢᠯ ᠤᠨ ᠨᠠᠭᠠᠲᠤ | ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 65%᠂ 25% ᠪᠠᠷ ᠯᠠᠪᠯᠠᠯᠲᠠ ᠪᠣᠯᠭᠠᠵᠤ ᠲᠣᠭᠲᠠᠭᠠᠨ᠎ᠠ᠃ | ᠨᠡᠶᠢᠭᠡᠮ ᠤᠨ ᠠᠪᠤᠷᠠᠨ ᠲᠤᠰᠠᠯᠠᠯᠲᠠ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠯᠦᠭᠡ | ᠬᠤᠯᠪᠣᠭᠳᠠᠭᠤᠯᠤᠭᠰᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠨ᠎ᠡ | ᠬᠠᠩᠰᠢ ᠶᠢᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠨ᠎ᠠ᠃ | ︵ᠳᠣᠯᠤᠭ᠎ᠠ︶ ᠲᠥᠷᠥᠯ ᠬᠤᠪᠢᠶᠠᠭᠰᠠᠨ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠨ᠎ᠠ᠃ ᠣᠨᠴᠠ | ᠬᠦᠴᠢᠷᠳᠡᠯᠲᠡᠢ ᠬᠥᠮᠥᠰ᠂ ᠣᠬᠤᠷ ᠬᠤᠭᠤᠴᠠᠭᠠᠨ ᠤ ᠳᠣᠲᠣᠷ᠎ᠠ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠶᠡᠭᠡ | ᠪᠢᠰᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠬᠥᠮᠥᠰ ᠢ ᠵᠢᠯ ᠪᠦᠷᠢ ᠨᠢᠭᠡ ᠤᠳᠠᠭ᠎ᠠ ᠬᠠᠷᠭᠤᠭᠤᠯᠤᠨ | ᠪᠠᠶᠢᠴᠠᠭᠠᠨ᠎ᠠ︔ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠭᠡᠷ ᠪᠦᠯᠢ ᠶᠢᠨ ᠪᠦᠷᠢᠯᠳᠦᠭᠦᠨ ᠨᠢ | ᠬᠥᠳᠡᠯᠮᠦᠷᠢᠯᠡᠬᠦ ᠴᠢᠳᠠᠪᠤᠷᠢ ᠲᠠᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠬᠥᠮᠥᠰ ᠢ | ᠬᠠᠭᠠᠰ ᠵᠢᠯ ᠳᠤ ᠨᠢᠭᠡ ᠤᠳᠠᠭ᠎ᠠ ᠬᠠᠷᠭᠤᠭᠤᠯᠤᠨ ᠪᠠᠶᠢᠴᠠᠭᠠᠨ᠎ᠠ᠃ ᠠᠪᠤᠷᠠᠨ ᠲᠤᠰᠠᠯᠠᠬᠤ ᠡᠲᠡᠭᠡᠳ ᠤᠨ ᠭᠡᠷ | ᠪᠦᠯᠢ ᠶᠢᠨ ᠬᠥᠮᠥᠨ ᠠᠮᠠ᠂ ᠠᠵᠤ ᠠᠬᠤᠢ ᠶᠢᠨ ᠪᠠᠶᠢᠳᠠᠯ ᠤᠨ ᠴᠢᠬᠤᠯᠠ ᠶᠡᠭᠡ ᠬᠤᠪᠢᠷᠠᠯᠲᠠ ᠶᠢ ᠮᠡᠳᠡᠭᠦᠯᠬᠦ | ᠲᠣᠭᠲᠠᠴᠠ ᠶᠢ ᠵᠢᠷᠤᠮᠵᠢᠭᠤᠯᠤᠨ᠎ᠠ᠃ | ᠭᠤᠷᠪᠠ᠂ ᠲᠤᠰᠬᠠᠢ ᠲᠥᠷᠥᠯ ᠤᠨ ᠠᠪᠤᠷᠠᠨ ᠲᠤᠰᠠᠯᠠᠯᠲᠠ ᠶᠢᠨ ᠴᠢᠭᠯᠡᠭᠦᠯᠦᠯᠲᠦ ᠴᠢᠨᠠᠷ ᠢ ᠴᠢᠩᠭᠠᠳᠬᠠᠨ᠎ᠠ | ︵ᠨᠠᠢᠮᠠ︶ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠭᠤᠣᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠵᠢᠴᠢ ᠪᠤᠰᠤᠳ ᠬᠤᠲᠠ ᠬᠥᠳᠡᠭᠡ ᠶᠢᠨ ᠬᠦᠴᠢᠷᠳᠡᠯᠲᠡᠢ ᠣᠯᠠᠨ | ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠤᠰᠠᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠵᠢᠴᠢ ᠪᠤᠰᠤᠳ ᠬᠤᠲᠠ ᠬᠥᠳᠡᠭᠡ ᠶᠢᠨ | ᠬᠦᠴᠢᠷᠳᠡᠯᠲᠡᠢ ᠣᠯᠠᠨ ᠲᠦᠮᠡᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠬᠤ ᠬᠤᠪᠢ ᠬᠥᠮᠥᠨ ᠤ ᠲᠤᠰᠢᠶᠠᠬᠤ ᠰᠦᠢᠳᠬᠡᠯ ᠳᠤ ᠨᠥᠬᠦᠪᠦᠷᠢ ᠣᠯᠭᠤᠵᠤ᠂ ᠣᠨᠴᠠ | ᠬᠦᠴᠢᠷᠳᠡᠯᠲᠡᠢ ᠬᠥᠮᠥᠰ ︵ᠥᠨᠥᠴᠢᠨ ᠵᠡᠮᠳᠡᠭ ᠬᠡᠦᠬᠡᠳ ᠪᠠᠭᠲᠠᠨ᠎ᠠ︶ ᠲᠤ ᠪᠥᠬᠦ ᠲᠣᠭᠠᠨ ᠤ ᠮᠥᠩᠭᠦ ᠪᠠᠷ ᠲᠤᠰᠠᠯᠠᠵᠤ | ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠵᠡᠷᠭᠡ ᠪᠤᠰᠤᠳ ᠬᠦᠴᠢᠷᠳᠡᠯᠲᠡᠢ ᠣᠯᠠᠨ | ᠲᠦᠮᠡᠨ ᠳᠤ ᠲᠣᠭᠲᠠᠭᠰᠠᠨ ᠲᠣᠭᠠᠨ ᠤ ᠮᠥᠩᠭᠦ ᠪᠠᠷ ᠲᠤᠰᠠᠯᠠᠨ᠎ᠠ᠃ ᠡᠮᠴᠢᠯᠡᠭᠡᠨ ᠤ ᠠᠪᠤᠷᠠᠨ ᠲᠤᠰᠠᠯᠠᠯᠲᠠ ᠭᠥᠷᠳᠡᠬᠦ | ᠡᠲᠡᠭᠡᠳ ᠢ ᠰᠢᠭᠤᠳ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠣᠨᠴᠠ ᠬᠦᠴᠢᠷᠳᠡᠯᠲᠡᠢ ᠬᠥᠮᠥᠰ ᠤᠨ | ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ᠪᠠ ᠪᠤᠰᠤᠳ ᠨᠥᠬᠦᠪᠦᠷᠢ ᠡᠮᠴᠢᠯᠡᠭᠡᠨ ᠤ ᠳᠠᠭᠠᠳᠬᠠᠯ ᠢᠶᠠᠷ ᠳᠡᠮᠵᠢᠨ ᠲᠥᠯᠥᠭᠰᠡᠨ ᠤ | ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠥᠨ ᠤ ᠥᠪᠡᠷᠲᠡᠭᠡᠨ ᠳᠥᠯᠥᠬᠦ ᠡᠮᠴᠢᠯᠡᠭᠡᠨ ᠤ | ᠵᠠᠷᠤᠳᠠᠯ ᠢ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠳᠡᠮᠵᠢᠨ ᠪᠥᠬᠦ ᠲᠣᠭᠠᠨ ᠤ ᠮᠦᠩᠭᠦ ᠪᠠᠷ ᠠᠪᠤᠷᠠᠨ ᠲᠤᠰᠠᠯᠠᠨ᠎ᠠ᠃ | ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠲᠡᠭᠦᠯᠳᠡᠷᠵᠢᠭᠦᠯᠵᠦ᠂ | ᠭᠡᠨᠡᠳᠲᠡ ᠶᠢᠨ ᠬᠢᠵᠢᠭ ᠤᠨ ᠪᠠᠶᠢᠳᠠᠯ ᠵᠡᠷᠭᠡ ᠪᠠᠴᠢᠮ ᠪᠠᠶᠢᠳᠠᠯ ᠵᠢᠴᠢ ᠣᠨᠴᠠ ᠬᠦᠴᠢᠷᠳᠡᠯᠲᠡᠢ ᠬᠥᠮᠥᠰ᠂ ᠥᠨᠥᠴᠢᠨ | ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠲᠡᠨᠦᠭᠦᠴᠢᠯᠡᠨ ᠭᠤᠶᠢᠷᠠᠨᠴᠢᠯᠠᠵᠤ ᠶᠠᠪᠤᠭ᠎ᠠ | ᠬᠥᠮᠥᠰ ᠵᠡᠷᠭᠡ ᠣᠨᠴᠠ ᠬᠦᠴᠢᠷᠳᠡᠯᠲᠡᠢ ᠬᠥᠮᠥᠰ ᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠬᠦ | ᠦᠶ᠎ᠡ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠠᠪᠠᠷ ᠠᠪᠤᠷᠠᠨ ᠵᠠᠰᠠᠵᠤ᠂ ᠳᠠᠷᠠᠭ᠎ᠠ ᠨᠢ ᠰᠦᠢᠳᠬᠡᠯ | ᠬᠤᠷᠢᠶᠠᠬᠤ ᠶᠢ ᠦᠨᠡᠨᠬᠦ ᠪᠠᠲᠤᠯᠠᠨ᠎ᠠ᠃ | ︵ᠶᠢᠰᠦ︶ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠠᠭᠲᠠᠨ᠎ᠠ︶ ᠪᠣᠯᠣᠨ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ︵ᠳᠡᠭᠡᠳᠦ ᠵᠡᠷᠭᠡ ᠶᠢᠨ | ᠠᠵᠢᠯ ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠤᠨ ᠱᠠᠲᠤᠨ ᠳᠤ | ᠰᠤᠷᠤᠯᠴᠠᠵᠤ ᠪᠠᠶᠢᠭ᠎ᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠲᠠᠢ᠂ ᠣᠨᠴᠠ ᠬᠦᠴᠢᠷᠳᠡᠯᠲᠡᠢ ᠭᠡᠷ | ᠪᠦᠯᠢ ᠶᠢᠨ ᠰᠤᠷᠤᠭᠴᠢᠳ ᠵᠢᠴᠢ ᠪᠡᠶ᠎ᠡ ᠰᠡᠳᠬᠢᠯ ᠤᠨ ᠰᠠᠭᠠᠳ ᠲᠠᠢ ᠵᠡᠷᠭᠡ ᠰᠢᠯᠲᠠᠭᠠᠨ ᠠᠴᠠ ᠪᠣᠯᠵᠤ | ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠳᠤ ᠳᠥᠭᠦᠮ ᠦᠭᠡᠢ ᠰᠤᠷᠬᠤ | ᠨᠠᠰᠤᠨ ᠤ ᠵᠡᠮᠳᠡᠭ ᠨᠠᠰᠤᠨ ᠳᠤ ᠥᠯᠥ ᠭᠦᠷᠦᠭᠰᠡᠳ ᠲᠤ ᠬᠤᠯᠪᠤᠭᠳᠠᠯ ᠪᠦᠬᠦᠢ ᠵᠠᠷᠤᠳᠠᠯ ᠢ ᠬᠠᠰᠤᠵᠤ ᠬᠡᠯᠲᠦᠷᠢᠭᠦᠯᠬᠦ᠂ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠵᠡᠷᠭᠡ ᠠᠷᠭ᠎ᠠ | ᠮᠠᠶ᠋ᠢᠭ ᠢ ᠠᠪᠴᠤ᠂ ᠵᠣᠬᠢᠬᠤ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠣᠯᠭᠤᠨ᠎ᠠ᠃ ᠥᠪᠡᠷᠲᠡᠭᠡᠨ ᠵᠠᠰᠠᠬᠤ | ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤ ᠪᠠᠷ ᠬᠠᠮᠵᠢᠯᠴᠠᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠡᠲᠡᠭᠡᠳ ᠤᠨ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠪᠠ ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ ᠥᠷᠨᠢᠭᠦᠯᠵᠦ᠂ ᠭᠡᠷ ᠪᠦᠯᠢ ᠶᠢᠨ | ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢ ᠮᠠᠭᠠᠳᠯᠠᠨ ᠲᠤᠭᠲᠠᠭᠠᠬᠤ᠂ ᠰᠤᠷᠤᠯᠭ᠎ᠠ ᠶᠢᠨ ᠱᠠᠩᠨᠠᠯ ᠤᠨ ᠮᠥᠩᠭᠦ | ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠦᠨᠡᠯᠡᠨ | ᠲᠣᠭᠲᠠᠭᠠᠵᠤ ᠣᠯᠭᠤᠬᠤ ᠵᠡᠷᠭᠡ ᠪᠠᠶᠢᠳᠠᠯ ᠢ ᠪᠥᠬᠦ ᠶᠠᠪᠤᠴᠠ ᠳᠤ ᠮᠥᠷᠳᠡᠨ ᠬᠠᠮᠢᠶᠠᠷᠴᠤ᠂ ᠴᠠᠭ ᠲᠤᠬᠠᠢ ᠳᠤᠨᠢ | ᠣᠯᠭᠤᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ︵ᠠᠷᠪᠠ︶ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠪᠠᠷᠢᠮᠵᠢᠶ᠎ᠠ ᠳᠤ ᠨᠡᠶᠢᠴᠡᠬᠦ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ | ᠵᠡᠷᠭᠡ ᠳᠤ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠣᠬᠢᠷᠠᠭᠤᠯᠤᠨ ᠲᠦᠷᠢᠶᠡᠰᠦᠯᠡᠭᠦᠯᠬᠦ᠂ ᠲᠦᠷᠢᠶᠡᠰᠦᠨ ᠤ | ᠨᠥᠬᠦᠪᠦᠷᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠨ ᠰᠠᠭᠤᠴᠠ ᠶᠢᠨ ᠠᠪᠤᠷᠠᠨ | ᠲᠤᠰᠠᠯᠠᠯᠲᠠ ᠶᠢ ᠬᠡᠷᠡᠭᠵᠢᠭᠦᠯᠦᠨ᠎ᠡ᠃ ᠵᠥᠷᠢᠶᠡᠲᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠠᠪᠤᠷᠠᠨ ᠲᠤᠰᠠᠯᠠᠬᠤ ᠡᠲᠡᠭᠡᠳ ᠤᠨ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ ᠠᠳᠠᠯᠢ ᠪᠤᠰᠤ ᠨᠥᠬᠦᠪᠦᠷᠢ ᠶᠢᠨ | ᠲᠠᠰ ᠢ ᠲᠣᠬᠢᠷᠠᠭᠤᠯᠤᠨ᠎ᠠ᠃ ᠬᠥᠳᠡᠭᠡ ᠲᠣᠰᠬᠤᠨ ᠤ ᠣᠷᠣᠯᠭ᠎ᠠ ᠲᠣᠣᠷ᠎ᠠ ᠬᠦᠮᠦᠰ ᠤᠨ ᠣᠷᠣᠨ ᠰᠠᠭᠤᠴᠠ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠬᠥᠳᠡᠭᠡ ᠲᠣᠰᠬᠤᠨ ᠤ ᠬᠠᠮᠲᠤ ᠶᠢᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠢᠴᠢ ᠵᠣᠯ ᠵᠢᠷᠭᠠᠯᠲᠤ | ᠬᠠᠷᠢᠯᠴᠠᠨ ᠲᠤᠰᠠᠯᠠᠯᠴᠠᠬᠤ ᠶᠡᠭᠡ ᠬᠦᠷᠢᠶ᠎ᠡ ᠶᠢ ᠨᠢᠭᠡᠳᠦᠯᠲᠡᠢ ᠪᠠᠶᠢᠭᠤᠯᠬᠤ ᠂ ᠲᠠᠷᠢᠶᠠᠴᠢᠨ ᠤ ᠰᠤᠯᠠ ᠭᠡᠷ ᠪᠠᠶᠢᠰᠢᠩ ᠢ | ᠠᠰᠢᠭᠯᠠᠬᠤ ᠪᠠ ᠬᠠᠮᠲᠤ ᠶᠢᠨ ᠠᠯᠪᠠᠨ ᠤ ᠣᠷᠤᠨ ᠰᠠᠭᠤᠴᠠ ᠶᠢ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠬᠥᠳᠡᠭᠡ ᠲᠣᠰᠬᠤᠨ ᠤ ᠣᠷᠣᠯᠭ᠎ᠠ ᠳᠣᠣᠷ᠎ᠠ ᠬᠦᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠲᠣᠭᠲᠠᠭᠤᠨ | ᠪᠥᠭᠡᠳ ᠤᠳᠠᠭᠠᠨ ᠳᠠᠭᠠᠭᠠᠮᠠᠭᠠᠢ ᠪᠠᠷ ᠪᠠᠲᠤᠯᠠᠬᠤ ᠶᠢ ᠵᠣᠷᠢᠭᠵᠢᠭᠤᠯᠤᠨ᠎ᠠ᠃ ᠳᠤᠮᠳᠠ ᠵᠡᠷᠭᠡ ᠠᠴᠠ ᠳᠣᠣᠷ᠎ᠠ ᠰᠢᠭ᠋ | ᠣᠷᠣᠯᠭ᠎ᠠ ᠲᠠᠢ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ ᠶᠢ ᠵᠦᠢ ᠵᠣᠬᠢᠰᠲᠠᠢ | ᠡᠭᠡᠯᠵᠢᠯᠡᠨ ᠬᠦᠯᠢᠶᠡᠬᠦ ᠬᠤᠭᠤᠴᠠᠭᠠᠨ ᠳᠤ ᠪᠠᠲᠤᠯᠠᠭ᠎ᠠ ᠲᠠᠢ ᠪᠠᠶᠢᠯᠭᠠᠨ᠎ᠠ᠃ | ︵ᠠᠷᠪᠠᠨ ᠨᠢᠭᠡ︶ ᠠᠵᠢᠯ ᠣᠯᠭᠤᠯᠲᠠ ᠶᠢᠨ ᠠᠪᠤᠷᠠᠨ ᠲᠤᠰᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠣᠷᠤᠯᠭ᠎ᠠ ᠪᠠᠭ᠎ᠠ ᠭᠡᠷ ᠪᠦᠯᠢ᠂ | ᠬᠤᠲᠠ ᠪᠠᠯᠭᠠᠰᠤ ᠶᠢᠨ ᠪᠦᠬᠦ ᠭᠡᠷ ᠢᠶᠠᠷ ᠢᠶᠠᠨ ᠠᠵᠢᠯ ᠦᠭᠡᠢ ᠭᠡᠷ ᠪᠦᠯᠢ ᠶᠢᠨ ᠬᠥᠳᠡᠯᠮᠦᠷᠢᠯᠡᠬᠦ ᠴᠢᠳᠠᠪᠤᠷᠢ ᠲᠠᠢ | ᠪᠥᠭᠡᠳ ᠠᠵᠢᠯ ᠠᠯᠳᠠᠭᠰᠠᠨ ᠪᠠᠶᠢᠳᠠᠯ ᠳᠤ ᠪᠠᠶᠢᠭ᠎ᠠ ᠪᠦᠷᠢᠯᠳᠦᠭᠦᠨ ᠢ ᠠᠵᠢᠯ ᠣᠯᠭᠤᠯᠲᠠ ᠶᠢᠨ ᠠᠪᠤᠷᠠᠨ | ᠲᠤᠰᠠᠯᠠᠯᠲᠠ ᠶᠢᠨ ᠬᠡᠪᠴᠢᠶᠡᠨ ᠳᠤ ᠣᠷᠣᠭᠤᠯᠵᠤ᠂ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠦᠨ᠂ | ᠪᠦᠬᠦ ᠭᠡᠷ ᠢᠶᠠᠷ ᠢᠶᠠᠨ ᠠᠵᠢᠯ ᠦᠭᠡᠢ ᠭᠡᠷ ᠪᠦᠯᠢ ᠶᠢ ᠬᠥᠳᠡᠯᠦᠩᠭᠦᠢ ᠪᠠᠷ ︽ᠠᠷᠢᠯᠭᠠᠬᠤ︾ ᠶᠢ ᠦᠨᠡᠨᠬᠦ ᠪᠠᠲᠤᠯᠠᠨ᠎ᠠ᠃ | ᠠᠵᠤ ᠠᠬᠤᠶᠢᠯᠠᠯ ᠤᠨ ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠨ ᠠᠪᠴᠤ ᠠᠵᠢᠯ ᠣᠯᠭᠤᠬᠤ ᠶᠢ | ᠵᠣᠷᠢᠭᠵᠢᠭᠤᠯᠵᠤ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠳᠠᠭᠠᠭᠠᠯᠲᠠ ᠲᠠᠢ ᠵᠢᠭᠡᠯᠡᠯᠭᠡ ᠥᠭᠬᠦ ᠵᠢᠴᠢ | ᠲᠠᠮ ᠬᠦᠦ ᠮᠦᠩᠭᠦ᠂ ᠠᠵᠢᠯ ᠣᠯᠭᠤᠯᠲᠠ ᠶᠢᠨ ᠨᠥᠬᠦᠪᠦᠷᠢ ᠥᠭᠬᠦ ᠵᠡᠷᠭᠡ ᠲᠦᠷᠦ ᠶᠢᠨ ᠪᠣᠳᠣᠯᠭ᠎ᠠ ᠶᠢ ᠲᠣᠭᠲᠠᠭᠠᠯ | ᠶᠣᠰᠣᠭᠠᠷ ᠨᠠᠶᠢᠳᠠᠪᠤᠷᠢᠵᠢᠭᠤᠯᠤᠨ᠎ᠠ᠃ ᠠᠵᠢᠯ ᠣᠯᠬᠤ ᠳᠤ ᠬᠦᠴᠢᠷᠲᠡᠢ ᠬᠥᠮᠥᠰ ᠠᠮᠢᠳᠤᠯᠢᠭ ᠢᠶᠠᠷ ᠠᠵᠢᠯ | ᠣᠯᠣᠭᠰᠠᠨ ᠤ ᠬᠠᠮᠲᠤ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠳᠤ᠂ | ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ ᠵᠠᠬ᠎ᠠ ᠳᠡᠯᠭᠡᠭᠦᠷ ᠤᠨ ᠠᠷᠭ᠎ᠠ | ᠵᠠᠮ ᠢᠶᠠᠷ ᠠᠵᠢᠯ ᠣᠯᠬᠤ ᠳᠤ ᠦᠨᠡᠬᠡᠷ ᠬᠦᠴᠢᠷᠲᠡᠢ ᠬᠦᠮᠦᠰ ᠲᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢ ᠠᠰᠢᠭᠯᠠᠨ ᠦᠨᠳᠦᠰᠦᠨ ᠵᠦᠢᠯ ᠢ ᠨᠢ ᠪᠠᠲᠤᠯᠠᠨ ᠲᠥᠪᠬᠢᠨᠡᠭᠦᠯᠬᠦ ᠶᠢᠨ ᠬᠠᠮᠲᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠵᠡᠷᠭᠡ | ᠲᠦᠷᠦ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ᠬᠦᠴᠢᠷᠳᠡᠯᠲᠡᠢ ᠬᠥᠮᠥᠰ ᠤᠨ | ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ᠂ ᠵᠢᠭᠡᠯᠡᠯᠭᠡ ᠶᠢᠨ ᠳᠠᠮ ᠬᠦᠦ ᠮᠦᠩᠭᠦ᠂ ᠠᠳᠠᠯ ᠦᠢᠯᠡᠰ ᠴᠣᠭᠴᠠᠯᠠᠬᠤ ᠨᠥᠬᠦᠪᠦᠷᠢ ᠵᠡᠷᠭᠡ ᠲᠡᠳᠬᠦᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠢᠭᠡᠨᠲᠡ ᠠᠵᠢᠯ ᠣᠯᠣᠭᠰᠠᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠰᠠᠭᠤᠯᠭᠠᠬᠤ᠂ | ᠣᠷᠣᠯᠭ᠎ᠠ ᠶᠢ ᠬᠡᠯᠲᠦᠷᠢᠭᠦᠯᠬᠦ᠂ ᠠᠯᠭᠤᠷ ᠤᠬᠤᠷᠢᠭᠤᠯᠤᠨ ᠭᠠᠷᠭᠠᠬᠤ ᠪᠠ ᠠᠭᠠᠵᠢᠮ ᠢᠶᠠᠷ ᠤᠬᠤᠷᠢᠭᠤᠯᠤᠨ ᠭᠠᠷᠭᠠᠬᠤ | ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠡᠳᠡᠨ ᠢ ᠬᠠᠪᠰᠤᠷᠤᠨ ᠳᠣᠲᠣᠭᠠᠳᠤ ᠶᠢᠨ | ᠬᠥᠭᠵᠢᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢᠨ ᠦᠢᠯᠡᠴᠢᠯᠡᠭᠡ ᠶᠢ ᠪᠠᠶᠢᠩᠭᠤ | ᠰᠠᠭᠤᠭ᠎ᠠ ᠭᠠᠵᠠᠷ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠠᠪᠤᠷᠠᠨ | ᠲᠤᠰᠠᠯᠠᠬᠤ ᠡᠲᠡᠭᠡᠳ ᠨᠢ ᠪᠠᠶᠢᠩᠭᠤ ᠰᠠᠭᠤᠭ᠎ᠠ ᠭᠠᠵᠠᠷ ᠲᠠᠭᠠᠨ ᠠᠵᠢᠯ ᠣᠯᠬᠤ ᠳᠤ ᠬᠦᠴᠢᠷᠲᠡᠢ ᠬᠦᠮᠦᠨ ᠢᠶᠠᠷ | ᠮᠠᠭᠠᠳᠯᠠᠭᠤᠯᠤᠨ ᠲᠤᠭᠲᠠᠭᠠᠯᠭᠠᠬᠤ ᠪᠠᠷ ᠭᠤᠶᠤᠴᠢᠯᠠᠵᠤ᠂ ᠠᠵᠢᠯ ᠣᠯᠭᠤᠯᠲᠠ ᠶᠢᠨ ᠲᠤᠰᠠᠯᠠᠮᠵᠢ ᠬᠦᠷᠲᠡᠵᠦ ᠪᠣᠯᠣᠨ᠎ᠠ᠃ | | ︵ᠠᠷᠪᠠᠨ ᠬᠤᠶᠠᠷ︶ ᠭᠠᠮᠰᠢᠭᠳᠠᠭᠰᠠᠨ ᠬᠥᠮᠥᠰ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ︽ | ᠬᠥᠬᠡᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠵᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ | ᠳᠤ ᠵᠠᠰᠠᠪᠤᠷᠢ ᠣᠷᠤᠭᠤᠯᠤᠨ᠎ᠠ᠃ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠭᠠᠯᠢ ᠶᠢᠨ ᠭᠠᠮᠰᠢᠭ ᠡᠭᠦᠰᠬᠦ | ᠦᠶ᠎ᠡ ᠳᠤ ᠴᠠᠭ ᠲᠤᠬᠠᠢ ᠳᠤᠨᠢ ᠬᠦᠳᠡᠯᠦᠯᠴᠡᠵᠦ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠠᠮᠢᠳᠤᠷᠠᠯ᠂ | ᠲᠠᠷᠢᠶᠠᠨ ᠭᠠᠵᠠᠷ᠂ ᠣᠷᠣᠨ ᠰᠠᠭᠤᠴᠠ ᠨᠢ ᠬᠤᠬᠢᠷᠠᠯ ᠳᠤ ᠤᠴᠠᠷᠠᠭᠰᠠᠨ ᠭᠠᠮᠰᠢᠭᠳᠠᠭᠰᠠᠨ ᠤᠯᠠᠨ ᠲᠦᠮᠡᠨ ᠢ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠵᠠᠪᠳᠤᠨ ᠲᠠᠷᠢᠬᠤ᠂ ᠥᠭᠡᠷᠡᠴᠢᠯᠡᠨ ᠲᠠᠷᠢᠵᠦ ᠨᠥᠬᠦᠵᠦ ᠲᠠᠷᠢᠬᠤ᠂ | ᠪᠠᠴᠢᠮ ᠰᠢᠯᠵᠢᠭᠦᠯᠦᠨ ᠲᠥᠪᠬᠢᠨᠡᠭᠦᠯᠬᠦ᠂ ᠰᠡᠷᠭᠦᠭᠡᠨ ᠲᠠᠬᠢᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠠᠪᠤᠷᠠᠨ ᠲᠤᠰᠠᠯᠠᠵᠤ᠂ ᠲᠣᠭᠲᠠᠭᠠᠭᠰᠠᠨ ᠵᠢᠷᠤᠮ ᠶᠣᠰᠣᠭᠠᠷ ᠭᠠᠮᠰᠢᠭ ᠠᠴᠠ ᠠᠪᠤᠷᠠᠬᠤ ᠪᠡᠯᠡ ᠮᠥᠩᠭᠦ | ᠭᠤᠶᠤᠴᠢᠯᠠᠬᠤ ᠶᠢᠨ ᠬᠠᠮᠲᠤ ᠭᠠᠮᠰᠢᠭᠳᠠᠭᠰᠠᠨ ᠭᠠᠵᠠᠷ ᠤᠨ ᠵᠠᠰᠠᠭ ᠤᠨ ᠣᠷᠳᠣᠨ ᠤ ᠭᠠᠮᠰᠢᠭ ᠠᠴᠠ ᠠᠪᠤᠷᠠᠬᠤ ᠪᠡᠯᠡ | ᠮᠥᠩᠭᠦ ᠶᠢ ᠴᠠᠭ ᠲᠤᠬᠠᠢ ᠳᠤᠨᠢ ᠵᠣᠬᠢᠴᠠᠭᠤᠯᠤᠨ ᠲᠠᠷᠬᠠᠭᠠᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ | ᠠᠮᠢᠳᠤᠷᠠᠯ ᠢ ᠪᠠᠲᠤᠯᠠᠨ᠎ᠠ᠃ ᠭᠠᠮᠰᠢᠭᠳᠠᠭᠰᠠᠨ ᠤᠯᠠᠨ ᠲᠦᠮᠡᠨ ᠤ ᠡᠪᠦᠯ ᠬᠠᠪᠤᠷ ᠤᠨ ᠠᠪᠤᠷᠠᠨ ᠲᠤᠰᠠᠯᠠᠯᠲᠠ ᠶᠢᠨ | ᠲᠤᠭ᠎ᠠ ᠪᠦᠷᠢᠳᠬᠡᠯ ᠢ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠲᠥᠪ ᠤᠨ ᠡᠪᠦᠯ ᠬᠠᠪᠤᠷ ᠤᠨ ᠭᠠᠮᠰᠢᠭ ᠠᠴᠠ | ᠠᠪᠤᠷᠠᠬᠤ ᠪᠡᠯᠡ ᠮᠥᠩᠭᠦ ᠪᠣᠯᠣᠨ ᠬᠥᠬᠡᠬᠤᠲᠠ ᠶᠢᠨ ᠪᠠᠶᠢᠭᠠᠯᠢ ᠶᠢᠨ ᠭᠠᠮᠰᠢᠭ ᠤᠨ ᠭᠠᠮᠰᠢᠭ ᠠᠴᠠ ᠠᠪᠤᠷᠠᠬᠤ ᠪᠡᠯᠡ | ᠮᠥᠩᠭᠦ ᠶᠢ ᠭᠤᠶᠤᠴᠢᠯᠠᠵᠤ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ ᠢ ᠲᠣᠭᠲᠠᠭᠠᠨ᠂ ᠡᠪᠦᠯ | ᠬᠠᠪᠤᠷ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠭᠠᠮᠰᠢᠭᠳᠠᠭᠰᠠᠨ ᠤᠯᠠᠨ ᠲᠦᠮᠡᠨ ᠤ ᠭᠠᠷ ᠲᠤ ᠴᠠᠭ | ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨᠬᠦ ᠪᠠᠲᠤᠯᠠᠨ᠎ᠠ᠃ | ︵ᠠᠷᠪᠠᠨ ᠭᠤᠷᠪᠠ︶ ᠪᠤᠰᠤᠳ ᠠᠪᠤᠷᠠᠨ ᠲᠤᠰᠠᠯᠠᠯᠲᠠ ᠲᠤᠰᠠᠯᠠᠮᠵᠢ ᠳᠡᠳᠬᠦᠮᠵᠢ ᠶᠢ ᠬᠥᠭᠵᠢᠭᠦᠯᠦᠨ᠎ᠡ᠃ | ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠬᠦᠨᠳᠦ ᠵᠡᠷᠭᠡ ᠶᠢᠨ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠦᠷᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠬᠤᠰᠢᠭᠤ ᠰᠢᠶᠠᠨ | ᠲᠣᠭᠤᠷᠢᠭ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ ᠣᠷᠣᠯᠭ᠎ᠠ ᠳᠣᠣᠷ᠎ᠠ ᠭᠡᠷ ᠪᠦᠯᠢ ᠳᠤ | ᠬᠦᠷᠲᠡᠯ᠎ᠡ ᠤᠷᠲᠤᠳᠬᠠᠵᠤ᠂ ᠬᠦᠨᠳᠦ ᠵᠡᠷᠭᠡ ᠶᠢᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢ ᠬᠦᠨᠳᠦ ᠪᠤᠰᠤ | ᠣᠶᠤᠨ ᠤ ᠪᠠ ᠣᠶᠤᠨ ᠮᠡᠳᠡᠷᠡᠯ ᠤᠨ ᠵᠡᠮᠳᠡᠭ ᠪᠤᠶᠤ ᠪᠤᠰᠤᠳ ᠵᠡᠮᠳᠡᠭᠴᠦᠳ ᠲᠤ ᠬᠦᠷᠲᠡᠯ᠎ᠡ ᠥᠷᠭᠡᠳᠬᠡᠬᠦ ᠶᠢ | ᠵᠣᠷᠢᠭᠵᠢᠭᠤᠯᠤᠨ᠎ᠠ᠃ ᠬᠦᠴᠢᠷᠳᠡᠯᠲᠡᠢ ᠨᠠᠰᠤᠲᠠᠶᠢᠴᠤᠳ ᠲᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠬᠤᠳᠠᠯᠳᠤᠨ ᠠᠪᠴᠤ ᠥᠭᠬᠦ ᠳᠦᠷᠢᠮ ᠢ ᠲᠡᠭᠦᠯᠳᠡᠷᠵᠢᠭᠦᠯᠵᠦ᠂ ᠣᠨᠴᠠᠭᠠᠶ ᠬᠦᠴᠢᠷᠳᠡᠯᠲᠡᠢ | ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠵᠣᠬᠢᠴᠠᠬᠤ ᠥᠭᠡᠷᠡᠴᠢᠯᠡᠯᠲᠡ ᠶᠢᠨ ᠲᠦᠷᠦᠯ ᠵᠦᠢᠯ ᠢ | ᠬᠡᠷᠡᠭᠵᠢᠭᠦᠯᠵᠦ᠂ ᠪᠠᠲᠤᠯᠠᠭ᠎ᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠥᠨᠥᠴᠢᠨ | ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠰᠡᠳᠬᠢᠴᠡ ᠶᠢᠨ ᠵᠢᠯᠣᠭᠤᠳᠤᠯᠭ᠎ᠠ︾ ︽ | ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ︾ ᠵᠡᠷᠭᠡ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ | ᠦᠷᠭᠦᠯᠵᠢᠯᠡᠨ ᠥᠷᠨᠢᠭᠦᠯᠦᠨ᠎ᠡ᠃ ᠬᠥᠳᠡᠭᠡ ᠲᠣᠰᠬᠤᠨ ᠤ ︽ᠭᠤᠷᠪᠠᠨ ᠵᠦᠢᠯ ᠤᠨ ᠭᠡᠷ ᠢᠶᠠᠨ ᠰᠠᠬᠢᠵᠤ | ᠬᠤᠴᠣᠷᠤᠭᠰᠠᠳ︾ ᠢ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠴᠢᠩᠭᠠᠳᠬᠠᠵᠤ᠂ ᠵᠡᠮᠳᠡᠭ ᠬᠡᠦᠬᠡᠳ ᠢ | ᠡᠷᠡᠭᠦᠯᠵᠢᠭᠦᠯᠦᠨ ᠠᠪᠤᠷᠠᠨ ᠲᠤᠰᠠᠯᠠᠬᠤ ᠠᠵᠢᠯ ᠢ ᠲᠦᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠰᠡᠨ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠲᠤ | ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ | ᠦᠢᠯᠡᠴᠢᠯᠡᠭᠡ ᠬᠠᠩᠭᠠᠨ᠎ᠠ᠃ ᠳᠤᠯᠠᠭᠠᠯᠠᠭ᠎ᠠ ᠶᠢᠨ ᠠᠪᠤᠷᠠᠨ ᠲᠤᠰᠠᠯᠠᠯᠲᠠ᠂ ᠬᠥᠳᠡᠭᠡ ᠲᠣᠰᠬᠤᠨ ᠤ | ᠡᠮᠡᠭᠲᠡᠶᠢᠴᠦᠳ ᠤᠨ ︽ᠬᠤᠶᠠᠷ ᠥᠮᠡᠨ︾ ᠤ ᠠᠪᠤᠷᠠᠨ ᠲᠤᠰᠠᠯᠠᠯᠲᠠ ᠪᠠ ︽ᠠᠰᠠᠷᠠᠮᠵᠢ ᠶᠢᠨ ᠰᠤᠭᠤᠯᠤᠭ᠎ᠠ ᠠᠴᠠ | ᠬᠠᠶᠢᠷ᠎ᠠ ᠬᠠᠯᠠᠮᠵᠢ ᠬᠦᠷᠭᠡᠬᠦ︾ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ | ᠳᠥᠷᠪᠡ᠂ ᠪᠠᠴᠢᠮ ᠬᠦᠴᠢᠷᠳᠡᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠴᠠᠭ ᠬᠤᠭᠤᠴᠠᠭᠠᠲᠤ ᠴᠢᠨᠠᠷ ᠢ | ᠴᠢᠩᠭᠠᠳᠬᠠᠨ᠎ᠠ | ︵ᠠᠷᠪᠠᠨ ᠳᠥᠷᠪᠡ︶ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠴᠢᠨᠠᠷᠲᠠᠢ᠂ ᠲᠤᠯᠭᠠᠮ᠎ᠠ ᠴᠢᠨᠠᠷᠲᠠᠢ᠂ ᠭᠠᠮᠰᠢᠭ ᠤᠨ ᠴᠢᠨᠠᠷᠲᠠᠢ | ᠬᠦᠴᠢᠷᠳᠡᠯ ᠳᠤ ᠲᠤᠯᠭᠠᠷᠠᠭᠰᠠᠨ ᠠᠮᠢᠳᠤᠷᠠᠯ ᠨᠢ ᠬᠦᠴᠢᠷᠳᠡᠯᠲᠡᠢ ᠭᠡᠷ ᠪᠦᠯᠢ ᠪᠠ ᠬᠤᠪᠢ ᠬᠥᠮᠥᠨ ᠳᠤ᠂ | ᠬᠦᠴᠢᠷᠳᠡᠯ ᠤᠨ ᠬᠡᠮᠵᠢᠶ᠎ᠡ ᠶᠢ ᠨᠢ ᠦᠨᠳᠦᠰᠦᠯᠡᠨ ᠲᠥᠷᠥᠯ ᠬᠤᠪᠢᠶᠠᠨ ᠲᠠᠰ ᠬᠤᠪᠢᠶᠠᠨ ᠲᠦᠷ ᠴᠠᠭ ᠤᠨ ᠠᠪᠤᠷᠠᠨ | ᠲᠤᠰᠠᠯᠠᠯᠲᠠ ᠣᠯᠭᠤᠵᠤ᠂ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ᠂ ᠦᠷ᠎ᠡ ᠬᠡᠦᠬᠡᠳ ᠤᠨ ᠰᠤᠷᠭᠠᠨ | ᠬᠥᠮᠦᠵᠢᠯ ᠤᠨ ᠵᠠᠷᠤᠳᠠᠯ ᠤᠨ ᠳᠠᠷᠤᠭᠠᠰᠤ ᠬᠡᠲᠦ ᠬᠦᠨᠳᠦᠷᠡᠭᠰᠡᠨ ᠠᠴᠠ ᠪᠣᠯᠵᠤ ᠵᠠᠷᠤᠯᠭ᠎ᠠ ᠶᠢᠨ ᠬᠡᠯᠪᠡᠷᠢ ᠶᠢᠨ ᠠᠪᠤᠷᠠᠨ | ᠲᠤᠰᠠᠯᠠᠯᠲᠠ ᠭᠥᠷᠳᠡᠬᠦ ᠡᠲᠡᠭᠡᠳ ᠲᠤ ᠲᠣᠰ ᠲᠣᠰ ᠲᠤᠬᠠᠢ ᠶᠢᠨ ᠭᠠᠵᠠᠷ ᠤᠨ ᠬᠤᠲᠠ ᠶᠢᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢᠨ 3 — 12 ᠳᠠᠬᠢᠨ ᠢᠶᠠᠷ ᠲᠦᠷ ᠴᠠᠭ ᠤᠨ ᠠᠪᠤᠷᠠᠨ ᠲᠤᠰᠠᠯᠠᠯᠲᠠ | ᠣᠯᠭᠤᠵᠤ ᠪᠣᠯᠣᠨ᠎ᠠ᠃ ᠪᠠᠴᠢᠮ ᠬᠦᠴᠢᠷᠳᠡᠯ ᠤᠨ ᠬᠡᠯᠪᠡᠷᠢ ᠶᠢᠨ ᠲᠦᠷ ᠴᠠᠭ ᠤᠨ ᠠᠪᠤᠷᠠᠨ ᠲᠤᠰᠠᠯᠠᠯᠲᠠ ᠳᠤ᠂ | ᠤᠷᠢᠳᠠᠪᠠᠷ ᠠᠪᠤᠷᠠᠨ ᠲᠤᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠬᠦᠴᠢᠷᠳᠡᠯ ᠡᠭᠦᠰᠦᠭᠰᠡᠨ | ᠭᠠᠵᠠᠷ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠤᠶᠤ ᠬᠤᠰᠢᠭᠤ ᠰᠢᠶᠠᠨ ᠲᠣᠭᠤᠷᠢᠭ ᠤᠨ ᠵᠠᠰᠠᠭ ᠤᠨ | ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠢᠭᠤᠳ ᠲᠦᠷ ᠴᠠᠭ ᠤᠨ ᠠᠪᠤᠷᠠᠨ ᠲᠤᠰᠠᠯᠠᠯᠲᠠ ᠶᠢ | ᠬᠡᠷᠡᠭᠵᠢᠭᠦᠯᠦᠨ᠎ᠡ᠃ ᠠᠮᠢᠳᠤᠷᠠᠯ ᠨᠢ ᠬᠦᠨᠳᠦ ᠶᠡᠭᠡ ᠬᠦᠴᠢᠷᠳᠡᠯᠲᠡᠢ ᠳᠤ᠂ ︽ᠨᠢᠭᠡ ᠤᠴᠢᠷ ᠢ ᠨᠢᠭᠡ ᠵᠥᠪᠯᠡᠵᠦ︾ | ᠲᠦᠷ ᠴᠠᠭ ᠤᠨ ᠠᠪᠤᠷᠠᠨ ᠲᠤᠰᠠᠯᠠᠯᠲᠠ ᠶᠢᠨ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠣᠨ᠎ᠠ᠃ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ | ᠳᠦᠷᠢᠮ ᠢ ᠪᠦᠷᠢᠨᠰᠢᠭᠦᠯᠵᠦ᠂ ᠵᠠᠷᠴᠢᠮ ᠳᠡᠭᠡᠷ᠎ᠡ ᠪᠠᠨ ᠠᠪᠤᠷᠠᠨ ᠲᠤᠰᠠᠯᠠᠬᠤ ᠮᠦᠩᠭᠦ ᠶᠢᠨ ᠲᠤᠭ᠎ᠠ ᠨᠢ ᠲᠤᠬᠠᠢ ᠶᠢᠨ | ᠭᠠᠵᠠᠷ ᠤᠨ ᠲᠤᠰ ᠵᠢᠯ ᠤᠨ ᠰᠠᠷ᠎ᠠ ᠶᠢᠨ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 5 | ᠳᠠᠬᠢᠨ ︵ᠪᠠᠭᠲᠠᠨ᠎ᠠ︶ ᠤ ᠳᠣᠲᠣᠷ᠎ᠠ ᠪᠠᠶᠢᠪᠠᠯ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠠᠴᠠ ᠬᠠᠷᠢᠭᠤᠴᠠᠨ | ᠬᠢᠨᠠᠨ ᠵᠥᠪᠰᠢᠶᠡᠷᠡᠵᠦ ᠮᠠᠭᠠᠳᠯᠠᠨ ᠲᠤᠭᠲᠠᠭᠠᠵᠤ᠂ ᠠᠪᠤᠷᠠᠨ ᠲᠤᠰᠠᠯᠠᠯᠲᠠ ᠶᠢᠨ ᠪᠣᠳᠠᠲᠤ ᠦᠷ᠎ᠡ ᠪᠦᠲᠦᠮᠵᠢᠲᠦ | ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ᠂ ᠰᠠᠭᠤᠭ᠎ᠠ ᠭᠠᠵᠠᠷ | ᠭᠤᠶᠤᠴᠢᠯᠠᠬᠤ ᠬᠢᠵᠠᠭᠠᠷᠯᠠᠯ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠵᠤ᠂ ᠪᠠᠴᠢᠮ ᠬᠦᠴᠢᠷᠳᠡᠯ | ᠡᠭᠦᠰᠦᠭᠰᠡᠨ ᠭᠠᠵᠠᠷ ᠠᠴᠠ ᠬᠢᠨᠠᠨ ᠬᠠᠷᠭᠤᠭᠤᠯᠬᠤ ᠶᠢᠨ ᠬᠠᠮᠲᠤ ᠲᠦᠷ ᠴᠠᠭ ᠤᠨ ᠠᠪᠤᠷᠠᠨ ᠲᠤᠰᠠᠯᠠᠬᠤ ᠮᠥᠩᠭᠦ | ᠣᠯᠭᠤᠨ᠎ᠠ᠃ | ︵ᠠᠷᠪᠠᠨ ᠲᠠᠪᠤ︶ ᠠᠮᠢᠳᠤᠷᠠᠯ ᠢᠶᠠᠨ ᠠᠷᠭᠠᠴᠠᠭᠠᠬᠤ ᠠᠷᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ | ᠲᠤᠰᠠᠯᠠᠬᠤ ᠶᠢ ᠴᠢᠩᠭᠠᠳᠬᠠᠨ᠎ᠠ᠃ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭᠠᠷᠠᠭᠤᠯᠵᠤ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ | ᠬᠠᠮᠢᠶᠠᠷᠤᠯᠲᠠ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠬᠤᠯᠪᠤᠭᠳᠠᠯ ᠪᠦᠬᠦᠢ ᠰᠠᠯᠠᠭ᠎ᠠ | ᠮᠥᠴᠢᠷ ᠤᠨ ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠬᠤ ᠪᠠ ᠰᠢᠯᠵᠢᠭᠦᠯᠦᠨ ᠲᠠᠨᠢᠯᠴᠠᠭᠤᠯᠵᠤ ᠰᠢᠢᠳᠪᠦᠷᠢᠯᠡᠬᠦ᠂ | ᠪᠡᠶ᠎ᠡ ᠶᠢᠨ ᠭᠠᠷᠤᠯ ᠢ ᠪᠠᠶᠢᠴᠠᠭᠠᠨ ᠯᠠᠪᠯᠠᠬᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠡᠨᠦᠭᠦᠴᠢᠯᠡᠨ ᠭᠤᠶᠢᠷᠠᠨᠴᠢᠯᠠᠵᠤ ᠶᠠᠪᠤᠭ᠎ᠠ ᠬᠥᠮᠥᠰ ᠤᠨ ᠪᠡᠶ᠎ᠡ ᠶᠢᠨ ᠠᠮᠤᠷ | ᠲᠦᠪᠰᠢᠨ ᠪᠠ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠎ᠠ᠃ ᠡᠬᠢ ᠡᠭᠦᠰᠦᠯ ᠠᠴᠠ ᠨᠢ ᠵᠠᠰᠠᠬᠤ ᠪᠠ ᠪᠤᠴᠠᠭᠠᠨ | ᠲᠣᠭᠲᠠᠭᠤᠨ ᠪᠠᠶᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ 3 ᠰᠠᠷ᠎ᠠ ᠥᠩᠭᠡᠷᠡᠭᠡᠳ ᠮᠥᠨ ᠬᠦ ᠪᠡᠶ᠎ᠡ ᠤᠨ | ᠭᠠᠷᠤᠯ ᠤᠨ ᠮᠡᠳᠡᠭᠡ ᠵᠠᠩᠭᠢ ᠶᠢ ᠨᠢ ᠪᠠᠶᠢᠴᠠᠭᠠᠨ ᠲᠣᠳᠣᠯᠠᠬᠤ ᠶᠢᠨ ᠠᠷᠭ᠎ᠠ ᠦᠭᠡᠢ ᠣᠷᠤᠩᠨᠠᠵᠤ ᠰᠠᠭᠤᠭᠰᠠᠨ | ᠬᠥᠮᠥᠰ ᠲᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠣᠷᠳᠣ ᠬᠤᠭᠤᠴᠠᠭ᠎ᠠ ᠪᠠᠷ ᠣᠷᠤᠩᠨᠠᠵᠤ ᠰᠠᠭᠤᠭᠰᠠᠨ | ᠬᠥᠮᠥᠰ ᠢ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠣᠷᠳᠣ | ᠬᠤᠭᠤᠴᠠᠭ᠎ᠠ ᠪᠠᠷ ᠣᠷᠤᠩᠨᠠᠵᠤ ᠰᠠᠭᠤᠭᠰᠠᠨ ᠬᠥᠮᠥᠰ ᠲᠤ ᠡᠷᠦᠬᠡ ᠠᠮᠠ ᠣᠷᠣᠭᠤᠯᠬᠤ ᠠᠵᠢᠯ ᠢ ᠰᠠᠶᠢᠲᠤᠷ ᠬᠢᠵᠦ᠂ | ᠨᠥᠬᠦᠴᠡᠯ ᠳᠤ ᠨᠡᠶᠢᠴᠡᠬᠦ ᠬᠥᠮᠥᠰ ᠲᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠲᠡᠨᠦᠭᠦᠴᠢᠯᠡᠨ ᠭᠤᠶᠢᠷᠠᠨᠴᠢᠯᠠᠵᠤ ᠶᠠᠪᠤᠭ᠎ᠠ | ᠬᠥᠮᠥᠰ ᠢ ᠪᠤᠴᠠᠭᠠᠨ ᠬᠦᠷᠭᠡᠬᠦ ᠶᠠᠪᠤᠴᠠ ᠳᠠᠬᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠲᠥᠭᠡᠷᠢᠭᠰᠡᠨ᠂ | ᠠᠵᠢᠯ ᠬᠢᠬᠦ ᠠᠷᠭ᠎ᠠ ᠦᠭᠡᠢ ᠪᠣᠯᠤᠭᠰᠠᠨ᠂ ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠠᠮᠰᠠᠭᠴᠢ ᠵᠡᠷᠭᠡ | ᠭᠡᠷ ᠠᠴᠠ ᠪᠠᠨ ᠰᠠᠯᠤᠭᠰᠠᠨ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠥᠰ ᠲᠤ ᠢᠳᠡᠪᠬᠢᠲᠡᠢ ᠠᠪᠤᠷᠠᠨ | ᠲᠤᠰᠠᠯᠠᠯᠲᠠ ᠣᠯᠭᠤᠨ᠎ᠠ᠃ | ︵ᠠᠷᠪᠠᠨ ᠵᠢᠷᠭᠤᠭ᠎ᠠ︶ ᠬᠦᠨᠳᠦ ᠶᠡᠭᠡ ᠬᠢᠵᠢᠭ ᠤᠨ ᠪᠠᠶᠢᠳᠠᠯ ᠵᠡᠷᠭᠡ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠬᠡᠷᠡᠭ ᠠᠴᠠ ᠪᠣᠯᠤᠭᠰᠠᠨ ᠬᠦᠴᠢᠷᠳᠡᠯᠲᠡᠢ ᠣᠯᠠᠨ ᠲᠦᠮᠡᠨ ᠳᠤ ᠪᠠᠴᠢᠮ ᠬᠦᠴᠢᠷᠳᠡᠯ ᠤᠨ ᠠᠪᠤᠷᠠᠨ | ᠲᠤᠰᠠᠯᠠᠯᠲᠠ ᠶᠢ ᠬᠡᠷᠡᠭᠵᠢᠬᠦᠯᠦᠨ᠎ᠡ᠃ ᠬᠦᠴᠢᠷᠳᠡᠯᠲᠡᠢ ᠣᠯᠠᠨ ᠲᠦᠮᠡᠨ ᠤ ᠪᠠᠴᠢᠮ ᠬᠦᠴᠢᠷᠳᠡᠯ ᠢ ᠠᠪᠤᠷᠠᠨ | ᠲᠤᠰᠠᠯᠠᠬᠤ ᠶᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠬᠤᠯᠪᠤᠭᠳᠠᠯ ᠪᠦᠬᠦᠢ ᠪᠠᠴᠢᠮ ᠪᠠᠶᠢᠳᠠᠯ ᠢ | ᠠᠷᠭᠠᠴᠠᠭᠠᠬᠤ ᠲᠥᠰᠥᠯ ᠳᠤ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠤᠭᠤᠴᠠᠭᠠᠨ ᠳᠠᠬᠢ ᠨᠡᠶᠢᠭᠡᠮ ᠤᠨ | ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠪᠠᠴᠢᠮ ᠠᠪᠤᠷᠠᠨ ᠲᠤᠰᠠᠯᠠᠬᠤ ᠲᠠᠰ | ᠳᠠᠷᠠᠭᠠᠯᠠᠯ ᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠵᠤ ᠬᠦᠴᠢᠷᠳᠡᠯ ᠳᠤ | ᠲᠤᠯᠭᠠᠷᠠᠭᠰᠠᠨ ᠬᠥᠮᠥᠰ ᠢ ᠠᠪᠤᠷᠠᠨ ᠲᠤᠰᠠᠯᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠱᠠᠳᠤᠴᠢ ᠴᠢᠨᠠᠷᠲᠠᠢ ᠪᠠᠷ | ᠲᠦᠷ ᠴᠠᠭ ᠤᠨ ᠠᠮᠢᠳᠤᠷᠠᠯ ᠤᠨ ᠨᠥᠬᠦᠪᠦᠷᠢ ᠪᠠ ᠦᠨᠳᠦᠰᠦᠨ ᠠᠮᠢᠳᠤᠷᠠᠯ ᠤᠨ ᠡᠳ᠋ ᠪᠣᠳᠠᠰ ᠢ ᠲᠠᠷᠬᠠᠭᠠᠵᠤ᠂ | ᠲᠣᠭᠲᠠᠭᠠᠭᠰᠠᠨ ᠨᠥᠬᠦᠴᠡᠯ ᠶᠣᠰᠣᠭᠠᠷ ᠦᠨ᠎ᠡ ᠬᠠᠩᠰᠢ ᠶᠢᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠡᠬᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠨ᠎ᠠ᠃ | ᠲᠠᠪᠤ᠂ ᠨᠡᠶᠢᠭᠡᠮ ᠤᠨ ᠬᠦᠴᠦᠨ ᠤ ᠣᠷᠤᠯᠴᠠᠯᠭ᠎ᠠ ᠶᠢᠨ ᠣᠯᠠᠨ ᠡᠰᠢᠲᠦ ᠴᠢᠨᠠᠷ ᠢ ᠴᠢᠩᠭᠠᠳᠬᠠᠨ᠎ᠠ | ︵ᠠᠷᠪᠠᠨ ᠳᠣᠯᠤᠭ᠎ᠠ︶ ᠨᠢᠭᠦᠯᠡᠰᠦᠩᠭᠦᠢ ᠶᠢᠨ ᠦᠢᠯᠡᠰ ᠢ ᠪᠦᠷᠢᠨᠰᠢᠭᠦᠯᠬᠦ ᠪᠠ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠬᠦᠷᠢᠶᠡᠨ ᠳᠠᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠤᠨ᠎ᠠ᠃ | ᠪᠠᠶᠢᠭᠠᠯᠢ ᠬᠥᠮᠥᠨ᠂ ᠬᠠᠤᠯᠢ ᠶᠢᠨ ᠬᠥᠮᠥᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠡᠳ᠋ ᠬᠥᠷᠥᠩᠭᠡ | ᠬᠠᠨᠳᠢᠪᠯᠠᠬᠤ᠂ ᠲᠦᠷᠦᠯ ᠵᠦᠢᠯ ᠪᠠᠶᠢᠭᠤᠯᠬᠤ᠂ ᠦᠢᠯᠡᠴᠢᠯᠡᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ | ᠨᠢᠭᠦᠯᠡᠰᠦᠩᠭᠦᠢ ᠶᠢᠨ ᠠᠪᠤᠷᠠᠨ ᠲᠤᠰᠠᠯᠠᠬᠤ ᠠᠵᠢᠯᠯᠠᠭ᠎ᠠ ᠶᠢ ᠰᠠᠶᠢᠨ ᠳᠤᠷ᠎ᠠ ᠠᠴᠠ ᠪᠠᠨ ᠥᠷᠨᠢᠭᠦᠯᠬᠦ ᠶᠢ | ᠵᠣᠷᠢᠭᠵᠢᠭᠤᠯᠤᠨ ᠲᠡᠮᠵᠢᠨ᠎ᠠ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠲᠠᠯ᠎ᠠ ᠶᠢᠨ ᠵᠠᠷᠤᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ ᠵᠢᠯᠤᠭᠤᠳᠴᠤ᠂ ᠨᠡᠶᠢᠭᠡᠮ ᠤᠨ ᠠᠪᠤᠷᠠᠨ | ᠲᠤᠰᠠᠯᠠᠯᠲᠠ ᠳᠤ ᠣᠷᠣᠯᠴᠠᠭᠰᠠᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠶᠢ | ᠨᠠᠶᠢᠳᠠᠪᠤᠷᠢᠵᠢᠭᠤᠯᠤᠨ᠎ᠠ᠃ | ︵ᠠᠷᠪᠠᠨ ᠨᠠᠢᠮᠠ︶ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠬᠦᠴᠦᠨ ᠨᠡᠶᠢᠭᠡᠮ ᠤᠨ ᠠᠪᠤᠷᠠᠨ | ᠲᠤᠰᠠᠯᠠᠯᠲᠠ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠵᠡᠷᠭᠡ ᠦᠨᠳᠦᠰᠦᠨ ᠱᠠᠲᠤᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠡᠶᠢᠭᠡᠮ ᠤᠨ | ᠠᠵᠢᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠨᠡᠶᠢᠭᠡᠮ ᠤᠨ ᠠᠪᠤᠷᠠᠨ ᠲᠤᠰᠠᠯᠠᠯᠲᠠ ᠳᠤ ᠣᠷᠤᠯᠴᠠᠬᠤ ᠳᠤ ᠴᠢᠬᠤᠯᠠ ᠪᠦᠬᠦᠢ ᠠᠵᠢᠯᠯᠠᠬᠤ | ᠲᠠᠯᠠᠪᠤᠷ ᠬᠠᠩᠭᠠᠵᠤ᠂ ᠲᠡᠳᠡᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠠᠯᠠᠭ᠎ᠠ ᠮᠥᠴᠢᠷ ᠢ ᠬᠠᠪᠰᠤᠷᠤᠨ ᠭᠡᠷ | ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠨ ᠦᠨᠡᠯᠡᠨ ᠵᠢᠱᠢᠬᠦ᠂ ᠲᠠᠩᠰᠠ ᠡᠪᠬᠡᠮᠡᠯ ᠪᠠᠶᠢᠭᠤᠯᠤᠨ | ᠰᠣᠷᠪᠤᠯᠵᠢᠯᠠᠨ ᠦᠵᠡᠬᠦ᠂ ᠬᠡᠷᠡᠭᠴᠡᠭᠡ ᠱᠠᠭᠠᠷᠳᠠᠯᠭ᠎ᠠ ᠶᠢ ᠵᠠᠳᠠᠯᠬᠤ ᠵᠡᠷᠭᠡ ᠬᠡᠷᠡᠭ ᠶᠠᠪᠤᠳᠠᠯ ᠢ ᠥᠷᠨᠢᠭᠦᠯᠬᠦ ᠶᠢ | ᠵᠣᠷᠢᠭᠵᠢᠭᠤᠯᠵᠤ᠂ ᠠᠪᠤᠷᠠᠨ ᠲᠤᠰᠠᠯᠠᠬᠤ ᠡᠲᠡᠭᠡᠳ ᠲᠤ ᠰᠡᠳᠬᠢᠴᠡ ᠶᠢᠨ ᠵᠢᠯᠣᠭᠤᠳᠤᠯᠭ᠎ᠠ᠂ ᠡᠬᠢ ᠪᠠᠶᠠᠯᠢᠭ ᠤᠨ | ᠬᠤᠯᠪᠤᠭᠠᠰᠤ᠂ ᠴᠢᠳᠠᠪᠤᠷᠢ ᠶᠢᠨ ᠳᠡᠭᠡᠭᠰᠢᠯᠡᠯᠲᠡ᠂ ᠨᠡᠶᠢᠭᠡᠮ ᠳᠤ ᠠᠭᠤᠰᠤᠯᠴᠠᠬᠤ ᠵᠡᠷᠭᠡ ᠦᠢᠯᠡᠴᠢᠯᠡᠭᠡ ᠬᠠᠩᠭᠠᠨ᠎ᠠ᠃ | ︵ᠠᠷᠪᠠ ᠶᠢᠰᠦ︶ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠢᠳᠡᠪᠬᠢᠲᠡᠢ ᠬᠤᠳᠠᠯᠳᠤᠨ ᠠᠪᠤᠨ᠎ᠠ᠃ | ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠯᠲᠠ ᠬᠤᠳᠠᠯᠳᠤᠨ ᠠᠪᠬᠤ ᠳᠤ ᠬᠡᠷᠡᠭᠰᠡᠬᠦ ᠵᠠᠷᠤᠳᠠᠯ ᠢ ᠡᠯ᠎ᠡ | ᠱᠠᠲᠤᠨ ᠤ ᠨᠢᠭᠡᠨᠲᠡ ᠪᠠᠶᠢᠭ᠎ᠠ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠵᠠᠷᠤᠳᠠᠯ ᠪᠤᠶᠤ ᠨᠡᠶᠢᠭᠡᠮ ᠤᠨ ᠠᠪᠤᠷᠠᠨ | ᠲᠤᠰᠠᠯᠠᠬᠤ ᠲᠤᠰᠬᠠᠢ ᠲᠦᠷᠦᠯ ᠤᠨ ᠵᠠᠷᠤᠳᠠᠯ ᠤᠨ ᠳᠣᠲᠣᠷ᠎ᠠ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ | ᠶᠡᠷᠦᠩᠬᠡᠢ ᠲᠤᠭ᠎ᠠ ᠶᠢ ᠵᠠᠷᠴᠢᠮ ᠳᠡᠭᠡᠷ᠎ᠡ ᠪᠠᠨ ᠳᠡᠭᠡᠷ᠎ᠡ ᠵᠢᠯ ᠤᠨ ᠲᠥᠪ ᠪᠠ ᠥᠪᠡᠷᠲᠡᠭᠡᠨ ᠵᠠᠰᠠᠬᠤ ᠣᠷᠣᠨ ᠠᠴᠠ | ᠳᠣᠷᠣᠭᠰᠢ ᠪᠠᠭᠤᠯᠭᠠᠭᠰᠠᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠪᠡᠯᠡ ᠮᠥᠩᠭᠦ ᠶᠢᠨ | ᠶᠡᠷᠦᠩᠬᠡᠢ ᠨᠡᠶᠢᠯᠡᠪᠦᠷᠢ ᠶᠢᠨ 2% ᠠᠴᠠ ᠳᠠᠪᠠᠭᠤᠯᠬᠤ ᠦᠭᠡᠢ᠃ ᠡᠯ᠎ᠡ ᠭᠠᠵᠠᠷ ᠤᠨ ᠬᠢᠨ ᠲᠣᠰ ᠱᠠᠲᠤᠨ ᠤ | ᠲᠣᠬᠢᠷᠠᠭᠤᠯᠤᠭᠰᠠᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠲᠤᠰᠬᠠᠢ ᠪᠡᠯᠡ ᠮᠥᠩᠭᠦ ᠶᠢᠨ ᠳᠣᠲᠣᠷ᠎ᠠ | ᠠᠴᠠ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠵᠠᠷᠤᠳᠠᠯ ᠢ | ᠬᠤᠪᠢᠶᠠᠷᠢᠯᠠᠨ ᠰᠢᠯᠵᠢᠬᠦᠯᠬᠦ ᠳᠤ᠂ ᠲᠥᠰᠥᠪ ᠢ ᠨᠠᠶᠢᠷᠠᠭᠤᠯᠤᠨ ᠵᠣᠬᠢᠶᠠᠬᠤ ᠡᠬᠢᠨ ᠤ ᠬᠤᠭᠤᠴᠠᠭᠠᠨ ᠳᠤ ᠪᠤᠶᠤ ᠬᠠᠤᠯᠢ | ᠶᠣᠰᠣᠭᠠᠷ ᠲᠥᠰᠥᠪ ᠲᠤ ᠲᠣᠬᠢᠷᠠᠭᠤᠯᠤᠯᠲᠠ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠳᠣᠷᠬᠠᠶᠢᠯᠠᠬᠤ ᠬᠡᠷᠡᠭᠲᠡᠢ᠃ | ᠵᠢᠷᠭᠤᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠴᠢᠳᠠᠪᠤᠷᠢ ᠶᠢᠨ ᠥᠨᠳᠥᠷ ᠪᠦᠲᠦᠮᠵᠢᠲᠦ | ᠴᠢᠨᠠᠷ ᠢ ᠴᠢᠩᠭᠠᠳᠬᠠᠨ᠎ᠠ | ︵ᠬᠤᠷᠢ︶ ᠰᠠᠨᠠᠭᠠᠴᠢᠯᠠᠭ᠎ᠠ ᠲᠠᠢ ᠢᠯᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠪᠤᠷᠠᠨ | ᠲᠤᠰᠠᠯᠠᠯᠲᠠ ᠶᠢ ᠨᠡᠶᠢᠭᠡᠮ ᠲᠣᠭᠤᠷᠢᠭ ᠤᠨ ᠲᠣᠣᠷᠵᠢᠭᠰᠠᠨ ᠵᠠᠰᠠᠯᠲᠠ ᠳᠤ ᠠᠭᠤᠰᠬᠠᠵᠤ᠂ ᠬᠦᠴᠢᠷᠳᠡᠯᠲᠡᠢ ᠣᠯᠠᠨ | ᠲᠦᠮᠡᠨ ᠢ ᠰᠤᠷᠪᠤᠯᠵᠢᠯᠠᠬᠤ᠂ ᠢᠯᠡᠷᠡᠭᠦᠯᠬᠦ ᠶᠢ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ ᠶᠢᠨ | ᠴᠢᠬᠤᠯᠠ ᠠᠵᠢᠯ ᠤᠨ ᠠᠭᠤᠯᠭ᠎ᠠ ᠳᠤ ᠣᠷᠤᠭᠤᠯᠤᠨ᠎ᠠ᠃ ᠣᠷᠣᠯᠭ᠎ᠠ ᠳᠣᠣᠷ᠎ᠠ ᠭᠡᠷ ᠪᠦᠯᠢ ᠶᠢ ᠬᠥᠳᠡᠯᠦᠩᠭᠦᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠯᠭ᠎ᠠ ᠳᠣᠣᠷ᠎ᠠ ᠬᠥᠮᠥᠨ ᠠᠮᠠ ᠶᠢ | ᠬᠥᠳᠡᠯᠦᠩᠭᠦᠢ ᠬᠢᠨᠠᠨ ᠬᠡᠮᠵᠢᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ | 12345 ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ︾ ᠦᠢᠯᠡᠴᠢᠯᠡᠭᠡᠨ ᠤ ᠲᠠᠪᠴᠠᠩ ᠳᠤ | ᠨᠡᠶᠢᠭᠡᠮ ᠤᠨ ᠠᠪᠤᠷᠠᠨ ᠲᠤᠰᠠᠯᠠᠬᠤ ᠵᠦᠭᠯᠡᠭᠦᠷ ᠢ ᠵᠠᠯᠭᠠᠨ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠵᠥᠪᠯᠡᠯᠭᠡ | ᠥᠭᠬᠦ᠂ ᠲᠤᠰᠠᠯᠠᠮᠵᠢ ᠶᠢᠨ ᠭᠤᠶᠤᠴᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠵᠠᠭᠠᠯᠳᠤᠵᠤ ᠢᠯᠡᠴᠢᠯᠡᠨ | ᠮᠡᠳᠡᠭᠦᠯᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠭᠤᠯᠭ᠎ᠠ ᠶᠢ ᠥᠷᠨᠢᠭᠦᠯᠵᠦ᠂ ᠣᠯᠠᠨ | ᠲᠦᠮᠡᠨ ᠤ ᠲᠤᠰᠬᠠᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠬᠦ ᠪᠠ ᠭᠦᠢᠴᠡᠳᠬᠡᠬᠦ ᠶᠢ ᠦᠨᠡᠨᠬᠦ | ᠪᠠᠲᠤᠯᠠᠨ᠎ᠠ᠃ | ︵ᠬᠤᠷᠢᠨ ᠨᠢᠭᠡ︶ ᠬᠢᠨᠠᠨ ᠬᠠᠷᠭᠤᠭᠤᠯᠵᠤ ᠨᠤᠲᠠᠯᠠᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ᠃ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠵᠡᠷᠭᠡ ᠶᠢ ᠨᠡᠶᠢᠭᠡᠮ ᠤᠨ ᠠᠪᠤᠷᠠᠨ | ᠲᠤᠰᠠᠯᠠᠯᠲᠠ ᠪᠠᠷ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠤᠨ ᠬᠡᠪᠴᠢᠶ᠎ᠡ ᠶᠢ ᠲᠠᠰ ᠳᠠᠷᠠᠭᠠᠯᠠᠯ ᠶᠣᠰᠣᠭᠠᠷ | ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠪᠠᠭᠤᠯᠭᠠᠵᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠤᠬᠠᠶᠢᠯᠠᠭᠰᠠᠨ ᠠᠵᠢᠯ ᠳᠠᠬᠢ | ᠵᠢᠯᠣᠭᠤᠳᠤᠯᠭ᠎ᠠ᠂ ᠪᠣᠯᠪᠠᠰᠤᠷᠠᠭᠤᠯᠤᠯ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠨᠡᠶᠢᠭᠡᠮ ᠤᠨ | ᠠᠪᠤᠷᠠᠨ ᠲᠤᠰᠠᠯᠠᠯᠲᠠ ᠶᠢ ᠭᠤᠶᠤᠴᠢᠯᠠᠬᠤ ᠴᠤᠪᠤᠷᠠᠯ ᠢ ᠳᠥᠭᠦᠮᠴᠢᠯᠡᠵᠦ᠂ ᠬᠦᠴᠢᠷᠳᠡᠯᠲᠡᠢ ᠣᠯᠠᠨ ᠲᠦᠮᠡᠨ ᠰᠢᠭᠤᠳ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠪᠤᠶᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠣᠩᠬᠤᠨ ᠳᠤ ᠨᠡᠶᠢᠭᠡᠮ ᠤᠨ ᠠᠪᠤᠷᠠᠨ ᠲᠤᠰᠠᠯᠠᠯᠲᠠ ᠶᠢ | ᠭᠤᠶᠤᠴᠢᠯᠠᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ ᠢ | ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 25 ᠠᠵᠢᠯ ᠤᠨ ᠡᠳᠦᠷ ᠤᠨ ᠳᠣᠲᠣᠷ᠎ᠠ | ᠪᠡᠶᠡᠯᠡᠭᠦᠯᠵᠦ᠂ ᠣᠨᠴᠠᠭᠠᠢ ᠪᠠᠶᠢᠳᠠᠯ ᠳᠤ 40 ᠠᠵᠢᠯ ᠤᠨ ᠡᠳᠦᠷ ᠤᠨ ᠳᠣᠲᠣᠷ᠎ᠠ ᠪᠡᠶᠡᠯᠡᠭᠦᠯᠬᠦ ᠪᠣᠯᠭᠠᠨ | ᠪᠣᠭᠤᠨᠢᠰᠬᠠᠨ᠎ᠠ᠃ ᠮᠠᠷᠭᠤᠯᠳᠤᠭᠠᠨ ᠦᠭᠡᠢ ᠠᠪᠤᠷᠠᠨ ᠲᠤᠰᠠᠯᠠᠯᠲᠠ ᠭᠤᠶᠤᠴᠢᠯᠠᠭᠰᠠᠨ ᠭᠡᠷ ᠪᠦᠯᠢ ᠳᠤ | ᠠᠷᠠᠳᠴᠢᠯᠠᠯ ᠢᠶᠠᠷ ᠦᠨᠡᠯᠡᠯᠲᠡ ᠬᠢᠬᠦ ᠦᠭᠡᠢ ᠪᠠᠶᠢᠵᠤ ᠪᠣᠯᠣᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ | ᠭᠤᠶᠤᠴᠢᠯᠠᠬᠤ ᠭᠡᠷᠡᠴᠢᠯᠡᠯ ᠤᠨ ᠵᠦᠢᠯᠡᠰ ᠢ ᠮᠡᠳᠡᠭᠳᠡᠵᠦ ᠠᠮᠠᠯᠠᠭᠤᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠪᠠᠶᠢᠴᠠᠭᠠᠨ ᠯᠠᠪᠯᠠᠵᠤ ᠪᠣᠯᠬᠤ ᠬᠤᠯᠪᠤᠭᠳᠠᠯ | ᠪᠦᠬᠦᠢ ᠭᠡᠷᠡᠴᠢᠯᠡᠬᠦ ᠮᠠᠲ᠋ᠧᠷᠢᠶᠠᠯ ᠢ ᠭᠤᠶᠤᠴᠢᠯᠠᠭᠴᠢ ᠠᠴᠠ ᠬᠠᠩᠭᠠᠬᠤ ᠶᠢ ᠳᠠᠭᠢᠵᠤ ᠱᠠᠭᠠᠷᠳᠠᠬᠤ ᠦᠭᠡᠢ᠃ | ︵ᠬᠤᠷᠢᠨ ᠬᠤᠶᠠᠷ︶ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠵᠤ ᠪᠠᠶᠢᠭ᠎ᠠ ᠭᠡᠷ ᠪᠦᠯᠢ ᠶᠢᠨ ᠠᠵᠤ | ᠠᠬᠤᠢ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠬᠠᠷᠭᠤᠭᠤᠯᠬᠤ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠬᠤ ᠡᠲᠡᠭᠡᠳ ᠢ ᠮᠠᠭᠠᠳᠯᠠᠨ | ᠲᠤᠭᠲᠠᠭᠠᠬᠤ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠠᠪᠤᠷᠠᠨ ᠲᠤᠰᠠᠯᠠᠯᠲᠠ ᠶᠢ ᠰᠢᠨ᠎ᠡ ᠪᠠᠷ ᠭᠤᠶᠤᠴᠢᠯᠠᠭᠰᠠᠨ | ᠡᠲᠡᠭᠡᠳ ᠲᠤ ︽ᠠᠪᠤᠷᠠᠨ ᠲᠤᠰᠠᠯᠠᠯᠲᠠ ᠪᠦᠷᠢ ᠶᠢ ᠵᠠᠪᠠᠯ ᠬᠠᠷᠭᠤᠭᠤᠯᠬᠤ︾ ᠶᠢ ᠬᠡᠷᠡᠭᠵᠢᠭᠦᠯᠵᠦ᠂ ᠠᠪᠤᠷᠠᠨ | ᠲᠤᠰᠠᠯᠠᠯᠲᠠ ᠶᠢ ᠨᠢᠭᠡᠨᠲᠡ ᠭᠥᠷᠳᠡᠭᠰᠡᠨ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ᠎ᠠ᠃ | ᠬᠤᠲᠠ ᠶᠢᠨ ᠱᠠᠲᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠡᠶᠢᠭᠡᠮ ᠤᠨ | ᠠᠪᠤᠷᠠᠨ ᠲᠤᠰᠠᠯᠠᠬᠤ ᠡᠲᠡᠭᠡᠳ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠭᠦᠨ ᠠᠴᠠ ᠡᠷᠬᠡ ᠣᠯᠤᠭᠰᠠᠨ ᠤ ᠳᠠᠷᠠᠭ᠎ᠠ | ᠂ ᠠᠪᠤᠷᠠᠨ ᠲᠤᠰᠠᠯᠠᠬᠤ ᠡᠲᠡᠭᠡᠳ ᠵᠢᠴᠢ ᠪᠦᠷᠢᠯᠳᠦᠭᠦᠨ ᠤ ᠡᠷᠦᠬᠡ ᠠᠮᠠ ᠶᠢᠨ ᠲᠠᠩᠰᠠ᠂ ᠭᠠᠶᠢᠯᠢ ᠲᠤᠰᠢᠶᠠᠭᠰᠠᠨ | ᠲᠡᠮᠳᠡᠭᠯᠡᠯ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠲᠤᠰᠢᠶᠠᠭᠰᠠᠨ ᠵᠢᠴᠢ ᠪᠠᠩᠬᠢ᠂ ᠬᠤᠳᠠᠯᠳᠤᠭᠠᠨ ᠤ ᠳᠠᠭᠠᠳᠬᠠᠯ᠂ ᠢᠨᠲ᠋ᠧᠷ | ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠡᠷᠭᠡ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ | ᠪᠠᠶᠢᠴᠠᠭᠠᠨ ᠯᠠᠪᠯᠠᠵᠤ ᠪᠣᠯᠣᠨ᠎ᠠ᠂ ᠮᠡᠳᠡᠭᠡ ᠵᠠᠩᠭᠢ ᠶᠢ ᠬᠠᠷᠭᠤᠭᠤᠯᠬᠤ ᠳᠤ ᠬᠤᠯᠪᠣᠭᠳᠠᠬᠤ ᠰᠠᠯᠠᠭ᠎ᠠ ᠮᠥᠴᠢᠷ ᠪᠠ | ᠪᠠᠶᠢᠭᠤᠯᠤᠮᠵᠢ ᠨᠤᠭᠤᠳ ᠬᠠᠷᠠᠭᠠᠯᠵᠠᠭᠰᠠᠨ ᠠᠵᠢᠯ ᠤᠨ ᠳᠦᠷᠢᠮ ᠪᠠᠶᠢᠭᠤᠯᠵᠤ᠂ ᠪᠣᠳᠠᠲᠠᠢ ᠳᠠᠭᠠᠭᠠᠨ | ᠭᠦᠢᠴᠡᠳᠭᠡᠭᠴᠢ ᠶᠢ ᠲᠣᠳᠣᠷᠬᠠᠶᠢᠯᠠᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠭᠡᠷ | ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠶᠢ ᠴᠠᠭ ᠲᠤᠬᠠᠢ ᠳᠤᠨᠢ ᠪᠡᠶᠡᠯᠡᠭᠦᠯᠬᠦ | ᠬᠡᠷᠡᠭᠲᠡᠢ᠃ | ︵ᠬᠤᠷᠢᠨ ᠭᠤᠷᠪᠠ︶ ︽ᠢᠨᠲ᠋ᠧᠷ ᠰᠦᠯᠵᠢᠶ᠎ᠡ + ᠨᠡᠶᠢᠭᠡᠮ ᠤᠨ ᠠᠪᠤᠷᠠᠨ ᠲᠤᠰᠠᠯᠠᠯᠲᠠ︾ ᠶᠢ ᠶᠡᠬᠡᠪᠡᠷ | ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠪᠠ ︽ᠬᠤᠲᠠ ᠶᠢᠨ | ᠶᠡᠭᠡ ᠲᠠᠷᠢᠬᠢ︾ ᠶᠢᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ | ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠣᠯᠠᠨ ᠲᠦᠮᠡᠨ ᠤ | ᠪᠦᠯᠬᠦᠮ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠬᠦᠴᠦᠨ ᠵᠡᠷᠭᠡ ᠶᠢᠨ ᠠᠪᠤᠷᠠᠨ ᠲᠤᠰᠠᠯᠠᠵᠤ ᠬᠠᠪᠰᠤᠷᠤᠨ | ᠲᠡᠳᠬᠦᠭᠰᠡᠨ ᠡᠯ᠎ᠡ ᠲᠥᠷᠥᠯ ᠤᠨ ᠮᠡᠳᠡᠭᠡ ᠵᠠᠩᠭᠢ ᠶᠢ ᠴᠤᠭᠯᠠᠭᠤᠯᠤᠨ ᠬᠠᠮᠳᠤᠪᠡᠷ ᠡᠳ᠋ᠯᠡᠵᠦ᠂ ᠬᠤᠯᠪᠤᠭᠳᠠᠯ ᠪᠦᠬᠦᠢ | ᠰᠠᠯᠠᠭ᠎ᠠ ᠮᠥᠴᠢᠷ᠂ ᠨᠢᠭᠡᠴᠡ ᠪᠠ ᠨᠡᠶᠢᠭᠡᠮ ᠤᠨ ᠬᠦᠴᠦᠨ ᠤ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠳᠤ | ᠲᠤᠯᠭᠠᠭᠤᠷᠢᠯᠠᠯ ᠬᠠᠩᠭᠠᠨ᠎ᠠ᠃ ᠬᠥᠬᠡᠬᠤᠲᠠ ᠶᠢᠨ ︽ᠤᠶᠤᠨᠲᠤ ᠠᠪᠤᠷᠠᠨ ᠲᠤᠰᠠᠯᠠᠯᠲᠠ︾ ᠰᠦᠯᠵᠢᠶᠡᠨ ᠳᠡᠭᠡᠷ᠎ᠡ | ᠭᠤᠶᠤᠴᠢᠯᠠᠬᠤ ᠠᠦ᠋ᠲ᠋ᠤ᠋ ᠦᠢᠯᠡᠴᠢᠯᠡᠭᠡᠨ ᠤ ᠲᠠᠪᠴᠠᠩ᠂ ᠠᠪᠤᠷᠠᠨ ᠲᠤᠰᠠᠯᠠᠬᠤ ᠡᠲᠡᠭᠡᠳ ᠤᠨ ᠲᠣᠭᠲᠠᠮᠠᠯ | ᠬᠤᠭᠤᠴᠠᠭ᠎ᠠ ᠲᠠᠢ ᠪᠠᠲᠤᠯᠠᠬᠤ APP ᠶᠢ ᠪᠦᠬᠦ ᠲᠠᠯ᠎ᠠ ᠪᠠᠷ ᠳᠡᠯᠭᠡᠷᠡᠭᠦᠯᠬᠦ ᠶᠢᠨ ᠬᠠᠮᠲᠤ᠂ ᠨᠡᠶᠢᠭᠡᠮ ᠤᠨ ᠠᠪᠤᠷᠠᠨ | ᠲᠤᠰᠠᠯᠠᠯᠲᠠ ᠶᠢ ︽ᠮᠦᠩᠭᠡ ᠰᠤᠪᠠᠭ︾ ︽ᠠᠢ ᠴᠢᠩ ᠴᠧᠩ︾ APP ᠳᠡᠭᠡᠷ᠎ᠡ ᠣᠷᠤᠭᠤᠯᠬᠤ ᠶᠢ ᠠᠬᠢᠭᠤᠯᠵᠤ᠂ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ | ᠭᠦᠢᠴᠡᠳᠬᠡᠬᠦ︾ ︽ᠬᠤᠷᠤᠭᠤᠨ ᠦᠵᠦᠭᠦᠷ ᠢᠶᠠᠷ ᠬᠦᠢᠴᠡᠳᠭᠡᠬᠦ︾ ᠶᠢ ᠪᠡᠶᠡᠯᠡᠭᠦᠯᠵᠦ᠂ ᠬᠦᠴᠢᠷᠳᠡᠯᠲᠡᠢ ᠣᠯᠠᠨ | ᠲᠦᠮᠡᠨ ᠳᠤ ᠭᠤᠶᠤᠴᠢᠯᠠᠬᠤ᠂ ᠭᠦᠢᠴᠡᠳᠬᠡᠬᠦ᠂ ᠯᠠᠪᠯᠠᠬᠤ ᠵᠡᠷᠭᠡ ᠶᠢᠨ ᠳᠥᠭᠦᠮ ᠳᠥᠲᠡ ᠲᠦᠷᠭᠡᠨ ᠦᠢᠯᠡᠴᠢᠯᠡᠭᠡ ᠶᠢ | ᠬᠠᠩᠭᠠᠨ᠎ᠠ᠃ | ᠲᠤᠯᠤᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠨ᠎ᠠ | ︵ᠬᠤᠷᠢᠨ ᠳᠥᠷᠪᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠵᠠᠰᠠᠭ ᠤᠨ | ᠣᠷᠳᠣᠨ ᠠᠴᠠ ᠬᠠᠷᠢᠭᠤᠴᠠᠬᠤ᠂ ᠠᠷᠠᠳ ᠤᠨ ᠶᠠᠪᠤᠳᠠᠯ ᠠᠴᠠ ᠲᠦᠷᠦᠭᠦᠯᠡᠬᠦ᠂ ᠰᠠᠯᠠᠭ᠎ᠠ ᠮᠥᠴᠢᠷ ᠠᠴᠠ ᠬᠠᠮᠵᠢᠯᠴᠠᠬᠤ | ᠂ ᠨᠡᠶᠢᠭᠡᠮ ᠢᠶᠠᠷ ᠢᠶᠠᠨ ᠣᠷᠤᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ | ᠬᠠᠮᠲᠤᠷᠠᠭᠰᠠᠨ ᠬᠤᠷᠠᠯ︶ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ | ᠰᠢᠮᠳᠠᠭᠤᠯᠤᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠱᠠᠲᠤ ᠬᠤᠪᠢᠶᠠᠵᠤ ᠲᠥᠷᠥᠯ ᠬᠤᠪᠢᠶᠠᠭᠰᠠᠨ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ | ᠣᠷᠣᠭᠤᠯᠤᠨ᠎ᠠ᠃ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠨᠡᠶᠢᠯᠡᠯ ᠬᠦᠴᠦᠨ ᠢ ᠪᠣᠶ ᠪᠣᠯᠭᠠᠬᠤ ᠬᠡᠷᠡᠭᠲᠡᠢ᠃ | ︵ᠬᠤᠷᠢᠨ ᠲᠠᠪᠤ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠦᠭᠦᠯᠡᠨ ᠨᠢᠭᠡᠳᠦᠯᠲᠡᠢ ᠲᠥᠯᠥᠪᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠢ ᠠᠪᠤᠷᠠᠨ ᠲᠤᠰᠠᠯᠠᠬᠤ ᠶᠢ ᠬᠠᠷᠢᠭᠤᠴᠠᠨ᠎ᠠ︔ ᠰᠤᠷᠭᠠᠨ ᠬᠥᠮᠦᠵᠢᠯ᠂ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ | ᠡᠮᠴᠢᠯᠡᠭᠡᠨ ᠤ ᠪᠠᠲᠤᠯᠠᠭ᠎ᠠ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠦᠨᠳᠦᠰᠦᠯᠡᠨ᠂ ᠬᠤᠯᠪᠤᠭᠳᠠᠯ ᠪᠦᠬᠦᠢ ᠲᠤᠰᠬᠠᠢ ᠲᠦᠷᠦᠯ ᠤᠨ ᠨᠡᠶᠢᠭᠡᠮ ᠤᠨ ᠠᠪᠤᠷᠠᠨ | ᠲᠤᠰᠠᠯᠠᠯᠲᠠ ᠶᠢ ᠲᠣᠰ ᠲᠣᠰ ᠬᠠᠷᠢᠭᠤᠴᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠦᠴᠢᠷᠳᠡᠯᠲᠡᠢ | ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠡᠷᠡᠭᠴᠡᠭᠡ ᠪᠣᠯᠣᠨ ᠪᠠᠷᠠᠭᠠᠨ ᠤ ᠦᠨ᠎ᠡ ᠶᠢᠨ | ᠬᠤᠪᠢᠷᠠᠯᠲᠠ ᠵᠡᠷᠭᠡ ᠪᠠᠶᠢᠳᠠᠯ ᠢ ᠦᠨᠳᠦᠰᠦᠯᠡᠨ᠂ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠪᠡᠯᠡ | ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ | ︵ᠬᠤᠷᠢᠨ ᠵᠢᠷᠭᠤᠭ᠎ᠠ︶ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠰᠬᠤᠨ ︵ᠨᠡᠶᠢᠭᠡᠮ | ᠲᠣᠭᠤᠷᠢᠭ︶ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠤᠰᠠᠯᠠᠭᠴᠢ ᠶᠢᠨ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠨᠢᠭᠡᠪᠦᠷᠢ ᠳᠤ ᠠᠳᠠᠭ ᠲᠠᠭᠠᠨ 1 ᠨᠡᠶᠢᠭᠡᠮ ᠤᠨ ᠠᠪᠤᠷᠠᠨ | ᠲᠤᠰᠠᠯᠠᠯᠲᠠ ᠶᠢᠨ ᠲᠤᠰᠠᠯᠠᠭᠴᠢ ︵ᠲᠤᠰᠢᠶᠠᠯ ᠬᠠᠪᠰᠤᠷᠭᠠᠭᠰᠠᠨ︶ ᠲᠣᠭᠲᠠᠭᠠᠵᠤ᠂ ᠬᠠᠮᠢᠶ᠎ᠠ ᠪᠦᠬᠦᠢ ᠲᠣᠭᠲᠠᠭᠠᠯ | ᠶᠣᠰᠣᠭᠠᠷ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠨ ᠵᠢᠯ ᠢᠶᠠᠷ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠤᠰᠠᠯᠠᠭᠴᠢ ᠶᠢ ᠬᠢᠨᠠᠨ ᠰᠢᠯᠭᠠᠬᠤ ᠠᠵᠢᠯ ᠥᠷᠨᠢᠭᠦᠯᠵᠦ᠂ ᠱᠠᠩᠨᠠᠵᠤ | ᠲᠣᠷᠭᠠᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠯᠲᠠ ᠶᠢ | ᠥᠷᠨᠢᠭᠦᠯᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠥᠪ ᠲᠤ | ᠣᠷᠤᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠤᠰᠠᠯᠠᠭᠴᠢ ᠵᠡᠷᠭᠡ ᠦᠨᠳᠦᠰᠦᠨ ᠱᠠᠲᠤᠨ ᠤ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠵᠢᠯᠲᠠᠨ ᠢ ᠬᠠᠯᠠᠮᠵᠢᠯᠠᠨ ᠬᠠᠶᠢᠷᠠᠯᠠᠵᠤ᠂ ᠱᠠᠭᠠᠷᠳᠠᠭᠳᠠᠬᠤ ᠠᠵᠢᠯᠯᠠᠬᠤ | ᠭᠠᠵᠠᠷ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠶᠢᠨ ᠵᠠᠷᠤᠳᠠᠯ ᠵᠢᠴᠢ ᠴᠠᠯᠢᠩ ᠬᠥᠯᠥᠰᠦ ᠣᠯᠭᠤᠮᠵᠢ ᠶᠢ ᠬᠠᠩᠭᠠᠨ᠎ᠠ | ᠃ ᠬᠤᠲᠠ᠂ ᠬᠤᠰᠢᠭᠤ ᠰᠢᠶᠠᠨ ᠲᠣᠭᠤᠷᠢᠭ ᠨᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠲᠣᠬᠢᠷᠠᠭᠤᠯᠬᠤ ᠬᠡᠷᠡᠭᠲᠡᠢ᠃ | ︵ᠬᠤᠷᠢᠨ ᠳᠣᠯᠤᠭ᠎ᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠣᠳᠤᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠪᠡᠯᠡ ᠮᠥᠩᠭᠦ ᠶᠢ | ᠰᠢᠬᠠᠨ ᠡᠵᠡᠯᠡᠬᠦ᠂ ᠰᠢᠯᠵᠢᠭᠦᠯᠦᠨ ᠬᠡᠷᠡᠭᠯᠡᠬᠦ᠂ ᠳᠤᠮᠳᠠ ᠠᠴᠠ ᠨᠢ ᠦᠯᠡᠳᠡᠭᠡᠬᠦ ᠪᠠ ᠰᠠᠭᠠᠲᠠᠭᠠᠭᠰᠠᠨ ᠵᠡᠷᠭᠡ | ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠮᠡᠬᠡᠯᠡᠨ | ᠠᠪᠤᠭᠰᠠᠨ ᠦᠶ᠋ᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠤᠳᠠᠯ ᠢᠶᠠᠷ | ᠮᠡᠳᠡᠭᠦᠯᠬᠦ᠂ ᠨᠢᠭᠤᠨ ᠳᠠᠯᠳᠠᠯᠠᠬᠤ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢ ᠬᠡᠷᠡᠭᠯᠡᠨ᠂ ᠨᠡᠶᠢᠭᠡᠮ ᠤᠨ | ᠠᠪᠤᠷᠠᠨ ᠲᠤᠰᠠᠯᠠᠯᠲᠠ ᠶᠢ ᠮᠡᠬᠡᠯᠡᠨ ᠣᠯᠣᠭᠰᠠᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠡᠷᠡ | ᠳᠠᠷᠤᠢ ᠳᠤᠨᠢ ᠨᠡᠶᠢᠭᠡᠮ ᠤᠨ ᠠᠪᠤᠷᠠᠨ ᠲᠤᠰᠠᠯᠠᠯᠲᠠ ᠶᠢ ᠨᠢ ᠵᠣᠭᠰᠤᠭᠠᠬᠤ ᠪᠠᠷ ᠲᠣᠭᠲᠠᠭᠠᠵᠤ᠂ ᠮᠡᠬᠡᠯᠡᠨ ᠠᠪᠤᠭᠰᠠᠨ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠮᠥᠩᠭᠦ ᠶᠢ ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠨ ᠠᠪᠴᠢᠷᠠᠬᠤ ᠶᠢᠨ | ᠬᠠᠮᠲᠤ ᠬᠠᠷᠠᠭᠠᠯᠵᠠᠭᠰᠠᠨ ᠬᠠᠷᠢᠭᠤᠴᠠᠯᠭ᠎ᠠ ᠨᠡᠬᠡᠮᠵᠢᠯᠡᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ | ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠬᠢᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ | ᠦᠨᠳᠦᠰᠦᠨ ᠱᠠᠲᠤᠨ ᠤ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠠᠵᠢᠯ ᠶᠠᠪᠤᠳᠠᠯ ᠬᠢᠬᠦ ᠶᠢ | ᠤᠷᠮᠠᠰᠢᠭᠤᠯᠤᠨ ᠵᠣᠷᠢᠭᠵᠢᠭᠤᠯᠵᠤ᠂ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ | ᠭᠤᠥᠯᠴᠢ ᠰᠡᠳᠬᠢᠯ ᠢ ᠪᠠᠷᠢᠮᠲᠠᠯᠠᠭᠰᠠᠨ᠂ ᠲᠠᠰ ᠳᠠᠷᠠᠭᠠᠯᠠᠯ ᠨᠢ ᠪᠦᠷᠢᠨ ᠪᠦᠲᠦᠨ᠂ ᠪᠡᠶᠡᠴᠢ ᠵᠣᠷᠢᠭᠤᠳᠠ ᠪᠤᠰᠤ ᠪᠤᠶᠤ | ᠰᠠᠯᠠᠭ᠎ᠠ ᠮᠥᠴᠢᠷ ᠤᠨ ᠳ᠋ᠠᠶᠢᠲ᠋ᠠ ᠶᠢ ᠬᠠᠮᠲᠤ ᠪᠠᠷ ᠡᠳ᠋ᠯᠡᠭᠰᠡᠨ ᠨᠢ ᠣᠨᠣᠪᠴᠢ ᠦᠭᠡᠢ ᠵᠢᠴᠢ ᠠᠪᠤᠷᠠᠨ ᠲᠤᠰᠠᠯᠠᠯᠲᠠ | ᠬᠥᠷᠲᠡᠭᠴᠢ ᠨᠢ ᠵᠣᠷᠢᠭᠤᠳᠠ ᠨᠢᠭᠤᠨ ᠳᠠᠯᠳᠠᠯᠠᠭᠰᠠᠨ ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠠᠯᠳᠠᠰᠢ ᠪᠤᠷᠤᠭᠤ | ᠭᠠᠷᠤᠭᠰᠠᠨ ᠮᠥᠷᠲᠡᠭᠡᠨ ᠠᠯᠳᠠᠭ᠎ᠠ ᠪᠠᠨ ᠴᠠᠭ ᠲᠤᠬᠠᠢ ᠳᠤᠨᠢ ᠵᠠᠯᠠᠷᠠᠭᠤᠯᠵᠤ ᠪᠣᠷᠤᠭᠤ ᠲᠠᠷᠬᠠᠭᠠᠭᠰᠠᠨ ᠮᠦᠩᠭᠦ ᠶᠢ | ᠨᠡᠬᠡᠮᠵᠢᠯᠡᠨ ᠠᠪᠴᠢᠷᠠᠭᠰᠠᠨ ᠳᠤ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠲᠠᠨ ᠭᠦᠢᠴᠡᠳᠭᠡᠭᠴᠢ ᠶᠢ | ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠲᠦᠷᠢᠭᠦᠯᠵᠦ ᠪᠣᠯᠣᠨ᠎ᠠ᠃ | ᠨᠠᠢᠮᠠ᠂ ᠲᠤᠰ ᠠᠷᠭ᠎ᠠ ᠬᠡᠮᠵᠢᠶ᠎ᠡ ᠨᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ | ᠬᠦᠴᠦᠨ ᠲᠠᠢ ᠪᠣᠯᠣᠨ᠎ᠠ᠃ | | | | | | | | | | | | | | | | | | | | | | | | | | | | | | | | | | | | | | | | | | | | | | |