ᠲᠦᠮᠡᠳ ᠵᠡᠭᠦᠨ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠦᠯᠵᠢᠶᠡᠨ ᠳᠡᠭᠡᠷᠡᠬᠢ ᠵᠥᠪᠳᠡᠨ ᠶᠠᠷᠢᠯᠴᠠᠬᠤ ᠬᠤᠷᠠᠯ ᠵᠢᠴᠢ ᠲᠦᠷᠦᠯ ᠵᠦᠢᠯ ᠳᠤ ᠲᠥᠪᠯᠡᠷᠡᠭᠦᠯᠦᠨ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/3/30
     3 ᠰᠠᠷ᠎ᠠ ᠶᠢᠨ 27 ᠤ ᠡᠳᠦᠷ᠂ ᠮᠠᠨ ᠤ ᠬᠤᠰᠢᠭᠤᠨ ᠤ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠦᠯᠵᠢᠶᠡᠨ ᠳᠡᠭᠡᠷᠡᠬᠢ ᠵᠥᠪᠳᠡᠯᠴᠡᠬᠡᠷ ᠤᠨ ᠬᠤᠷᠠᠯ ᠵᠢᠴᠢ ᠲᠥᠷᠥᠯ ᠵᠦᠢᠯ ᠳᠤ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠬᠤᠲᠠ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠰᠦᠷᠦᠭᠵᠢᠯ ᠢ ᠠᠬᠢᠭᠤᠯᠬᠤ ᠳᠤᠭᠤᠶᠢᠯᠠᠩ ᠤᠨ ᠳᠠᠷᠤᠭ᠎ᠠ ᠴᠠᠩ ᠫᠸᠢ ᠵᠥᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠲᠣᠰ ᠤᠳᠠᠭᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠦᠯᠵᠢᠶᠡᠨ ᠳᠡᠭᠡᠷᠡᠬᠢ ᠵᠥᠪᠳᠡᠨ ᠶᠠᠷᠢᠯᠴᠠᠬᠤ ᠬᠤᠷᠠᠯ ᠵᠢᠴᠢ ᠵᠦᠢᠯᠡᠰ ᠲᠤ ᠰᠦ ᠶᠢᠨ ᠦᠢᠯᠡᠰ ᠵᠢᠴᠢ ᠳᠡᠭᠡᠳᠦ ᠳᠣᠤᠷᠠᠳᠤ ᠤᠷᠤᠰᠬᠠᠯ ᠤᠨ ᠢᠵᠢ ᠪᠦᠷᠢᠳᠦᠭᠦᠯᠬᠦ ᠠᠵᠤ ᠦᠢᠯᠡᠰ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠪᠠ ᠰᠢᠨ᠎ᠡ ᠮᠠᠲ᠋ᠧᠷᠢᠶᠠᠯ ᠤᠨ ᠠᠵᠤ ᠦᠢᠯᠡᠰ ᠵᠡᠷᠭᠡ 6 ᠲᠣᠮᠣ ᠬᠡᠰᠡᠭ ᠲᠤ ᠬᠤᠯᠪᠣᠭᠳᠠᠭᠰᠠᠨ 12 ᠵᠦᠢᠯᠡᠰ ᠲᠤ ᠲᠥᠪᠯᠡᠷᠡᠭᠦᠯᠦᠨ ᠭᠡᠷ᠎ᠡ ᠲᠣᠭᠲᠠᠵᠤ᠂ ᠬᠡᠯᠡᠯᠴᠡᠭᠡᠷ ᠤᠨ ᠪᠠᠯᠠ ᠮᠥᠩᠭᠦ ᠨᠢ 34 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠭᠦᠷᠦᠭᠰᠡᠨ ᠪᠠᠶᠢᠨ᠎ᠠ᠃      ᠵᠥᠪᠳᠡᠯᠴᠡᠬᠡᠷ ᠤᠨ ᠬᠤᠷᠠᠯ ᠳᠡᠭᠡᠷ᠎ᠡ᠂ ᠴᠠᠩ ᠫᠸᠢ ᠵᠥᠩ ᠡᠯ᠎ᠡ ᠠᠵᠤ ᠠᠬᠤᠶᠢᠯᠠᠯ ᠤᠨ ᠬᠥᠭᠵᠢᠯᠲᠡ ᠶᠢᠨ ᠠᠯᠤᠰ ᠬᠡᠲᠦ ᠶᠢᠨ ᠲᠥᠯᠥᠪᠵᠢᠭᠦᠯᠭᠡ᠂ ᠦᠢᠯᠡᠳᠪᠦᠷᠢᠯᠡᠯ ᠡᠵᠡᠩᠨᠡᠯᠲᠡ ᠶᠢᠨ ᠣᠳᠣᠬᠢ ᠪᠠᠶᠢᠳᠠᠯ ᠪᠠ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠠᠷᠢᠨ ᠵᠦᠢᠯᠡᠰ ᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠬᠥᠬᠡᠬᠤᠲᠠ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠵᠦᠢᠯᠡᠰ ᠤᠨ ᠰᠦᠷᠦᠭᠵᠢᠯ ᠤᠨ ᠬᠥᠭᠵᠢᠯᠲᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠵᠢᠭᠠᠵᠤ ᠭᠠᠷᠭᠠᠭᠰᠠᠨ ᠨᠢ᠂ ᠲᠦᠮᠡᠳ ᠵᠡᠭᠦᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠦᠯᠵᠢᠶᠡᠨ ᠳᠡᠭᠡᠷᠡᠬᠢ ᠵᠥᠪᠳᠡᠨ ᠶᠠᠷᠢᠯᠴᠠᠬᠤ ᠬᠤᠷᠠᠯ ᠵᠢᠴᠢ ᠲᠥᠷᠥᠯ ᠵᠦᠶ᠋ᠯ ᠳᠤ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠠᠵᠤ ᠵᠦᠢᠯᠡᠰ ᠤᠨ ᠪᠥᠭᠡᠮᠨᠡᠷᠡᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ᠂ ᠣᠷᠣᠨ ᠤ ᠲᠥᠪ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠴᠠᠩ ᠫᠸᠢ ᠵᠥᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ ᠮᠥᠨ᠂ ᠪᠠᠰᠠ ᠴᠤ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠡᠬᠢᠯᠡᠯᠲᠡ ᠶᠢᠨ ᠵᠢᠯ ᠮᠥᠨ᠃ ᠤᠢᠢᠷ᠎ᠠ ᠶᠢᠨ ᠬᠤᠭᠤᠴᠠᠭᠠᠨ ᠳᠤ ᠪᠦᠬᠦ ᠬᠤᠳᠠ ᠳᠤ ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠢ ᠲᠥᠪᠯᠡᠷᠡᠭᠦᠯᠦᠨ ᠥᠷᠨᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠨ ᠢᠶᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ ᠪᠦᠯᠦᠭᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ︽ᠲᠥᠷᠥᠯ ᠵᠦᠢᠯ ᠢ ᠠᠳᠬᠤᠬᠤ᠂ ᠪᠥᠲᠥᠭᠡᠨ ᠪᠠᠶᠢᠭᠤᠯᠤᠯᠲᠠ ᠶᠢ ᠠᠳᠬᠤᠬᠤ᠂ ᠠᠵᠢᠯ ᠡᠬᠢᠯᠡᠭᠦᠯᠬᠦ ᠶᠢ ᠠᠳᠬᠤᠬᠤ︾ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ︽ᠡᠷᠲᠡ︾ ᠳᠤ ᠰᠠᠭᠤᠷᠢᠯᠠᠨ᠂ ︽ᠪᠣᠳᠠᠲᠠᠶ︾ ᠶᠢ ᠳᠣᠪᠤᠶᠢᠯᠭᠠᠵᠤ᠂ ᠬᠢᠵᠢᠭ ᠤᠨ ᠨᠥᠯᠥᠭᠡ ᠠᠴᠠ ᠪᠣᠯᠵᠣ ᠰᠠᠭᠠᠲᠠᠭᠰᠠᠨ ᠴᠠᠭ ᠢ ᠵᠠᠪᠳᠤᠨ ᠠᠪᠴᠢᠷᠠᠬᠤ ᠪᠠᠷ ᠴᠢᠷᠮᠠᠶᠢᠬᠤ ᠬᠡᠷᠡᠭᠲᠡᠶ᠃ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠷᠢᠮᠲᠠᠯᠠᠨ᠂ ᠬᠥᠭᠵᠢᠯᠲᠡ ᠶᠢᠨ ᠰᠡᠳᠬᠢᠬᠦᠶ ᠶᠢ ᠪᠦᠯᠦᠭᠵᠢᠭᠦᠯᠦᠨ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠥᠲᠥᠴᠢ ᠠᠵᠤ ᠠᠬᠤᠶᠢᠯᠠᠯ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠴᠢᠩᠭ᠎ᠠ ᠠᠳᠬᠤᠬᠤ ᠬᠡᠷᠡᠭᠲᠡᠶ᠃ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠳᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠲᠠ ᠰᠢᠶᠠᠨ ᠬᠤᠶᠠᠷ ᠱᠠᠲᠤᠨ ᠤ ᠬᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠤ ᠦᠢᠯᠡᠰ ᠤᠨ ᠪᠦᠯᠦᠭᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃      ᠬᠤᠰᠢᠭᠤᠨ ᠤ ᠤᠳᠤᠷᠢᠳᠤᠯᠭ᠎ᠠ ᠵᠣᠣ ᠯᠢ ᠮᠢᠨ᠂ ᠵᠢᠶᠠ ᠶᠢᠨ ᠹᠤᠩ᠂ ᠸᠠᠩ ᠵᠥᠩ ᠭᠠᠩ᠂ ᠯᠢ ᠫᠤᠩ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠬᠤᠩ ᠰᠢᠩ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠶ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号