ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/30
     3 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠧᠶ ᠬᠤᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠵᠢᠴᠢ ᠬᠤᠰᠢᠭᠤᠨ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠶ᠃      ᠬᠤᠷᠠᠯ ᠠᠴᠠ ᠯᠢᠦ ᠱᠣᠤ ᡁᠢ ᠶᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠬᠢᠭᠰᠡᠨ ︽ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠲᠦᠮᠡᠳ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠴᠢᠩᠭ᠎ᠠ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠲᠠᠯᠪᠢᠵᠤ᠂ ᠪᠠᠲᠤᠯᠠᠭ᠎ᠠ ᠬᠠᠩᠭᠠᠬᠤ ᠬᠡᠷᠡᠭᠲᠡᠶ᠃ ᠦᠷᠭᠦᠯᠵᠢ ᠰᠤᠷᠤᠯᠴᠠᠵᠤ ᠦᠷᠭᠦᠯᠵᠢ ᠤᠬᠠᠪᠤᠷᠢᠯᠠᠬᠤ ᠬᠡᠷᠡᠭᠲᠡᠶ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠪᠤᠳᠠᠯ ᠢ ᠦᠨᠡᠨᠬᠦ ᠲᠥᠪ ᠴᠢᠩᠭ᠎ᠠ ᠪᠥᠭᠡᠳ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠵᠤ᠂ ᠦᠨᠡᠨᠬᠦ ᠰᠤᠷᠤᠯᠴᠠᠨ ᠦᠨᠡᠨᠬᠦ ᠢᠲᠡᠭᠡᠵᠦ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠰᠡᠳᠬᠢᠯ ᠤᠨ ᠭᠦᠨ ᠳᠡᠭᠡᠨ ᠦᠨᠡᠨᠬᠦ ᠦᠨᠳᠦᠰᠦᠯᠡᠭᠦᠯᠵᠦ᠂ ᠨᠠᠮ ᠪᠣᠯᠤᠨ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠬᠤ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠦᠨᠡᠨᠴᠢ ᠰᠢᠳᠤᠷᠭᠤ ᠪᠠᠷ ᠰᠤᠷᠤᠯᠴᠠᠨ ᠦᠨᠡᠨᠬᠦ ᠬᠡᠷᠡᠭᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠦᠴᠦᠷᠬᠡᠭ ᠲᠤᠭ ᠢ ᠪᠦᠳᠦᠬᠡᠨ ᠪᠠᠶᠢᠭᠤᠯᠬᠤ ᠳᠤ ᠬᠦᠴᠦᠷᠬᠡᠭ ᠶᠡᠭᠡ ᠤᠯᠤᠰ ᠲᠦᠷᠦ ᠶᠢᠨ ᠵᠢᠯᠤᠭᠤᠳᠤᠯᠭ᠎ᠠ ᠪᠣᠯᠤᠨ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠪᠠᠲᠤ ᠬᠦᠴᠦᠨ ᠢᠶᠠᠨ ᠪᠠᠲᠤᠳᠬᠠᠵᠤ᠂ ᠤᠯᠤᠰ ᠲᠥᠷᠥ ᠶᠢᠨ ᠲᠠᠯ᠎ᠠ ᠪᠠᠷ ᠰᠡᠷᠭᠡᠭ ᠪᠠᠶᠢᠬᠤ ᠬᠡᠷᠡᠭᠲᠡᠶ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠣᠨᠴᠠᠯᠢᠭ ᠢ ᠬᠤᠪᠢᠰᠤᠩᠭᠤᠶ ᠪᠠᠷ ᠡᠵᠡᠮᠰᠢᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠢᠳᠡᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠪᠠᠶᠢᠳᠠᠯ᠂ ᠡᠭᠦᠷᠭᠡ ᠪᠠ ᠱᠠᠭᠠᠷᠳᠠᠯᠭ᠎ᠠ ᠶᠢ ᠲᠣᠳᠣᠷᠬᠠᠢ ᠲᠠᠨᠢᠵᠤ᠂ ᠬᠢᠳᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶᠢᠷᠡᠭᠦᠯᠬᠦ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾᠂ ︽ᠲᠦᠷᠪᠡᠨ ᠨᠣᠶᠠᠨ︾ ᠤ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠠᠷ ᠠᠵᠢᠯ ᠢᠶᠠᠨ ᠠᠬᠢᠭᠤᠯᠵᠤ᠂ ᠠᠷᠠᠳ ᠤᠨ ᠢᠲᠡᠭᠡᠯ ᠢ ᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠶᠢ ᠠᠬᠢᠭᠤᠯᠵᠤ᠂ ᠡᠭᠦᠷᠢᠳᠡ ᠵᠤᠭᠰᠤᠰᠢ ᠦᠭᠡᠶ ᠬᠠᠳᠠᠨ ᠵᠣᠷᠢᠭ ᠪᠠ ᠡᠷᠡᠰ ᠪᠠᠷᠢᠮᠲᠠᠯᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ︽ᠬᠤᠶᠠᠷ ᠢ ᠬᠠᠮᠠᠭᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠬᠦᠴᠦᠲᠡᠶ ᠤᠯᠤᠰ ᠲᠥᠷᠥ ᠶᠢᠨ ᠬᠢᠨᠠᠯᠲᠠ ᠲᠠᠯᠪᠢᠯᠲᠠ ᠪᠠᠷ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠭᠦᠨᠵᠡᠭᠡᠶᠢᠷᠡᠭᠦᠯᠵᠦ ︽ᠭᠤᠷᠪᠠᠨ ᠦᠭᠡᠶ︾ ᠶᠢ ᠨᠢᠭᠡ ᠴᠤᠭᠴᠠᠵᠢᠭᠤᠯᠤᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠠᠰᠤᠷᠠᠯᠲᠠ ᠦᠭᠡᠶ ᠪᠡᠶᠡᠯᠡᠭᠦᠯᠵᠦ᠂ ᠰᠤᠷᠲᠠᠯ ᠤᠨ ᠠᠷᠬᠠᠭ ᠭᠡᠮ ᠢ ᠦᠷᠭᠦᠯᠵᠢᠯᠡᠨ ᠭᠦᠨᠵᠡᠭᠡᠢ ᠵᠠᠯᠠᠷᠠᠭᠤᠯᠵᠤ᠂ ᠠᠵᠢᠯ ᠬᠢᠵᠦ ᠦᠢᠯᠡᠰ ᠪᠤᠰᠬᠠᠬᠤ᠂ ᠠᠷᠢᠭᠤᠨ ᠴᠢᠬᠡᠴᠢ ᠪᠣᠳᠠᠲᠠᠢ ᠶᠢ ᠡᠷᠬᠢᠮᠯᠡᠬᠦ ᠰᠢᠨ᠎ᠡ ᠰᠤᠷᠲᠠᠯ ᠲᠥᠪ ᠰᠤᠷᠲᠠᠯ ᠢᠶᠠᠷ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠤᠷᠳᠤ ᠬᠤᠭᠤᠴᠠᠭ᠎ᠠ ᠪᠠᠷ ᠦᠢᠯᠡᠳᠦᠯᠭᠡᠵᠢᠭᠦᠯᠵᠦ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠶᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠤᠷᠳᠤ ᠬᠤᠭᠤᠴᠠᠭ᠎ᠠ ᠪᠠᠷ ᠴᠢᠩᠭᠠᠳᠬᠠᠵᠤ᠂ ᠬᠢᠨᠠᠯᠲᠠ ᠲᠠᠯᠪᠢᠵᠤ ᠵᠠᠰᠠᠬᠤ ᠦᠷ᠎ᠡ ᠪᠦᠲᠦᠮᠵᠢ ᠶᠢ ᠡᠷᠡᠰ ᠭᠤᠶᠢᠪᠢᠰᠢ ᠦᠭᠡᠢ ᠳᠡᠭᠡᠭᠰᠢᠯᠡᠭᠦᠯᠬᠦ ᠬᠡᠷᠡᠭᠲᠡᠢ᠃ ᠥᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠬᠠᠮᠰᠠᠷ ᠠᠴᠠ ᠪᠠᠨ ᠬᠠᠮᠤᠭ ᠤᠨ ᠴᠢᠩᠭ᠎ᠠ ᠬᠢᠵᠠᠭᠠᠷᠯᠠᠯ ᠪᠠ ᠬᠢᠨᠠᠯᠲᠠ ᠶᠢ ᠬᠦᠯᠢᠶᠡᠵᠦ᠂ ︽ᠤᠯᠠᠨ ᠢ ᠲᠦᠢᠳᠦᠭᠴᠢ ᠮᠣᠷᠢ︾ ᠶᠢ ᠡᠷᠡᠰ ᠴᠡᠪᠡᠷᠯᠡᠵᠦ᠂ ︽ᠳ᠋ᠧᠩ ᠤᠨ ᠳᠣᠣᠷ᠎ᠠ ᠬᠠᠷᠠᠩᠭᠤᠢ︾ ᠪᠣᠯᠬᠤ ᠶᠢ ᠡᠷᠡᠰ ᠰᠡᠷᠭᠡᠶᠢᠯᠡᠵᠦ᠂ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠲᠤᠰᠬᠠᠶᠢᠵᠢᠭᠰᠠᠨ ᠴᠢᠳᠠᠪᠤᠷᠢ ᠪᠠᠷ ᠴᠢᠩᠭ᠎ᠠ᠂ ᠵᠣᠷᠢᠭᠲᠠᠢ ᠪᠠᠷ ᠲᠡᠮᠡᠴᠡᠬᠦ ᠳᠡᠭᠡᠨ ᠴᠢᠳᠠᠮᠠᠭᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠨᠢᠭᠡᠨ ᠰᠠᠯᠠᠭ᠎ᠠ ᠲᠡᠮᠦᠷ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ᠃      ᠬᠤᠷᠠᠯ ᠨᠢ ᠸᠢᠳᠢᠣ᠋ ᠶᠢᠨ ᠬᠡᠯᠪᠡᠷᠢ ᠪᠠᠷ ᠬᠤᠷᠠᠯᠳᠤᠵᠤ᠂ ᠡᠯ᠎ᠡ ᠰᠢᠶᠠᠩ ᠪᠠᠯᠭᠠᠰᠤ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号