ᠲᠦᠮᠡᠳ ᠵᠡᠭᠦᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ 35.99 ᠲᠦᠮᠡᠨ ᠲᠥᠭᠦᠷᠢᠭ ᠬᠠᠨᠳᠢᠪᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠳᠡᠮᠵᠢᠪᠡ
ᠨᠡᠶᠢᠲᠡᠯᠡᠭᠰᠡᠨ ᠴᠠᠭ᠄
2022/2/28
     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠠᠴᠠ ᠨᠠᠰᠢ᠂ ᠲᠦᠮᠡᠳ ᠵᠡᠭᠦᠨ ᠬᠤᠰᠢᠭᠤᠨ ᠤ ᠬᠤᠯᠪᠣᠭᠠᠲᠤ ᠬᠤᠷᠰᠢᠶ᠎ᠠ ᠶᠢᠨ ᠬᠢᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠠᠲᠤ ᠬᠤᠷᠰᠢᠶ᠎ᠠ ᠶᠢᠨ ᠡᠯ᠎ᠡ ᠵᠦᠶ᠋ᠯ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ ᠭᠦᠶ᠋ᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠮᠥᠩᠭᠦᠨ ᠭᠦᠶ᠋ᠯᠭᠡᠭᠡᠨ ᠤ ᠦᠶ᠋ᠯᠡᠴᠢᠯᠡᠭᠡ ᠶᠢ ᠪᠠᠲᠤᠯᠠᠬᠤ ᠶᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠴᠢᠩᠭ᠎ᠠ ᠠᠳᠬᠤᠨ ᠪᠣᠳᠠᠲᠠᠶ ᠨᠠᠶᠢᠳᠠᠪᠤᠷᠢᠵᠢᠭᠤᠯᠵᠤ ᠪᠠᠶᠢᠨ᠎ᠠ᠃      2 ᠰᠠᠷ᠎ᠠ ᠶᠢᠨ 23 ᠤ ᠡᠳᠦᠷ᠂ ᠲᠦᠮᠡᠳ ᠵᠡᠭᠦᠨ ᠬᠤᠰᠢᠭᠤᠨ ᠤ ᠬᠤᠯᠪᠣᠭᠠᠲᠤ ᠬᠤᠷᠢᠶ᠎ᠠ ᠠᠴᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ 30 ᠲᠦᠮᠡᠨ ᠲᠥᠭᠦᠷᠢᠭ ᠬᠠᠨᠳᠢᠪᠯᠠᠵᠤ᠂ ᠠᠵᠢᠯᠲᠠᠨ ᠠᠵᠢᠯᠴᠢᠨ ᠥᠪᠡᠷ ᠢᠶᠠᠨ 5.99 ᠲᠦᠮᠡᠨ ᠲᠥᠭᠦᠷᠢᠭ ᠬᠠᠨᠳᠢᠪᠯᠠᠵᠤ᠂ ᠬᠠᠨᠳᠢᠪᠯᠠᠭᠰᠠᠨ 35.99 ᠲᠥᠭᠦᠷᠢᠭ ᠢ ᠴᠥᠮ ᠲᠤᠬᠠᠶ ᠶᠢᠨ ᠭᠠᠵᠠᠷ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠪᠡ᠃ ᠡᠨᠡ ᠨᠢ ᠮᠥᠨ ᠴᠦ ᠲᠦᠮᠡᠳ ᠵᠡᠭᠦᠨ ᠬᠤᠰᠢᠭᠤᠨ ᠤ ᠬᠤᠯᠪᠣᠭᠠᠲᠤ ᠬᠤᠷᠢᠶ᠎ᠠ ᠶᠢᠨ 2021 ᠣᠨ ᠤ 10 ᠰᠠᠷ᠎ᠠ ᠠᠴᠠ ᠨᠠᠰᠢᠬᠢ ᠬᠤᠶᠠᠳᠠᠬᠢ ᠤᠳᠠᠭᠠᠨ ᠤ ᠬᠠᠨᠳᠢᠪᠯᠠᠯ ᠡᠳ᠋ ᠪᠣᠳᠠᠰ ᠪᠣᠯᠤᠨ᠎ᠠ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号